ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠨᠡᠶᠢᠭᠡᠮᠯᠢᠭ ᠤᠨ ᠠᠵᠢᠯ ᠣᠯᠭᠤᠯᠲᠠ ᠶᠢᠨ ᠠᠩᠬᠠᠳᠠᠭᠴᠢ ᠦᠢᠯᠡᠴᠢᠯᠡᠭᠡᠨ ᠤ ᠥᠷᠲᠡᠭᠡ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2025/5/23


  ᠣᠶᠢᠷ᠎ᠠ ᠳᠤ᠂ ᠬᠤᠲᠣᠩ ᠠᠷᠠᠳ ᠤᠨ ᠲᠣᠭᠤᠷᠢᠭ ︽ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠨᠥᠬᠦᠴᠡᠯ ᠢ ᠪᠣᠶ ᠪᠣᠯᠭᠠᠵᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠶ᠎ᠡ︾ ᠭᠡᠬᠦ ᠰᠠᠭᠤᠳᠠᠯ ᠤᠨ ᠬᠤᠷᠠᠯ ᠬᠤᠷᠠᠯᠳᠤᠭᠤᠯᠤᠭᠰᠠᠨ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠨᠡᠶᠢᠭᠡᠮᠯᠢᠭ ᠤᠨ ᠠᠵᠢᠯ ᠣᠯᠭᠤᠯᠲᠠ ᠶᠢᠨ ᠠᠩᠬᠠᠳᠠᠭᠴᠢ ᠦᠢᠯᠡᠴᠢᠯᠡᠭᠡᠨ ᠤ ᠥᠷᠲᠡᠭᠡ ᠶᠢᠨ ᠫᠠᠶᠢᠰᠠ ᠶᠢ ᠰᠡᠬᠦᠪᠡ᠃ ᠲᠣᠰ ᠤᠳᠠᠭᠠᠨ ᠤ ᠠᠵᠢᠯᠯᠠᠭ᠎ᠠ ᠨᠢ ︽ᠵᠢᠷᠭᠤᠭᠠᠨ ᠠᠵᠢᠯᠯᠠᠭᠠᠨ ︾ ᠤ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠪᠠ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠤ ᠲᠣᠭᠤᠷᠢᠨ ᠳᠤ ᠥᠷᠨᠢᠭᠦᠯᠵᠦ᠂ ᠣᠷᠣᠨ ᠪᠦᠰᠡ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠪᠠ ᠠᠵᠢᠯ ᠣᠯᠭᠤᠯᠲᠠ ᠶᠢᠨ ᠠᠵᠢᠯ ᠳᠤ ᠰᠢᠨ᠎ᠡ ᠬᠦᠳᠡᠯᠭᠡᠭᠴᠢ ᠬᠦᠴᠦᠨ ᠨᠡᠮᠡᠷᠢᠯᠡᠪᠡ᠃

  ᠰᠠᠭᠤᠳᠠᠯ ᠤᠨ ᠬᠤᠷᠠᠯ ᠢᠶᠠᠷ᠂ ᠬᠤᠷᠠᠯ ᠳᠤ ᠣᠷᠣᠯᠴᠠᠭᠰᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠥᠯᠥᠭᠡᠯᠡᠭᠴᠢ ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠢᠯᠲᠠᠳ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠬᠡᠷᠬᠢᠨ ᠰᠢᠯᠢᠳᠡᠭᠵᠢᠭᠦᠯᠬᠦ ᠂ ᠴᠢᠳᠠᠪᠤᠷᠢᠲᠠᠨ ᠢ ᠲᠠᠲᠠᠵᠤ ᠴᠢᠳᠠᠪᠤᠷᠢᠲᠠᠨ ᠢ ᠬᠦᠮᠦᠵᠢᠭᠦᠯᠬᠦ ᠪᠠᠨ ᠳᠡᠭᠡᠭᠰᠢᠯᠡᠭᠦᠯᠬᠦ ᠂ ᠪᠡᠯᠡ ᠲᠣᠬᠢᠷᠠᠭᠤᠯᠬᠤ ᠪᠠ ᠠᠵᠢᠯ ᠣᠯᠭᠤᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠲᠤᠬᠠᠢ ᠬᠥᠭᠵᠢᠶᠡᠨᠲᠡᠢ ᠶᠠᠷᠢᠯᠴᠠᠵᠤ ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠪᠠ ᠃

  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠨᠡᠶᠢᠭᠡᠮᠯᠢᠭ ᠤᠨ ᠠᠵᠢᠯ ᠣᠯᠭᠤᠯᠲᠠ ᠶᠢᠨ ᠠᠩᠬᠠᠳᠠᠭᠴᠢ ᠦᠢᠯᠡᠴᠢᠯᠡᠭᠡᠨ ᠤ ᠥᠷᠲᠡᠭᠡ ᠶᠢᠨ ᠫᠠᠶᠢᠰᠠ ᠰᠡᠬᠦᠭᠰᠡᠨ ᠨᠢ ᠬᠤᠲᠣᠩ ᠠᠷᠠᠳ ᠤᠨ ᠲᠣᠭᠤᠷᠢᠭ ᠤᠨ ᠠᠷᠠᠳ ᠠᠴᠠ ᠡᠵᠡᠩᠨᠡᠭᠰᠡᠨ ᠠᠵᠤ ᠠᠬᠤᠢ ᠬᠢᠭᠡᠳ ᠠᠵᠢᠯ ᠣᠯᠭᠤᠯᠲᠠ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠲᠠᠯ᠎ᠠ ᠪᠠᠷ ᠴᠢᠬᠤᠯᠠ ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃ ᠲᠣᠰ ᠦᠢᠯᠡᠴᠢᠯᠡᠭᠡᠨ ᠤ ᠥᠷᠲᠡᠭᠡ ᠶᠢ ᠬᠤᠲᠣᠩ ᠠᠷᠠᠳ ᠤᠨ ᠲᠣᠭᠤᠷᠢᠭ ᠤᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠨᠡᠶᠢᠭᠡᠮᠯᠢᠭ ᠬᠢᠭᠡᠳ ᠬᠤᠲᠣᠩ ᠠᠷᠠᠳ ᠤᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠮᠲᠤᠷᠠᠨ ᠪᠠᠶᠢᠭᠤᠯᠵᠤ᠂ ᠬᠠᠤᠯᠢ ᠪᠠᠷ ᠵᠠᠰᠠᠬᠤ ᠪᠠᠲᠤᠯᠠᠭ᠎ᠠ ᠶᠢ ᠬᠡᠷᠡᠭᠯᠡᠨ᠂ ᠠᠵᠢᠯ ᠤᠨ ᠪᠠᠶᠢᠷᠢ ᠶᠢᠨ ᠬᠡᠷᠡᠭᠴᠡᠭᠡ ᠶᠢ ᠨᠠᠷᠢᠯᠢᠭ ᠣᠨᠣᠴᠠᠲᠠᠢ ᠪᠠᠷ ᠵᠣᠬᠢᠴᠠᠭᠤᠯᠵᠤ᠂ ᠣᠯᠠᠨ ᠲᠦᠮᠡᠨ ᠤ ︽ᠠᠵᠢᠯ ᠣᠯᠬᠤ ᠳᠤ ᠬᠦᠴᠢᠷᠳᠡᠵᠦ ᠪᠠᠶᠢᠭ᠎ᠠ ︾ ᠪᠠ ᠠᠵᠤ ᠠᠬᠤᠶᠢᠯᠠᠯ ᠤᠨ ︽ᠬᠡᠷᠡᠭᠯᠡᠬᠦ ᠠᠵᠢᠯᠴᠢᠨ ᠬᠤᠮᠰᠠᠳᠠᠵᠤ ᠪᠠᠶᠢᠭ᠎ᠠ ︾ ᠠᠰᠠᠭᠤᠳᠠᠯ ᠢ ᠰᠢᠢᠳᠪᠦᠷᠢᠯᠡᠬᠦ ᠪᠠᠷ ᠵᠣᠷᠢᠯᠭ᠎ᠠ ᠪᠣᠯᠭᠠᠭᠰᠠᠨ ᠶᠤᠮ᠃

  ᠫᠠᠶᠢᠰᠠ ᠰᠡᠬᠦᠬᠦ ᠲᠤᠬᠠᠢ ᠶᠢᠨ ᠲᠠᠯᠠᠪᠠᠢ ᠳᠤ ᠂ ᠤᠯᠠᠨ ᠰᠠᠯᠠᠭ᠎ᠠ ᠮᠥᠴᠢᠷ ᠬᠠᠮᠵᠢᠯᠴᠠᠨ ᠪᠦᠬᠦ ᠲᠠᠯ᠎ᠠ ᠶᠢᠨ ᠦᠢᠯᠡᠴᠢᠯᠡᠭᠡ ᠬᠠᠩᠭᠠᠪᠠ ᠄ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ︽ ᠬᠥᠬᠡᠬᠤᠲᠠ ᠶᠢᠨ ᠴᠢᠳᠠᠪᠤᠷᠢᠲᠠᠨ ᠢᠶᠠᠷ ᠬᠤᠳᠠ ᠪᠠᠨ ᠬᠦᠴᠦᠷᠬᠡᠭᠵᠢᠭᠦᠯᠬᠦ 25 ᠵᠤᠷᠪᠤᠰ ︾ ᠳᠤ ᠲᠠᠶᠢᠯᠤᠮᠵᠢ ᠬᠢᠵᠦ᠂ ᠠᠵᠤ ᠠᠬᠤᠶᠢᠯᠠᠯ ᠳᠤ ᠴᠢᠳᠠᠪᠤᠷᠢᠲᠠᠨ ᠤ ᠲᠦᠷᠦ ᠶᠢᠨ ᠪᠣᠳᠣᠯᠭ᠎ᠠ ᠶᠢ ᠣᠶᠢᠯᠠᠭᠠᠭᠤᠯᠵᠤ ᠲᠤᠰᠠᠯᠠᠪᠠ︔ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠦᠨᠳᠦᠰᠦᠨ ᠱᠠᠲᠤᠨ ᠤ ᠰᠦᠯᠵᠢᠶ᠎ᠡ ᠶᠢ ᠠᠰᠢᠭᠯᠠᠨ ᠠᠵᠢᠯ ᠣᠯᠭᠤᠯᠲᠠ ᠶᠢᠨ ᠬᠦᠰᠡᠯ ᠱᠠᠭᠠᠷᠳᠠᠯᠭ᠎ᠠ ᠶᠢ ᠴᠤᠭᠯᠠᠭᠤᠯᠵᠤ ᠂ ᠬᠥᠮᠥᠨ ᠪᠠ ᠠᠵᠢᠯ ᠤᠨ ᠪᠠᠶᠢᠷᠢ ᠶᠢᠨ ᠵᠣᠬᠢᠴᠠᠯᠳᠤᠯ ᠢ ᠠᠬᠢᠭᠤᠯᠪᠠ︔ ᠬᠤᠲᠣᠩ ᠠᠷᠠᠳ ᠤᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ᠨᠢ ᠦᠢᠯᠡᠰ ᠴᠣᠭᠴᠠᠯᠠᠬᠤ ᠲᠠᠭᠠᠭᠠᠯᠳᠠᠳᠤ ᠵᠢᠭᠡᠯᠡᠯᠭᠡ ᠂ ᠨᠡᠶᠢᠭᠡᠮ ᠤᠨ ᠪᠠᠲᠤᠯᠠᠭ᠎ᠠ ᠶᠢᠨ ᠨᠡᠮᠡᠭᠦᠷᠢ ᠵᠡᠷᠭᠡ ᠶᠢᠨ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠦᠷᠭᠡᠳᠬᠡᠬᠦ ᠳᠤ ᠬᠦᠴᠦᠨ ᠨᠡᠮᠡᠷᠢᠯᠡᠪᠡ︔ ᠬᠤᠲᠣᠩ ᠠᠷᠠᠳ ᠤᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ  ᠨᠢ ᠠᠵᠤ ᠦᠢᠯᠡᠰ ᠤᠨ ᠲᠦᠷᠦ ᠶᠢᠨ ᠪᠣᠳᠣᠯᠭ᠎ᠠ ᠳᠤ ᠴᠢᠭᠯᠡᠭᠦᠯᠦᠨ ᠵᠥᠪᠯᠡᠯᠭᠡ ᠥᠭᠴᠦ ᠵᠢᠭᠠᠨ ᠵᠢᠯᠤᠭᠤᠳᠴᠤ ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠳᠤ ᠬᠦᠴᠦᠨ ᠣᠯᠭᠤᠪᠠ᠃


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ