|
︽ᠦᠢᠯᠡᠴᠢᠯᠡᠭᠡᠨ ᠤ ᠲᠣᠣᠷ︾ ᠢ ᠨᠢᠭᠲᠠ ᠰᠦᠯᠵᠢᠵᠦ ︽ᠲᠣᠮᠣ ᠳ᠋ᠠᠶᠢᠲ᠋ᠠ︾ ᠶᠢ ᠰᠠᠶᠢᠲᠤᠷ ᠬᠡᠷᠡᠭᠯᠡᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠶᠢ | ᠨᠢᠭᠡ ᠴᠣᠭᠴᠠᠵᠢᠭᠤᠯᠤᠭᠰᠠᠨ ᠠᠵᠢᠯ ᠣᠯᠭᠤᠬᠤ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠦᠷᠭᠡᠪᠴᠢᠯᠡᠨ ᠪᠠᠶᠢᠭᠤᠯᠪᠠ |
|
|
ᠨᠡᠶᠢᠲᠡᠯᠡᠭᠰᠡᠨ ᠴᠠᠭ᠄
2025/5/26
|
|
2025 ᠣᠨ ᠳᠤ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠢ ᠬᠡᠷᠡᠭᠵᠢᠭᠦᠯᠦᠭᠰᠡᠨ ᠠᠴᠠ ᠨᠠᠭᠠᠰᠢ᠂ ᠪᠥᠬᠦ ᠣᠷᠣᠨ ᠤ ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠠᠵᠢᠯ ᠣᠯᠭᠤᠯᠲᠠ ᠶᠢᠨ ᠪᠠᠶᠢᠳᠠᠯ ᠡᠭᠦᠷᠭᠡ ᠶᠢᠨ ᠬᠡᠷᠡᠭᠴᠡᠭᠡ ᠱᠠᠭᠠᠷᠳᠠᠯᠭ᠎ᠠ ᠯᠤᠭ᠎ᠠ ᠨᠢᠭᠲᠠ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠶᠢ ᠰᠢᠭᠤᠳ ᠬᠦᠷᠭᠡᠬᠦ᠂ ᠠᠵᠢᠯ ᠤᠨ ᠪᠠᠶᠢᠷᠢ ᠶᠢ ᠵᠣᠯᠭᠠᠭᠤᠯᠬᠤ᠂ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠳᠡᠰ ᠳᠠᠪᠬᠤᠷᠭ᠎ᠠ᠂ ᠣᠯᠠᠨ ᠠᠷᠭ᠎ᠠ ᠵᠠᠮ᠂ ᠣᠯᠠᠨ ᠣᠷᠣᠨ ᠪᠠᠶᠢᠷᠢ ᠲᠠᠢ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠥᠬᠦ ᠬᠦᠴᠦᠨ ᠢᠶᠠᠷ ᠢᠶᠠᠨ ᠪᠠᠶᠢᠭᠤᠯᠪᠠ᠃ ᠨᠢᠭᠡ ᠳᠤ᠂ ︽ᠰᠦᠯᠵᠢᠶᠡᠨ ᠭᠠᠳᠠᠭᠤᠷᠬᠢ︾ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠠᠭᠤᠷᠢ ᠶᠢ ᠪᠠᠲᠤᠳᠬᠠᠪᠠ᠃ ︽ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠢᠵᠢ ᠪᠦᠷᠢᠳᠦᠭᠦᠯᠦᠨ ᠳᠠᠷᠤᠮᠠᠯᠯᠠᠨ ᠶᠠᠪᠤᠭᠤᠯᠵᠤ᠂ ᠬᠥᠳᠡᠯᠮᠦᠷᠢ ᠶᠢᠨ ᠪᠠᠲᠤᠯᠠᠭ᠎ᠠ ᠶᠢᠨ ᠲᠤᠰᠠᠯᠠᠭᠴᠢ ᠶᠢ 1.13 ᠲᠦᠮᠡ ᠴᠢᠩᠭᠠᠳᠬᠠᠨ ᠲᠣᠬᠢᠷᠠᠭᠤᠯᠵᠤ᠂ ︽ᠡᠳᠦᠷ ᠤᠨ ᠬᠦᠴᠦ ᠶᠠᠪᠤᠭᠰᠠᠳ ᠤᠨ ᠵᠠᠬ᠎ᠠ ᠳᠡᠯᠭᠡᠭᠦᠷ + ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ︾ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠬᠦᠮᠦᠰ ᠤᠨ ᠨᠡᠭᠦᠳᠡᠯ ᠵᠣᠷᠴᠢᠯ ᠶᠡᠬᠡᠲᠡᠢ᠂ ᠡᠳᠦᠷ ᠤᠨ ᠬᠦᠴᠦᠨ ᠶᠠᠪᠤᠭᠰᠠᠳ ᠣᠯᠠᠨᠲᠠᠢ᠂ ᠵᠠᠮ ᠬᠠᠷᠢᠯᠴᠠᠭ᠎ᠠ ᠳᠥᠭᠦᠮ ᠳᠥᠲᠡ ᠣᠷᠣᠨ ᠪᠦᠰᠡ ᠶᠢ ᠰᠣᠩᠭᠤᠨ ᠡᠳᠦᠷ ᠤᠨ ᠬᠦᠴᠦ ᠶᠠᠪᠤᠭᠰᠠᠳ ᠤᠨ ᠵᠠᠬ᠎ᠠ ᠳᠡᠯᠭᠡᠭᠦᠷ᠂ ᠡᠳᠦᠷ ᠤᠨ ᠬᠦᠴᠦ ᠶᠠᠪᠤᠭᠰᠠᠳ ᠤᠨ ᠥᠷᠲᠡᠭᠡ ᠶᠢ 153 ᠪᠠᠶᠢᠭᠤᠯᠵᠤ᠂ ᠠᠵᠢᠯ ᠲᠥᠷᠥᠯ ᠤᠨ ᠠᠵᠤ ᠠᠬᠤᠶᠢᠯᠠᠯ ᠤᠨ ᠨᠡᠶᠢᠭᠡᠮᠯᠢᠭ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠮᠣ ᠬᠡᠪᠴᠢᠶᠡᠨ ᠤ ᠬᠤᠳᠠᠯᠳᠤᠭᠠᠨ ᠤ ᠲᠣᠭᠤᠷᠢᠭ ᠵᠡᠷᠭᠡ ᠳᠤ ᠲᠦᠰᠢᠭᠯᠡᠨ ︽ᠣᠶᠢᠷ᠎ᠠ ᠬᠠᠪᠢ︾ ᠳᠠᠬᠢ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ ᠶᠢ 1052 ᠪᠠᠶᠢᠭᠤᠯᠪᠠ᠃ ︽ᠠᠵᠢᠯ ᠣᠯᠭᠤᠯᠲᠠ +︾ ᠦᠢᠯᠡᠴᠢᠯᠡᠭᠡᠨ ᠤ ᠬᠡᠪ ᠵᠠᠭᠪᠤᠷ ᠲᠤ ᠰᠢᠨ᠎ᠡ ᠶᠢ ᠡᠭᠦᠳᠴᠦ᠂ ᠠᠵᠢᠯᠲᠠᠨ ᠤᠷᠢᠵᠤ ᠡᠯᠰᠡᠬᠦ ᠴᠤᠭᠯᠠᠭᠠᠨ ᠢ ᠬᠤᠳᠠᠯᠳᠤᠭᠠᠨ ᠤ ᠲᠠᠯᠠᠪᠤᠷ᠂ ᠰᠥᠨᠢ ᠶᠢᠨ ᠵᠠᠬ᠎ᠠ᠂ ᠥᠩᠭᠡᠲᠦ ᠳ᠋ᠧᠩ ᠤᠨ ᠦᠵᠡᠭᠦᠯᠭᠡ᠂ ᠰᠦᠮ᠎ᠡ ᠶᠢᠨ ᠴᠤᠭᠯᠠᠭᠠᠨ ᠵᠡᠷᠭᠡ ᠲᠠᠯᠠᠪᠤᠷ ᠭᠠᠵᠠᠷ ᠲᠤ ᠶᠠᠪᠤᠭᠳᠠᠭᠤᠯᠵᠤ᠂ ᠦᠢᠯᠡᠴᠢᠯᠡᠭᠡᠨ ᠤ ︽ᠬᠠᠵᠠᠭᠤ ᠬᠠᠪᠢ ᠳᠤ︾ ︽ᠵᠣᠭᠰᠤᠯᠲᠠ ᠦᠭᠡᠢ ᠥᠷᠨᠢᠭᠦᠯᠵᠦ︾ ᠪᠠᠶᠢᠬᠤ ᠶᠢ ᠦᠨᠡᠨ ᠬᠦ ᠪᠠᠲᠤᠯᠠᠵᠤ᠂ ᠣᠶᠢᠷ᠎ᠠ ᠶᠢᠨ 3 ᠵᠢᠯ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠠᠵᠢᠯᠲᠠᠨ ᠤᠷᠢᠵᠤ ᠡᠯᠰᠡᠬᠦ ᠴᠤᠭᠯᠠᠭᠠᠨ ᠢ ᠨᠡᠶᠢᠲᠡ 8834 ᠲᠠᠯᠠᠪᠤᠷ ᠥᠷᠨᠢᠭᠦᠯᠵᠦ᠂ 834 ᠲᠦᠮᠡᠨ ᠤᠳᠠᠭ᠎ᠠ ᠠᠵᠢᠯ ᠤᠨ ᠪᠠᠶᠢᠷᠢ ᠬᠠᠩᠭᠠᠪᠠ᠃ ᠬᠤᠶᠠᠷ ᠲᠤ᠂ ︽ᠰᠦᠯᠵᠢᠶᠡᠨ ᠳᠡᠭᠡᠷᠡᠬᠢ︾ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠪᠠᠷ ᠠᠵᠢᠯ ᠣᠯᠭᠤᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠪᠠ᠃ ︽ᠥᠪᠥᠷ ᠮᠣᠩᠭᠤᠯ ᠤᠨ ᠠᠵᠢᠯ ᠣᠯᠭᠤᠯᠲᠠ︾ ᠠᠵᠢᠯ ᠡᠷᠢᠬᠦ ᠪᠠ ᠠᠵᠢᠯᠲᠠᠨ ᠤᠷᠢᠵᠤ ᠡᠯᠰᠡᠬᠦ ᠲᠠᠪᠴᠠᠩ ᠪᠣᠯᠣᠨ ︽ᠮᠥᠩᠬᠡ ᠰᠤᠪᠠᠭ ᠤᠷᠢᠵᠤ ᠡᠯᠰᠡᠬᠦ︾ ᠵᠢᠵᠢᠭ ᠫᠷᠣᠭ᠍ᠷᠠᠮ ᠢ ᠰᠦᠯᠵᠢᠶᠡᠨ ᠳᠤ ᠭᠠᠷᠭᠠᠨ ᠠᠵᠢᠯᠯᠠᠭᠤᠯᠵᠤ᠂ ᠠᠷᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠦᠴᠢᠷ ᠤᠳ ᠤᠨ ᠳ᠋ᠠᠶᠢᠲ᠋ᠠ ᠶᠢ ᠲᠥᠪᠯᠡᠷᠡᠭᠦᠯᠦᠨ᠂ ᠬᠤᠪᠢ ᠬᠥᠮᠦᠨ ᠤ ᠠᠵᠢᠯ ᠡᠷᠢᠬᠦ᠂ ᠠᠵᠤ ᠠᠬᠤᠶᠢᠯᠠᠯ ᠤᠨ ᠤᠷᠢᠵᠤ ᠡᠯᠰᠡᠬᠦ᠂ ᠠᠵᠢᠯ ᠤᠨ ᠪᠠᠶᠢᠷᠢ ᠶᠢ ᠣᠶᠤᠨᠴᠢ ᠪᠠᠷ ᠳᠠᠮᠵᠢᠭᠤᠯᠬᠤ᠂ ᠰᠦᠯᠵᠢᠶ᠎ᠡ ᠪᠠᠷ ᠲᠤᠬᠠᠶᠢᠯᠠᠭᠰᠠᠨ ᠠᠵᠢᠯ ᠭᠤᠶᠤᠴᠢᠯᠠᠬᠤ ᠪᠠ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠭᠡᠬᠦ ᠦᠢᠯᠡᠴᠢᠯᠡᠭᠡ ᠬᠠᠩᠭᠠᠵᠤ᠂ ᠠᠵᠢᠯ ᠣᠯᠭᠤᠯᠲᠠ ᠶᠢᠨ E ᠭᠠᠵᠠᠷ ᠤᠨ ᠵᠢᠷᠤᠭ ᠵᠡᠷᠭᠡ ᠦᠢᠯᠡᠴᠢᠯᠡᠭᠡᠨ ᠤ ᠴᠢᠳᠠᠮᠵᠢ ᠶᠢ ᠳᠣᠭᠢᠷᠠᠭᠤᠯᠤᠨ᠂ ᠡᠯ᠎ᠡ ᠲᠥᠷᠥᠯ ᠤᠨ ᠠᠵᠤ ᠠᠬᠤᠶᠢᠯᠠᠯ᠂ ᠪᠠᠶᠢᠭᠤᠯᠤᠮᠵᠢ ᠪᠠ ᠬᠥᠳᠡᠯᠮᠦᠷᠢᠴᠢᠳ ᠲᠤ ᠣᠨᠣᠴᠠᠲᠠᠶ ᠪᠠᠷ ᠢᠯᠭᠠᠨ ᠲᠠᠨᠢᠬᠤ᠂ ᠥᠨᠳᠥᠷ ᠪᠦᠲᠦᠮᠵᠢᠲᠡᠶ ᠪᠠᠷ ᠵᠣᠯᠭᠠᠭᠤᠯᠬᠤ᠂ ᠣᠶᠤᠨᠴᠢ ᠪᠠᠷ ᠵᠣᠬᠢᠴᠠᠯᠳᠤᠭᠤᠯᠤᠭᠰᠠᠨ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ ᠪᠣᠢ᠃ ︽ᠠᠵᠢᠯ ᠣᠯᠭᠤᠯᠲᠠ ᠶᠢᠨ ᠰᠠᠨᠰᠠᠷ ᠦᠷᠳᠡᠭᠡ︾ ᠶᠢ ᠭᠠᠷᠭᠠᠵᠤ᠂ ᠠᠵᠢᠯ ᠣᠯᠭᠤᠯᠲᠠ ᠶᠢᠨ ᠲᠦᠷᠤ ᠶᠢᠨ ᠪᠤᠳᠤᠯᠭ᠎ᠠ ᠶᠢ ᠲᠠᠶᠢᠯᠪᠤᠷᠢᠯᠠᠨ᠂ ᠤᠷᠢᠵᠤ ᠡᠯᠰᠡᠬᠦ ᠪᠠ ᠪᠤᠯᠪᠠᠰᠤᠷᠠᠯ ᠬᠢᠬᠦ ᠮᠡᠳᠡᠭᠡ ᠵᠠᠩᠬᠢ ᠶᠢ ᠨᠡᠶᠢᠲᠡᠯᠡᠵᠦ ᠪᠣᠢ᠃ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠬᠤ ᠶᠢ ᠠᠵᠢᠯ ᠣᠯᠭᠤᠯᠲᠠ ᠶᠢᠨ ᠦᠢᠯᠡᠴᠢᠯᠡᠭᠡᠨ ᠤ ᠬᠦᠷᠢᠶᠡᠨ ᠳᠤ ᠥᠷᠭᠡᠨ ᠢᠶᠠᠷ ᠬᠡᠷᠡᠭᠯᠡᠬᠦ ᠶᠢ ᠥᠷᠨᠢᠭᠦᠯᠦᠨ ᠠᠬᠢᠭᠤᠯᠵᠤ᠂ ᠪᠥᠬᠦ ᠣᠷᠣᠨ ᠳᠤ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠬᠤ ᠰᠠᠭᠤᠷᠢᠨ ᠭᠠᠵᠠᠷ ᠢ ᠨᠡᠶᠢᠲᠡ 38 ᠪᠠᠶᠢᠭᠤᠯᠵᠤ᠂ ᠰᠢᠭᠤᠳ ᠨᠡᠪᠲᠡᠷᠡᠭᠦᠯᠭᠡ ᠶᠢᠨ ᠠᠵᠢᠯᠯᠠᠭᠠᠨ ᠢ 2755 ᠲᠠᠯᠠᠪᠤᠷ ᠥᠷᠨᠢᠭᠦᠯᠪᠡ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|