ᠤᠯᠤᠰ ᠤᠨ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠭᠰᠡᠨ ︽ᠥᠪᠥᠷ ᠮᠣᠩᠭᠤᠯ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠠᠮᠵᠢᠯᠴᠠᠨ ᠬᠥᠭᠵᠢᠬᠦ ᠬᠢᠭᠡᠳ ᠣᠷᠳᠣᠰ ᠤᠨ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶᠡᠨ ᠤ ᠶᠡᠭᠡ ᠬᠤᠷᠠᠯ︾ ᠢ 5 ᠳ᠋ᠤᠭᠠᠷ ᠰᠠᠷ᠎ᠠ ᠶᠢᠨ 22 ᠤᠨ ᠡᠳᠦᠷ ᠣᠷᠳᠣᠰ ᠬᠤᠲᠠ ᠶᠢᠨ ᠳ᠋ᠦᠩᠱᠧᠩ ᠲᠣᠭᠤᠷᠢᠭ ᠲᠤ ᠦᠪᠡᠳᠡᠭᠰᠢ ᠶᠡᠭᠡ ᠪᠠᠷ ᠬᠤᠷᠠᠯᠳᠤᠭᠤᠯᠪᠠ᠃ ᠶᠡᠭᠡ ᠬᠤᠷᠠᠯ ᠨᠢ ︽ᠪᠣᠬᠢᠷᠲᠤᠯ ᠦᠭᠡᠢ ᠪᠠᠷ ᠬᠥᠲᠥᠯᠥᠨ ᠳᠠᠭᠠᠭᠤᠯᠵᠤ ᠬᠡᠯᠬᠢᠶ᠎ᠡ ᠪᠠᠷ ᠢᠷᠡᠭᠡᠳᠦᠢ ᠶᠢ ᠬᠤᠯᠪᠣᠬᠤ︾ ᠪᠠᠷ ᠭᠤᠣᠯ ᠰᠡᠳᠦᠪ ᠪᠣᠯᠭᠠᠵᠤ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠠᠵᠢᠯ ᠲᠦᠷᠦᠯ ᠤᠨ ᠲᠤᠰᠬᠠᠢ ᠮᠡᠷᠭᠡᠵᠢᠯᠲᠡᠳ᠂ ᠠᠵᠤ ᠠᠬᠤᠶᠢᠯᠠᠯ ᠤᠨ ᠲᠥᠯᠥᠭᠡᠯᠡᠭᠴᠢ ᠶᠢ ᠵᠠᠯᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠢ ᠬᠠᠮᠵᠢᠯᠴᠠᠨ ᠬᠥᠭᠵᠢᠭᠦᠯᠬᠦ ᠶᠡᠭᠡ ᠪᠤᠳᠤᠯᠭ᠎ᠠ ᠶᠢ ᠬᠠᠮᠲᠤ ᠪᠠᠷ ᠵᠥᠪᠯᠡᠵᠦ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶᠡᠨ᠋ ᠤ ᠬᠠᠮᠲᠤᠷᠠᠯᠴᠠᠭᠠᠨ ᠤ ᠰᠢᠨ᠎ᠡ ᠵᠢᠷᠤᠭ ᠲᠥᠯᠥᠪᠯᠡᠭᠡ ᠶᠢ ᠬᠠᠮᠲᠤ ᠪᠠᠷ ᠵᠢᠷᠤᠭᠯᠠᠪᠠ᠃ ᠣᠷᠳᠣᠰ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠹᠧᠩ ᠶᠦᠨ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠬᠤ᠋ ᠷᠦᠢ ᠹᠧᠨ ᠶᠡᠭᠡ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠶ᠃
ᠶᠡᠭᠡ ᠬᠤᠷᠠᠯ ᠨᠢ ᠠᠵᠤ ᠦᠢᠯᠡᠰ ᠤᠨ ᠬᠠᠮᠵᠢᠯᠴᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢ ᠬᠠᠮᠲᠤ ᠪᠠᠷ ᠰᠦᠪᠡᠭᠴᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠤᠳ ᠲᠤ ᠤᠯᠠᠮᠵᠢᠯᠠᠯᠲᠤ ᠡᠨᠧᠷᠭᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠢᠳᠡᠪᠬᠢᠲᠡᠶ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ ᠵᠢᠴᠢ ᠢᠵᠢ ᠪᠥᠷᠢᠳᠦᠭᠦᠯᠬᠦ ᠠᠵᠤ ᠦᠢᠯᠡᠰ ᠢ ᠶᠡᠭᠡ ᠪᠠᠷ ᠬᠥᠭᠵᠢᠭᠦᠯᠪᠡ᠃ ᠲᠣᠰ ᠤᠳᠠᠭᠠᠨ ᠤ ᠶᠡᠭᠡ ᠬᠤᠷᠠᠯ ᠨᠢ ᠪᠥᠬᠦ ᠣᠷᠣᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶᠡᠨ ᠤ ᠬᠠᠮᠵᠢᠯᠴᠠᠭ᠎ᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠨᠡ ᠬᠦ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ᠂ ᠡᠬᠢ ᠪᠠᠶᠠᠯᠢᠭ ᠢ ᠨᠡᠶᠢᠳᠬᠡᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶᠡᠨ ᠤ ᠳᠡᠭᠡᠳᠦ ᠳᠣᠤᠷᠠᠳᠤ ᠬᠡᠯᠬᠢᠶ᠎ᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠠᠵᠤ ᠦᠢᠯᠡᠰ ᠤᠨ ᠪᠦᠬᠦᠯᠢ ᠴᠣᠭᠴᠠ ᠶᠢᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠮᠠᠨ ᠤ ᠣᠷᠣᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠳᠠᠬᠢᠨᠲᠠ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠠᠷ ᠵᠣᠷᠢᠯᠭ᠎ᠠ ᠪᠠᠨ ᠪᠣᠯᠭᠠᠪᠠ᠃
ᠬᠤᠷᠠᠯ ᠳᠡᠭᠡᠷ᠎ᠡ᠂ ᠣᠷᠳᠣᠰ ᠬᠤᠲᠠ ᠶᠢᠨ ᠬᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠨᠡᠶᠢᠲᠡᠯᠡᠪᠡ᠂ ᠣᠷᠳᠣᠰ ᠬᠤᠲᠠ ᠶᠢᠨ ᠤᠳᠤᠷᠢᠳᠤᠯᠭ᠎ᠠ ᠢᠯᠡᠷᠬᠡᠶᠢᠯᠡᠬᠦ ᠳᠤ ᠪᠠᠨ᠂ ᠣᠷᠳᠣᠰ ᠬᠤᠲᠠ ᠶᠠᠭ ᠳᠡᠯᠡᠬᠡᠶ ᠶᠢᠨ ᠲᠠᠰ ᠤᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠢ ᠲᠦᠷᠭᠡᠳᠬᠡᠨ ᠪᠣᠶ ᠪᠣᠯᠭᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶᠡᠨ ᠤ ᠬᠠᠮᠵᠢᠯᠴᠠᠨ ᠬᠠᠮᠲᠤᠷᠠᠯᠴᠠᠬᠤ ᠪᠠᠨ ᠠᠬᠢᠭᠤᠯᠬᠤ ᠶᠢ ᠪᠥᠬᠦ ᠬᠤᠲᠠ ᠶᠢᠨ ᠦᠢᠯᠡᠳᠬᠦ ᠦᠢᠯᠡᠰ ᠤᠨ ᠲᠠᠰ ᠳᠡᠪᠰᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠠ ᠰᠢᠪᠲᠤᠯᠤᠯᠲᠠ ᠶᠢᠨ ᠴᠡᠭ ᠪᠣᠯᠭᠠᠵᠤ᠂ ᠮᠠᠰᠢᠨ ᠲᠡᠷᠭᠡᠨ ᠤ ᠠᠵᠤ ᠦᠢᠯᠡᠰ ᠤᠨ ᠪᠦᠯᠦᠭᠵᠢᠨ ᠬᠥᠭᠵᠢᠬᠦ᠂ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ᠂ ᠣᠶᠣᠨᠴᠢᠯᠠᠭᠰᠠᠨ ᠵᠢᠱᠢᠶ᠎ᠡ ᠦᠵᠡᠭᠦᠯᠬᠦ ᠭᠤᠷᠪᠠᠨ ᠠᠵᠤ ᠦᠢᠯᠡᠳᠪᠦᠷᠢᠵᠢᠯᠲᠡ ᠶᠢᠨ ᠠᠭᠤᠰᠤᠯᠴᠠᠯ ᠢ ᠴᠢᠷᠮᠠᠶᠢᠨ ᠪᠡᠶᠡᠯᠡᠭᠦᠯᠵᠦ᠂ ᠠᠬᠤᠶ ᠪᠠᠶᠢᠳᠠᠯ ᠤᠨ ᠬᠡᠷᠡᠭᠯᠡᠯᠲᠡ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠰᠢᠨ᠎ᠡ ᠡᠭᠦᠳᠦᠯᠲᠡ ᠶᠢᠨ ᠬᠥᠲᠥᠯᠦᠨ ᠳᠠᠭᠠᠭᠤᠯᠭ᠎ᠠ᠂ ᠣᠷᠴᠢᠨ ᠨᠦᠬᠦᠴᠡᠯ ᠤᠨ ᠪᠠᠲᠤᠯᠠᠭ᠎ᠠ ᠵᠡᠷᠭᠡ ᠳᠥᠷᠪᠡᠨ ᠬᠦᠷᠳᠦ ᠪᠠᠷ ᠬᠥᠳᠡᠯᠭᠡᠭᠦᠷ ᠪᠣᠯᠭᠠᠬᠤ ᠶᠢ ᠬᠦᠴᠦᠯᠡᠨ ᠴᠢᠩᠭᠠᠷᠠᠭᠤᠯᠵᠤ᠂ ᠴᠢ ᠷᠦᠢ᠂ ᠰᠢᠶᠠᠮᠧᠨ ᠶᠢᠨ ᠯᠦᠩ᠂ ᠳ᠋ᠦᠩ ᠹᠧᠩ ᠯᠢᠦ ᠴᠢ ᠵᠡᠷᠭᠡ ᠬᠥᠲᠥᠴᠢ ᠠᠵᠤ ᠠᠬᠤᠶᠢᠯᠠᠯ ᠤᠨ ᠪᠥᠭᠡᠮᠨᠡᠷᠡᠯ ᠤᠨ ᠦᠢᠯᠡᠳᠦᠯ ᠢ ᠭᠦᠢᠴᠡᠳ ᠠᠰᠢᠭᠯᠠᠨ᠂ ᠪᠥᠬᠦ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶᠡᠨ ᠤ ᠴᠢᠨᠠᠷ ᠰᠠᠶᠢᠲᠠᠶ ᠢᠵᠢ ᠪᠥᠷᠢᠳᠦᠭᠰᠡᠨ ᠠᠵᠤ ᠠᠬᠤᠶᠢᠯᠠᠯ ᠢ ᠲᠡᠳᠡᠨ ᠠᠪᠴᠢᠷᠠᠵᠤ᠂ ᠣᠷᠳᠣᠰ ᠤᠨ ᠮᠠᠰᠢᠨ ᠲᠡᠷᠭᠡᠨ ᠤ ᠠᠵᠤ ᠦᠢᠯᠡᠰ ᠤᠨ ᠪᠣᠬᠢᠷᠲᠤᠯ ᠥᠬᠡᠶ ᠤᠶᠤᠨᠴᠢᠯᠠᠨ ᠲᠠᠰ ᠳᠡᠪᠰᠢᠬᠦ ᠶᠢ ᠪᠥᠬᠦ ᠲᠠᠯ᠎ᠠ ᠪᠠᠷ ᠠᠬᠢᠭᠤᠯᠬᠤ ᠪᠣᠯᠣᠨ᠎ᠠ ᠭᠡᠵᠡᠶ᠃
ᠲᠣᠰ ᠬᠤᠭᠤᠴᠠᠭᠠᠨ ᠤ ᠶᠡᠭᠡ ᠬᠤᠷᠠᠯ ᠢᠶᠠᠷ ᠮᠠᠰᠢᠨ ᠲᠡᠷᠭᠡᠨ ᠤ ᠪᠦᠬᠦᠯᠢ ᠮᠠᠰᠢᠨ ᠦᠢᠯᠡᠳᠬᠦ᠂ ᠡᠯᠧᠺᠲᠷᠣᠨ ᠡᠵᠡᠮᠳᠡᠯ ᠤᠨ ᠰᠢᠰᠲ᠋ᠧᠮ᠂ ᠰᠢᠨ᠎ᠡ ᠡᠨᠧᠷᠭᠢ ᠶᠢᠨ ᠴᠡᠨᠡᠭ ᠵᠡᠷᠭᠡ ᠭᠤᠣᠯᠯᠠᠬᠤ ᠢᠵᠢ ᠪᠥᠷᠢᠳᠦᠭᠰᠡᠨ ᠵᠠᠭᠤ ᠭᠠᠷᠤᠶ ᠠᠵᠤ ᠠᠬᠤᠶᠢᠯᠠᠯ ᠢ ᠴᠤᠭᠯᠠᠷᠠᠭᠤᠯᠤᠭᠰᠠᠨ ᠪᠦᠭᠡᠳ ᠡᠨᠧᠷᠭᠢ᠂ ᠪᠠᠷᠠᠭᠠᠨ ᠤ ᠭᠦᠢᠯᠭᠡᠭᠡ ᠵᠡᠷᠭᠡ ᠳᠣᠤᠷᠠᠳᠤ ᠬᠡᠯᠬᠢᠶᠡᠨ ᠤ 50 ᠭᠠᠷᠤᠶ ᠬᠡᠷᠡᠭᠯᠡᠭᠴᠢ ᠠᠵᠤ ᠠᠬᠤᠶᠢᠯᠠᠯ ᠵᠢᠴᠢ ᠳᠤᠮᠳᠠᠳᠤ ᠤᠯᠤᠰ ᠤᠨ ᠮᠠᠰᠢᠨ ᠲᠡᠷᠭᠡᠨ ᠤ ᠨᠡᠶᠢᠭᠡᠮᠯᠢᠭ ᠵᠡᠷᠭᠡ ᠠᠵᠢᠯ ᠲᠥᠷᠥᠯ ᠤᠨ ᠲᠤᠰᠬᠠᠶ ᠮᠡᠷᠭᠡᠵᠢᠯᠲᠡᠳ ᠢ ᠤᠷᠢᠵᠤ᠂ ᠠᠵᠢᠯ ᠲᠥᠷᠥᠯ ᠤᠨ ᠬᠥᠭᠵᠢᠯᠲᠡ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠠᠵᠤ ᠦᠢᠯᠡᠰ ᠤᠨ ᠳᠡᠭᠡᠳᠦ ᠳᠣᠤᠷᠠᠳᠤ ᠬᠡᠯᠬᠢᠶᠡᠨ ᠤ ᠬᠡᠷᠡᠭᠴᠡᠭᠡ ᠵᠡᠷᠭᠡ ᠠᠭᠤᠯᠭ᠎ᠠ ᠶᠢᠨ ᠲᠣᠭᠤᠷᠢᠨ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠲᠠᠰ ᠢ ᠳᠡᠪᠰᠢᠭᠦᠯᠬᠦ ᠰᠢᠨ᠎ᠡ ᠰᠡᠳᠬᠢᠮᠵᠢ᠂ ᠰᠢᠨ᠎ᠡ ᠠᠵᠠ ᠲᠣᠬᠢᠶᠠᠯ ᠪᠠ ᠰᠢᠨ᠎ᠡ ᠵᠠᠭᠪᠤᠷ ᠢ ᠬᠠᠮᠲᠤ ᠪᠠᠷ ᠬᠠᠶᠢᠨ ᠰᠦᠪᠡᠭᠴᠢᠯᠡᠵᠦ᠂ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ᠂ ᠢᠷᠡᠭᠡᠳᠦᠶ ᠶᠢᠨ ᠬᠥᠭᠵᠢᠯᠲᠡ ᠳᠤ ᠳᠠᠪᠠᠭᠤᠯᠢᠭ ᠤᠷᠤᠯᠳᠤᠭᠠᠨ ᠤ ᠵᠠᠮ ᠢ ᠵᠠᠪᠳᠤᠨ ᠡᠵᠡᠯᠡᠬᠦ ᠳᠤ ᠰᠢᠨ᠎ᠡ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃
ᠲᠤᠰ ᠬᠤᠷᠠᠯ ᠤᠨ ᠬᠤᠭᠤᠴᠠᠭᠠᠨ ᠳᠤ᠂ ᠣᠷᠳᠣᠰ ᠬᠤᠲᠠ ᠨᠢ ᠣᠯᠠᠨ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠤᠳ ᠯᠤᠭ᠎ᠠ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠂ ᠡᠭᠦᠨ ᠳᠤ ᠴᠡᠨᠡᠭ ᠦᠢᠯᠡᠳᠬᠦ ᠮᠠᠲ᠋ᠧᠷᠢᠶᠠᠯ᠂ ᠴᠠᠬᠢᠯᠭᠠᠨ ᠬᠥᠳᠡᠯᠭᠡᠭᠦᠷ ᠤᠨ ᠰᠢᠰᠲ᠋ᠧᠮ᠂ ᠣᠶᠤᠨᠴᠢ ᠰᠦᠯᠵᠢᠶᠡᠨ ᠤ ᠬᠤᠯᠪᠤᠭ᠎ᠠ᠂ ᠴᠠᠬᠢᠯᠭᠠᠨ ᠰᠣᠯᠪᠢᠬᠤ ᠰᠠᠭᠤᠷᠢ ᠪᠡᠯᠡᠳᠬᠡᠮᠵᠢ ᠵᠡᠷᠭᠡ ᠬᠦᠷᠢᠶᠡᠨ ᠳᠠᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶᠡᠨ ᠤ 11 ᠠᠵᠤ ᠠᠬᠤᠶᠢᠯᠠᠯ ᠯᠤᠭ᠎ᠠ ᠲᠤᠬᠠᠶ ᠶᠢᠨ ᠲᠠᠯᠠᠪᠤᠷ ᠲᠤ ᠭᠡᠷ᠎ᠡ ᠲᠣᠭᠲᠠᠵᠤ᠂ ᠲᠤᠬᠠᠶ ᠶᠢᠨ ᠭᠠᠵᠠᠷ ᠤᠨ ᠠᠵᠤ ᠦᠢᠯᠡᠰ ᠤᠨ ᠬᠡᠯᠬᠢᠶᠡᠨ ᠤ ᠵᠠᠩᠭᠢᠯᠠᠭ᠎ᠠ ᠪᠣᠯᠬᠤ ᠭᠤᠭᠴᠤᠭ᠎ᠠ ᠶᠢ ᠤᠯᠠᠮ ᠨᠢᠭᠡ ᠠᠯᠬᠤᠮ ᠨᠥᠬᠦᠪᠥᠷᠢᠯᠡᠨ ᠴᠢᠩᠭᠠᠳᠬᠠᠵᠤ᠂ ᠣᠷᠣᠨ ᠪᠦᠰᠡ ᠶᠢᠨ ᠠᠵᠤ ᠦᠢᠯᠡᠰ ᠤᠨ ᠬᠠᠮᠵᠢᠯᠴᠠᠬᠤ ᠴᠢᠳᠠᠪᠤᠷᠢ ᠶᠢ ᠳᠡᠭᠡᠭᠰᠢᠯᠡᠭᠦᠯᠬᠦ ᠪᠣᠯᠤᠨ᠎ᠠ᠃ ᠡᠭᠦᠨ ᠠᠴᠠ ᠭᠠᠳᠠᠨ᠎ᠠ᠂ ᠶᠡᠭᠡ ᠬᠤᠷᠠᠯ ᠠᠴᠠ ᠪᠠᠰᠠ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠦᠷᠢᠶᠡᠨ ᠳᠠᠬᠢ ᠢᠳᠡᠪᠬᠢᠲᠡᠶ ᠬᠠᠶᠢᠨ ᠰᠥᠪᠡᠭᠴᠢᠯᠡᠯᠲᠡ ᠪᠠ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠬᠤᠲᠠ ᠶᠢᠨ ᠪᠣᠬᠢᠷᠲᠤᠯ ᠥᠬᠡᠶ ᠬᠥᠭᠵᠢᠯᠲᠡ ᠪᠠ ᠮᠠᠰᠢᠨ ᠲᠡᠷᠭᠡᠨ ᠤ ᠠᠵᠤ ᠦᠢᠯᠡᠰ ᠤᠨ ᠦᠷᠭᠦᠯᠵᠢᠯᠡᠬᠦᠶᠢᠴᠡ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃
ᠲᠣᠰ ᠤᠳᠠᠭᠠᠨ ᠤ ᠶᠡᠭᠡ ᠬᠤᠷᠠᠯ ᠢ ᠠᠮᠵᠢᠯᠲᠠ ᠲᠠᠢ ᠡᠷᠬᠢᠯᠡᠭᠰᠡᠨ ᠶᠠᠪᠤᠳᠠᠯ ᠨᠢ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠬᠠᠮᠵᠢᠯᠴᠠᠨ ᠬᠥᠭᠵᠢᠬᠦ ᠰᠢᠨ᠎ᠡ ᠱᠠᠲᠤᠨ ᠳᠤ ᠪᠠᠨ ᠤᠷᠤᠭᠰᠠᠨ ᠢ ᠬᠠᠷᠠᠭᠤᠯᠵᠤ᠂ ᠥᠪᠥᠷ ᠮᠣᠩᠭᠤᠯ ᠤᠨ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶᠡᠨ ᠤ ᠪᠣᠬᠢᠷᠲᠤᠯ ᠥᠬᠡᠶ᠂ ᠣᠶᠣᠨᠴᠢᠯᠠᠨ ᠲᠠᠰ ᠳᠡᠪᠰᠢᠬᠦ ᠶᠢ ᠳᠥᠯᠭᠢᠨ ᠠᠬᠢᠭᠤᠯᠬᠤ᠂ ᠠᠵᠤ ᠦᠢᠯᠡᠰ ᠤᠨ ᠪᠥᠭᠡᠮᠨᠡᠷᠡᠯ ᠪᠠ ᠮᠡᠷᠭᠡᠵᠢᠯ ᠤᠨ ᠰᠢᠨ᠎ᠡ ᠡᠭᠦᠳᠦᠯᠲᠡ ᠶᠢ ᠲᠦᠷᠭᠡᠳᠬᠡᠨ ᠠᠬᠢᠭᠤᠯᠬᠤ᠂ ᠠᠵᠤ ᠦᠢᠯᠡᠰ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠣᠰ ᠤᠳᠠᠭᠠᠨ ᠤ ᠶᠡᠭᠡ ᠬᠤᠷᠠᠯ ᠢ ᠬᠤᠷᠠᠯᠳᠤᠭᠤᠯᠤᠭᠰᠠᠨ ᠢᠶᠠᠷ ᠣᠷᠳᠣᠰ ᠬᠤᠲᠠ ᠡᠨᠡ ᠬᠦ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠥᠬᠦ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠪᠣᠬᠢᠷᠲᠤᠯ ᠥᠬᠡᠶ ᠳᠣᠣᠷ᠎ᠠ ᠨᠡᠭᠦᠷᠡᠰᠦᠲᠥ᠋ᠷᠥᠭᠴᠢᠲᠦ ᠲᠡᠶᠢᠰᠢ ᠬᠡᠯᠪᠡᠷᠢ ᠪᠠᠨ ᠬᠤᠪᠢᠷᠠᠭᠤᠯᠬᠤ ᠳᠤ ︽ᠥᠪᠥᠷ ᠮᠣᠩᠭᠤᠯ ᠤᠨ ᠲᠥᠰᠦᠯ︾ ᠤᠨ ᠬᠤᠪᠢ ᠨᠡᠮᠡᠷᠢ ᠦᠵᠡᠭᠦᠯᠬᠦ ᠪᠣᠯᠣᠨ᠎ᠠ᠃