ᠥᠪᠥᠷ ᠮᠣᠩᠭᠤᠯ ᠤᠨ ᠠᠯᠪᠠᠲᠠᠨ ᠤ ᠰᠢᠯᠭᠠᠯᠲᠠ ᠶᠢᠨ ᠲᠤᠬᠠᠢ ᠬᠠᠮᠤᠭ ᠤᠨ ᠰᠢᠨ᠎ᠡ ᠠᠯᠪᠠᠨ ᠵᠠᠷ
ᠨᠡᠶᠢᠲᠡᠯᠡᠭᠰᠡᠨ ᠴᠠᠭ᠄
2025/5/23

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠲᠠᠨ ᠤ ᠲᠣᠪᠴᠢᠶ᠎ᠠ ᠶᠢᠨ ᠣᠶᠢᠷ᠎ᠠ ᠳᠤ ᠨᠡᠶᠢᠲᠡᠯᠡᠭᠰᠡᠨ ᠮᠡᠳᠡᠭᠡ ᠶᠢ ᠦᠨᠳᠦᠰᠦᠯᠡᠪᠡᠯ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠣᠯᠠᠨ ᠲᠦᠮᠡᠨ ᠤ ᠪᠦᠯᠬᠦᠮ ᠤᠨ ᠪᠠᠶᠢᠭᠤᠯᠭ᠎ᠠ ︵ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠬᠤ ᠨᠢᠭᠡᠴᠢ ︶ ᠶᠢᠨ 2025 ᠣᠨ ᠤ ᠠᠯᠪᠠᠲᠠᠨ ᠡᠯᠰᠡᠬᠦ ᠨᠢᠭᠤᠷᠲᠠᠨ ᠰᠢᠯᠭᠠᠬᠤ ᠰᠢᠯᠭᠠᠯᠲᠠ 5 ᠳ᠋ᠤᠭᠠᠷ ᠰᠠᠷ᠎ᠠ ᠶᠢᠨ 24 ᠤ ᠡᠳᠦᠷ ᠠᠴᠠ ᠡᠬᠢᠯᠡᠨ᠎ᠡ᠃ ᠰᠢᠯᠭᠠᠭᠤᠯᠤᠭᠰᠠᠳ 5 ᠳ᠋ᠤᠭᠠᠷ ᠰᠠᠷ᠎ᠠ ᠶᠢᠨ 22 ᠤᠨ ᠡᠳᠦᠷ ᠤᠨ 18᠄ 00 ᠴᠠᠭ ᠠᠴᠠ ᠡᠬᠢᠯᠡᠨ ᠨᠡᠷ᠎ᠡ ᠮᠡᠳᠡᠭᠦᠯᠦᠭᠰᠡᠨ ᠰᠦᠯᠵᠢᠶᠡᠨ ᠳᠤ ᠪᠠᠨ ᠭᠠᠷᠴᠤ ︽ᠨᠢᠭᠤᠷᠲᠠᠨ ᠰᠢᠯᠭᠠᠬᠤ ᠰᠢᠯᠭᠠᠯᠲᠠ ᠶᠢᠨ ᠮᠡᠳᠡᠭᠳᠡᠯ ᠤᠨ ᠪᠢᠴᠢᠭ︾ ᠢ ᠥᠪᠡᠷ ᠢᠶᠠᠨ ᠪᠠᠭᠤᠯᠭᠠᠨ ᠳᠠᠷᠤᠮᠠᠯᠯᠠᠵᠤ ᠠᠪᠤᠭᠠᠷᠠᠢ ᠃


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ