︽ᠲᠡᠦᠬᠡ ᠶᠢᠨ ᠬᠠᠷᠠᠭᠠᠰᠤ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠶᠢ ᠴᠥᠮ ᠪᠣᠳᠠᠲᠠᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ︾ — ᠶᠡᠷᠦᠩᠬᠡᠢ ᠱᠦᠵᠢ ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠭᠰᠠᠨ ᠲᠤᠬᠠᠢ ᠪᠣᠳᠠᠲᠤ ᠲᠡᠮᠳᠡᠭᠯᠡᠯ ︵ᠬᠤᠶᠠᠷ︶
ᠨᠡᠶᠢᠲᠡᠯᠡᠭᠰᠡᠨ ᠴᠠᠭ᠄
2025/5/23

  ᠲᠠᠪᠤ ᠲᠠᠪᠤᠨ ᠵᠢᠯ ᠤᠨ ᠦᠷᠭᠦᠯᠵᠢᠯᠡᠯ

  ︽ᠢᠲᠡᠭᠡᠯ ᠵᠣᠷᠢᠭ ᠢᠶᠠᠨ ᠪᠠᠲᠤᠳᠬᠠᠵᠤ᠂ ᠥᠪᠡᠷ ᠤᠨ ᠢᠶᠠᠨ ᠠᠵᠢᠯ ᠶᠠᠪᠤᠳᠠᠯ ᠢᠶᠠᠨ ᠭᠤᠶᠢᠪᠢᠰᠢ ᠦᠭᠡᠢ ᠰᠠᠶᠢᠲᠤᠷ ᠬᠢᠬᠦ ᠬᠡᠷᠡᠭᠲᠡᠢ︾

  20 ᠤ ᠡᠳᠦᠷ ᠤᠨ ᠦᠳᠡ ᠶᠢᠨ ᠡᠮᠦᠨᠡᠬᠢ ᠾᠧᠨᠠᠨ ᠮᠤᠵᠢ ᠶᠢᠨ ᠨᠠᠮ ᠤᠨ ᠬᠤᠷᠢᠶ᠎ᠠ ᠪᠠ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠲᠠᠪᠤᠨ ᠵᠢᠯ ᠤᠨ ᠲᠥᠯᠦᠪᠵᠢᠭᠦᠯᠭᠡ ᠶᠢᠨ ᠲᠤᠬᠠᠢ ᠶᠠᠷᠢᠬᠤ ᠳᠤ ᠪᠠᠨ᠄ ︽ᠡᠨᠡ ᠨᠢ ᠦᠨᠡᠨ ᠳᠤ ᠪᠠᠨ ᠳᠤᠮᠳᠠᠳᠤ ᠤᠯᠤᠰ ᠤᠨ ᠨᠢᠭᠡᠨ ᠣᠨᠴᠠᠯᠢᠭ ᠶᠤᠮ᠃ ᠪᠢᠳᠡ ᠪᠠᠶᠢᠴᠠᠭᠠᠨ ᠰᠤᠳᠤᠯᠤᠭᠰᠠᠨ ᠤ ᠰᠠᠭᠤᠷᠢᠨ ᠳᠡᠭᠡᠷ᠎ᠡ ᠠᠷᠠᠳ ᠤᠨ ᠰᠠᠨᠠᠭ᠎ᠠ ᠶᠢ ᠭᠦᠢᠴᠡᠳ ᠬᠦᠨᠳᠦᠳᠬᠡᠭᠰᠡᠨ ᠪᠥᠭᠡᠳ ᠪᠣᠳᠠᠲᠤ ᠪᠠᠶᠢᠳᠠᠯ ᠳᠤ ᠨᠡᠶᠢᠴᠡᠭᠰᠡᠨ ᠪᠦᠬᠦ ᠲᠠᠯ᠎ᠠ ᠶᠢᠨ ᠰᠢᠰᠲ᠋ᠧᠮ ᠲᠠᠢ ᠲᠥᠯᠦᠪᠵᠢᠭᠦᠯᠭᠡ ᠶᠢ ᠳᠤᠷᠠᠳᠤᠭᠰᠠᠨ ᠢᠶᠠᠷ ᠦᠯᠦ ᠪᠠᠷᠠᠮ ᠮᠠᠰᠢ ᠬᠦᠴᠦᠲᠡᠢ ᠬᠡᠷᠡᠭᠵᠢᠭᠦᠯᠬᠦ ᠬᠦᠴᠦᠨ ᠢᠶᠠᠷ ᠡᠳᠡᠭᠡᠷ ᠲᠥᠯᠦᠪᠵᠢᠭᠦᠯᠭᠡ ᠶᠢ ᠨᠠᠶᠢᠳᠠᠪᠤᠷᠢᠵᠢᠭᠤᠯᠵᠤ ᠪᠠᠶᠢᠨ᠎ᠠ︾ ᠭᠡᠵᠡᠢ᠃

  ︽ᠨᠠᠮ ᠤᠨ ᠲᠥᠪ ᠬᠤᠷᠢᠶᠠᠨ ᠤ ᠶᠡᠷᠦᠩᠬᠡᠢ ᠵᠢᠯᠣᠭᠤᠳᠤᠯᠭ᠎ᠠ ᠶᠢᠨ ᠶᠡᠭᠡ ᠪᠠᠶᠢᠳᠠᠯ ᠳᠣᠣᠷ᠎ᠠ᠂ ᠡᠯ᠎ᠡ ᠭᠠᠵᠠᠷ ᠣᠷᠣᠨ ᠤ ᠬᠢᠨ ᠪᠤᠰᠤᠳ ᠢ ᠳᠠᠭᠠᠬᠤ ᠪᠠ ᠳᠥᠭᠦᠮᠬᠡᠨ ᠢᠶᠠᠷ ᠳᠠᠭᠤᠷᠢᠶᠠᠵᠤ ᠪᠣᠯᠬᠤ ᠦᠭᠡᠢ᠂ ᠥᠪᠡᠷ ᠤᠨ ᠢᠶᠠᠨ ᠳᠠᠪᠠᠭᠤᠯᠢᠭ ᠨᠢ ᠬᠠᠮᠢᠭ᠎ᠠ ᠪᠠᠶᠢᠬᠤ᠂ ᠬᠡᠷᠬᠢᠨ ᠳᠠᠪᠠᠭᠤᠯᠢᠭ ᠢ ᠨᠢ ᠠᠪᠴᠤ ᠳᠤᠲᠠᠭᠳᠠᠯ ᠢᠶᠠᠨ ᠨᠥᠬᠦᠬᠦ᠂ ᠬᠡᠷᠬᠢᠨ ᠰᠠᠶᠢᠨ ᠢᠶᠠᠨ ᠪᠠᠳᠠᠷᠠᠭᠤᠯᠤᠨ ᠰᠢᠭᠠᠷᠤ ᠪᠠᠨ ᠲᠡᠪᠴᠢᠬᠦ ᠶᠢ ᠪᠣᠳᠣᠬᠤ ᠬᠡᠷᠡᠭᠲᠡᠢ᠃︾ ᠶᠡᠷᠦᠩᠬᠡᠢ ᠱᠦᠵᠢ ᠰᠢ ᠶᠢᠨ ᠫᠢᠩ ᠠᠷᠭ᠎ᠠ ᠶᠢᠨ ᠤᠨᠤᠯ ᠤᠨ ᠲᠤᠬᠠᠢ ᠢᠩᠭᠢᠵᠦ ᠶᠠᠷᠢᠪᠠ᠃

  ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷᠡᠬᠢ ᠵᠠᠩᠭᠢᠯᠠᠭ᠎ᠠ ᠪᠣᠯᠬᠤ ᠬᠤᠶᠠᠷ ᠪᠠᠳᠠᠭ ᠦᠭᠡᠰ ᠨᠢ ᠪᠦᠬᠦ ᠲᠠᠯ᠎ᠠ ᠶᠢᠨ ᠪᠠ ᠣᠷᠣᠨ ᠪᠦᠰᠡ ᠶᠢᠨ ᠲᠠᠯ᠎ᠠ ᠪᠠᠷ ᠬᠢ ᠬᠤᠪᠢᠰᠤᠩᠭᠤᠢ ᠡᠵᠡᠮᠳᠡᠯ ᠢ ᠠᠮᠢᠳᠤᠯᠢᠭ ᠢᠶᠠᠷ ᠬᠠᠷᠠᠭᠤᠯᠵᠠᠢ᠃

  ᠵᠠᠩᠭᠢᠯᠠᠭ᠎ᠠ ᠪᠣᠯᠬᠤ ᠨᠢᠭᠡᠳᠦᠭᠡᠷ ᠪᠠᠳᠠᠭ ᠦᠭᠡᠰ ᠨᠢ ᠴᠢᠨᠠᠷ ᠰᠠᠶᠢᠲᠠᠢ ᠬᠥᠭᠵᠢᠯᠲᠡ ᠪᠣᠯᠣᠨ᠎ᠠ᠃ ᠣᠳᠣᠬᠠᠨ ᠤ ᠰᠠᠭᠠᠳ ᠲᠣᠳᠬᠠᠷ ᠢ ᠠᠷᠢᠯᠭᠠᠬᠤ ᠶᠢ ᠴᠢᠬᠤᠯᠠᠴᠢᠯᠠᠬᠤ ᠪᠠᠷ ᠪᠠᠷᠠᠬᠤ ᠦᠭᠡᠢ ᠪᠠᠰᠠ ᠠᠯᠤᠰ ᠬᠡᠳᠤ ᠶᠢᠨ ᠤᠶᠠᠨ ᠬᠠᠳᠠᠨ ᠴᠢᠨᠠᠷ ᠢᠶᠠᠨ ᠪᠠᠲᠤᠳᠬᠠᠬᠤ ᠶᠢ ᠠᠩᠬᠠᠷᠬᠤ ᠬᠡᠷᠡᠭᠲᠡᠢ᠃

  ︽ᠡᠨᠡ ᠵᠢᠯ ᠤᠨ ᠪᠤᠭᠤᠳᠠᠢ ᠶᠢᠨ ᠲᠠᠷᠢᠮᠠᠯ ᠤᠨ ᠲᠠᠯᠠᠪᠠᠶ ᠨᠢ ᠨᠡᠮᠡᠭᠳᠡᠭᠰᠡᠨ ᠦᠦ᠂ ᠲᠣᠭᠲᠠᠭᠤᠨ ᠦᠦ᠂ ᠪᠠᠭᠤᠷᠠᠭᠰᠠᠨ ᠦᠦ︖ ᠡᠨᠡ ᠤᠳᠠᠭ᠎ᠠ ᠶᠢᠨ ᠭᠠᠩ ᠤᠨ ᠪᠠᠶᠢᠳᠠᠯ ᠲᠠ ᠨᠠᠷ ᠤᠨ ᠬᠤᠷᠢᠶᠠᠯᠲᠠ ᠶᠢ ᠨᠥᠯᠥᠭᠡᠯᠡᠭᠰᠡᠨ ᠦᠦ ᠦᠭᠡᠢ ᠦᠦ︖︾ ᠡᠨᠡ ᠨᠢ ᠳᠤᠮᠳᠠᠳᠤ ᠤᠯᠤᠰ ᠤᠨ ᠪᠤᠳᠠᠭᠠᠨ ᠠᠶᠠᠭ᠎ᠠ ᠶᠢᠨ ᠲᠣᠭᠲᠠᠭᠤᠨ ᠤ ᠲᠤᠬᠠᠢ ᠪᠣᠳᠣᠯᠬᠢᠯᠠᠯ ᠪᠣᠯᠣᠨ᠎ᠠ᠃

  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠭᠰᠡᠨ ᠪᠠᠶᠢᠳᠠᠯ ᠤᠨ ᠲᠤᠬᠠᠢ ᠮᠤᠵᠢ ᠶᠢᠨ ᠬᠠᠷᠢᠭᠤ ᠮᠡᠳᠡᠭᠦᠯᠦᠯᠲᠡ ᠶᠢ ᠰᠣᠨᠣᠰᠤᠮᠠᠭᠴᠠ᠄ ︽ᠾᠧᠨᠠᠨ ᠤ ᠲᠤᠬᠠᠢ ᠶᠢᠨ ᠦᠶ᠎ᠡ ᠳᠠᠬᠢ ᠶᠠᠳᠠᠭᠤ ᠬᠦᠴᠢᠷᠳᠡᠯᠲᠡᠢ ᠬᠥᠮᠥᠨ ᠠᠮᠠ ᠬᠡᠳᠦᠢ ᠪᠠᠶᠢᠭᠰᠠᠨ ᠪᠤᠢ︖︾ ᠭᠡᠵᠦ ᠠᠰᠠᠭᠤᠪᠠ᠃ ᠡᠨᠡ ᠨᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠤᠬᠠᠢ ᠨᠠᠷᠢᠨ ᠵᠦᠢᠯᠡᠰ ᠢ ᠠᠩᠬᠠᠷᠴᠤ ᠪᠠᠶᠢᠭ᠎ᠠ ᠶᠠᠪᠤᠳᠠᠯ ᠪᠣᠯᠣᠨ᠎ᠠ᠃

  ︽ᠠᠮᠢ ᠠᠬᠤᠢ ᠶᠢ ᠬᠠᠮᠠᠭᠠᠯᠠᠬᠤ ᠨᠢ ᠴᠡᠴᠡᠭ ᠤᠨ ᠬᠦᠷᠢᠶᠡᠯᠡᠩ᠂ ᠴᠡᠴᠡᠷᠯᠢᠭ ᠪᠠᠶᠢᠭᠤᠯᠬᠤ ᠶᠢ ᠯᠠ ᠬᠡᠯᠡᠵᠦ ᠪᠠᠶᠢᠬᠤ ᠪᠢᠰᠢ᠃︾ ᠡᠨᠡ ᠨᠢ ᠦᠨᠡᠨ ᠠᠴᠠ ᠵᠥᠪ ᠢ ᠡᠷᠢᠬᠦ ᠶᠢ ᠰᠤᠷᠲᠠᠯᠴᠢᠯᠠᠭᠰᠠᠨ ᠪᠠᠶᠢᠨ᠎ᠠ᠃

  ︽ᠢᠲᠡᠭᠡᠯ ᠵᠣᠷᠢᠭ ᠢᠶᠠᠨ ᠪᠠᠲᠤᠳᠬᠠᠵᠤ᠂ ᠥᠪᠡᠷ ᠤᠨ ᠢᠶᠠᠨ ᠠᠵᠢᠯ ᠶᠠᠪᠤᠳᠠᠯ ᠢᠶᠠᠨ ᠭᠤᠶᠢᠪᠢᠰᠢ ᠦᠭᠡᠢ ᠰᠠᠶᠢᠲᠤᠷ ᠬᠢᠬᠦ ᠬᠡᠷᠡᠭᠲᠡᠢ᠃︾ ᠭᠡᠵᠦ ᠶᠡᠷᠦᠩᠬᠡᠢ ᠱᠦᠵᠢ ᠭᠦᠨ ᠰᠡᠳᠬᠢᠯᠭᠡ ᠲᠠᠢ ᠪᠠᠷ ᠬᠡᠯᠡᠪᠡ᠃ ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠠᠯᠲᠤ ᠴᠢᠨᠠᠷ ᠢᠶᠠᠷ ᠡᠯ᠎ᠡ ᠵᠦᠢᠯ ᠤᠨ ᠲᠣᠭᠲᠠᠭᠠᠯᠲᠤ ᠪᠤᠰᠤ ᠴᠢᠨᠠᠷ ᠢ ᠠᠷᠭᠠᠴᠠᠭᠠᠬᠤ ᠪᠣᠯ ᠣᠳᠣᠬᠠᠨ ᠳᠠᠬᠢ ᠰᠠᠭᠠᠳ ᠣᠯᠠᠨᠲᠠᠢ ᠪᠠᠶᠢᠳᠠᠯ ᠢ ᠪᠦᠲᠦᠮᠵᠢᠲᠡᠢ ᠠᠷᠭᠠᠴᠠᠭᠠᠬᠤ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠣᠨ᠎ᠠ᠂ ᠦᠨᠡᠨ ᠢ ᠬᠡᠯᠡᠪᠡᠯ ᠣᠷᠣᠨ ᠪᠦᠰᠡ ᠨᠢᠭᠡ ᠪᠦᠷᠢ ᠨᠢ ᠬᠥᠭᠵᠢᠯᠲᠡ ᠶᠢᠨ ᠰᠡᠳᠦᠪ ᠪᠣᠯᠭᠠᠨ ᠢ ᠬᠠᠷᠢᠭᠤᠯᠬᠤ ᠳᠤ ᠪᠠᠨ ᠴᠥᠮ ᠨᠡᠩ ᠪᠣᠳᠠᠲᠠᠢ᠂ ᠨᠡᠩ ᠬᠢᠨᠠᠮᠠᠭᠠᠢ ᠪᠠᠶᠢᠬᠤ ᠬᠡᠷᠡᠭᠲᠡᠢ᠃

  ᠵᠠᠩᠭᠢᠯᠠᠭ᠎ᠠ ᠪᠣᠯᠬᠤ ᠬᠤᠶᠠᠳᠤᠭᠠᠷ ᠦᠭᠡᠰ ᠨᠢ ᠰᠠᠶᠢᠨ ᠦᠷ᠎ᠡ ᠪᠦᠲᠦᠮᠵᠢ ᠲᠠᠢ ᠵᠠᠰᠠᠯᠲᠠ ᠪᠣᠯᠣᠨ᠎ᠠ᠃

  ︽ᠾᠧᠨᠠᠨ ᠤ ᠬᠥᠮᠥᠨ ᠠᠮᠠ ᠶᠢᠨ ᠶᠡᠷᠦᠩᠬᠡᠢ ᠲᠤᠭ᠎ᠠ᠂ ᠬᠥᠮᠥᠨ ᠠᠮᠠ ᠶᠢᠨ ᠨᠢᠭᠲᠠᠴᠠ᠂ ᠬᠥᠮᠥᠨ ᠠᠮᠠ ᠶᠢᠨ ᠰᠢᠯᠵᠢᠯᠲᠡ ᠶᠢᠨ ᠬᠡᠮᠵᠢᠶ᠎ᠡ ᠴᠥᠮ ᠨᠡᠯᠢᠶᠡᠳ ᠶᠡᠭᠡ᠂ ᠨᠡᠶᠢᠭᠡᠮ ᠤᠨ ᠠᠰᠠᠭᠤᠳᠠᠯ ᠨᠠᠷᠢᠨ ᠪᠤᠳᠤᠯᠢᠶᠠᠨᠲᠠᠢ ᠪᠥᠭᠡᠳ ᠣᠯᠠᠨ ᠶᠠᠩᠵᠤ ᠶᠢᠨ ᠪᠠᠶᠢᠳᠠᠭ ᠪᠣᠯᠬᠤᠷ ᠨᠡᠶᠢᠭᠡᠮ ᠤᠨ ᠵᠠᠰᠠᠯᠲᠠ ᠶᠢ ᠡᠷᠬᠡᠪᠰᠢ ᠯᠠᠪᠳᠠᠭᠤᠨ ᠪᠠᠲᠤᠲᠠᠢ ᠪᠠᠷ ᠴᠢᠩᠭᠠᠳᠬᠠᠬᠤ ᠬᠡᠷᠡᠭᠲᠡᠢ᠃︾

  ᠳᠦᠷᠢᠮ ᠤᠨ ᠳᠠᠪᠠᠭᠤᠯᠢᠭ ᠢ ᠬᠡᠷᠬᠢᠨ ᠵᠠᠰᠠᠯᠲᠠ ᠶᠢᠨ ᠪᠦᠲᠦᠮᠵᠢ ᠪᠣᠯᠭᠠᠨ ᠬᠤᠪᠢᠷᠠᠭᠤᠯᠬᠤ ᠪᠤᠢ︖ ᠦᠨᠳᠦᠰᠦ ᠶᠢ ᠪᠠᠬᠢᠵᠢᠭᠦᠯᠦᠨ ᠰᠠᠭᠤᠷᠢ ᠶᠢ ᠪᠠᠲᠤᠳᠬᠠᠬᠤ ᠳᠤ ᠠᠩᠬᠠᠷᠤᠯ ᠲᠥᠪᠯᠡᠷᠡᠭᠦᠯᠬᠦ ᠪᠠᠷ᠂ ᠶᠡᠷᠦᠩᠬᠡᠢ ᠱᠦᠵᠢ ᠴᠢᠬᠤᠯᠠᠴᠢᠯᠠᠬᠤ ᠳᠤ ᠪᠠᠨ᠄ ︽ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠵᠠᠰᠠᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠠᠵᠤ ᠠᠬᠤᠢ ᠶᠢᠨ ᠰᠢᠨ᠎ᠡ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠰᠢᠨ᠎ᠡ ᠵᠣᠬᠢᠶᠠᠨ ᠪᠠᠶᠢᠭᠤᠯᠤᠯᠲᠠ᠂ ᠰᠢᠨ᠎ᠡ ᠪᠠᠷ ᠠᠵᠢᠯ ᠣᠯᠣᠭᠰᠠᠳ ᠲᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠢ︾ ᠭᠡᠵᠦ ᠴᠢᠬᠤᠯᠠᠴᠢᠯᠠᠪᠠ᠃

  ᠰᠢᠨ᠎ᠡ ᠴᠠᠭ ᠦᠶ᠎ᠡ ᠳᠠᠬᠢ ︽ᠹᠧᠩᠴᠢᠶᠣᠣ ᠶᠢᠨ ᠲᠤᠷᠰᠢᠯᠭ᠎ᠠ︾ ᠶᠢᠨ ᠠᠮᠢᠵᠢᠷᠠᠯ ᠤᠨ ᠬᠦᠴᠦᠨ ᠢ ᠨᠢ ᠬᠡᠷᠬᠢᠨ ᠪᠠᠳᠠᠷᠠᠭᠤᠯᠬᠤ ᠪᠤᠢ︖ ︽ᠳᠣᠲᠣᠷ᠎ᠠ ᠪᠠᠨ ᠲᠤᠭ᠎ᠠ ᠲᠠᠢ ᠪᠠᠶᠢᠵᠤ᠂ ᠤᠷᠢᠳ ᠠᠴᠠ ᠪᠡᠯᠡᠳᠬᠡᠯ ᠰᠠᠶᠢᠨ ᠬᠢᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ ᠬᠡᠷᠡᠭᠲᠡᠢ᠂ ᠬᠠᠷᠢᠨ ᠬᠡᠷᠡᠭ ᠭᠠᠷᠤᠭᠰᠠᠨ ᠤ ᠳᠠᠷᠠᠭ᠎ᠠ ᠰᠠᠶ᠋ᠢ ᠠᠵᠢᠯ ᠢᠶᠠᠨ ᠴᠢᠩᠭᠠᠳᠬᠠᠬᠤ ᠭᠡᠳ ᠪᠣᠯᠬᠤ ᠦᠭᠡᠢ᠂ ᠭᠠᠯ ᠤᠨᠲᠠᠷᠠᠭᠠᠬᠤ ᠠᠩᠭᠢ ᠶᠢᠨ ᠳᠠᠷᠤᠭ᠎ᠠ ᠪᠣᠯᠣᠭᠠᠳ ᠪᠠᠶᠢᠵᠤ ᠪᠣᠯᠬᠤ ᠦᠭᠡᠢ︾᠂ ︽ᠬᠡᠯᠪᠡᠷᠢᠴᠢ ᠦᠵᠡᠯ ᠢ ᠦᠨᠡᠨ ᠬᠦ ᠴᠡᠭᠴᠡᠯᠡᠨ ᠵᠠᠰᠠᠭᠠᠳ ᠦᠨᠳᠦᠰᠦᠨ ᠱᠠᠲᠤᠨ ᠤ ᠳᠠᠷᠤᠭᠠᠰᠤ ᠶᠢ ᠨᠢ ᠬᠥᠩᠭᠡᠷᠡᠭᠦᠯᠬᠦ ᠬᠡᠷᠡᠭᠲᠡᠢ᠂ ᠰᠠᠶᠢᠨ ᠠᠵᠢᠯ ᠶᠠᠪᠤᠳᠠᠯ᠂ ᠦᠵᠡᠮᠦᠷᠢ ᠶᠢᠨ ᠠᠵᠢᠯ ᠶᠠᠪᠤᠳᠠᠯ ᠤᠳ ᠢ ᠬᠢᠭᠡᠳ ᠪᠠᠶᠢᠵᠤ ᠪᠣᠯᠬᠤ ᠦᠭᠡᠢ᠂ ᠪᠡᠷᠬᠡ ᠠᠵᠢᠯ ᠶᠠᠪᠤᠳᠠᠯ᠂ ᠬᠥᠮᠥᠨ ᠢ ᠭᠤᠮᠣᠳᠠᠭᠠᠬᠤ ᠠᠵᠢᠯ ᠶᠠᠪᠤᠳᠠᠯ ᠤᠳ ᠢᠶᠠᠨ ᠦᠨᠳᠦᠰᠦᠨ ᠱᠠᠲᠤᠨ ᠳᠤ ᠲᠦᠯᠬᠢᠵᠦ ᠪᠣᠯᠬᠤ ᠦᠭᠡᠢ᠃︾ ᠶᠡᠷᠦᠩᠬᠡᠢ ᠱᠦᠵᠢ ᠶᠢᠨ ᠶᠠᠷᠢᠶ᠎ᠠ ᠨᠢ ᠪᠣᠷᠣᠭᠵᠢᠭᠤᠨ ᠮᠥᠷᠲᠡᠭᠡᠨ ᠭᠦᠨ ᠤᠳᠬ᠎ᠠ ᠰᠠᠨᠠᠭ᠎ᠠ ᠲᠠᠢ᠂ ︽ᠨᠢᠭᠡ ᠳᠤ ᠵᠥᠷᠢᠴᠡᠯ ᠢ ᠬᠤᠷᠠᠮᠳᠤᠭᠤᠯᠵᠤ ᠪᠣᠯᠬᠤ ᠦᠭᠡᠢ᠂ ᠬᠤᠶᠠᠷ ᠲᠤ ᠲᠡᠳᠡᠭᠡᠷ ᠢ ᠲᠥᠷᠥᠯ ᠠᠩᠭᠢᠯᠠᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠶᠢ ᠪᠠᠷᠢᠮᠲᠠᠯᠠᠨ᠂ ᠵᠥᠷᠢᠴᠡᠯ ᠢ ᠦᠨᠳᠦᠰᠦᠨ ᠱᠠᠲᠤᠨ ᠳᠤ ᠨᠢ ᠠᠷᠢᠯᠭᠠᠬᠤ ᠬᠡᠷᠡᠭᠲᠡᠢ︾ ᠭᠡᠪᠡ ᠁

ᠢᠷᠡᠯᠲᠡ᠄ ᠠᠷᠠᠳ ᠤᠨ ᠡᠳᠦᠷ ᠤᠨ ᠰᠣᠨᠢᠨ