ᠰᠢᠨᠬᠤᠸᠠ ᠬᠤᠷᠢᠶᠠᠨ ᠤ ᠪᠡᠭᠡᠵᠢᠩ ᠤᠨ 5 ᠳ᠋ᠤᠭᠠᠷ ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 5 ᠳ᠋ᠤᠭᠠᠷ ᠰᠠᠷ᠎ᠠ ᠶᠢᠨ 23 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ︽ᠦᠢᠯᠡᠳᠬᠦ ᠦᠢᠯᠡᠰ ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠠᠵᠢᠯᠯᠠᠭᠠᠨ ᠤ ᠲᠥᠰᠥᠯ ︵2025 - 2027 ᠣᠨ︶︾ ᠢ ᠬᠢᠨᠠᠨ ᠶᠠᠷᠢᠯᠴᠠᠵᠤ ᠪᠠᠲᠤᠯᠠᠪᠠ᠂ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠰᠤᠳᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾ ᠶᠢ ᠶᠠᠷᠢᠯᠴᠠᠪᠠ᠃
ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠦᠢᠯᠡᠳᠬᠦ ᠦᠢᠯᠡᠰ ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠪᠣᠯ ᠶᠡᠭᠡ ᠬᠠᠨᠳᠤᠰᠢ ᠶᠤᠮ᠂ ᠪᠣᠬᠢᠷᠲᠤᠯ ᠦᠭᠡᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠡᠷᠢᠭᠦᠨ ᠤ ᠪᠣᠬᠢᠷᠲᠤᠯ ᠦᠭᠡᠢ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠪᠣᠬᠢᠷᠲᠤᠯ ᠦᠭᠡᠢ ᠰᠠᠭᠤᠷᠢ ᠶᠢ ᠴᠢᠩᠭᠠᠳᠬᠠᠬᠤ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠵᠡᠷᠭᠡ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠯᠦᠭᠡ ᠤᠶᠠᠯᠳᠤᠭᠤᠯᠵᠤ᠂ ᠲᠡᠷᠢᠭᠦᠨ ᠤ ᠲᠤᠨᠤᠭ ᠲᠥᠬᠦᠭᠡᠷᠦᠮᠵᠢ ᠪᠠ ᠤᠷᠠᠯᠠᠯ ᠢ ᠢᠳᠡᠪᠬᠢᠲᠡᠢ ᠬᠡᠷᠡᠭᠯᠡᠵᠦ᠂ ᠭᠤᠣᠯᠳᠠᠯᠭ᠎ᠠ ᠪᠣᠯᠬᠤ ᠠᠵᠢᠯ ᠲᠦᠷᠦᠯ ᠤᠨ ᠪᠣᠬᠢᠷᠲᠤᠯ ᠦᠭᠡᠢ ᠪᠠᠷ ᠥᠭᠡᠷᠡᠴᠢᠯᠡᠨ ᠰᠢᠨᠡᠳᠬᠡᠵᠦ ᠲᠡᠰ ᠳᠡᠪᠰᠢᠭᠦᠯᠬᠦ ᠶᠢ ᠲᠦᠷᠭᠡᠳᠬᠡᠬᠦ ᠬᠡᠷᠡᠭᠲᠡᠢ᠃ ᠰᠢᠨ᠎ᠡ ᠪᠠᠷ ᠮᠠᠨᠳᠤᠵᠤ ᠪᠠᠶᠢᠭ᠎ᠠ ᠠᠵᠤ ᠦᠢᠯᠡᠰ ᠤᠨ ᠥᠨᠳᠥᠷ ᠭᠠᠷᠤᠭ᠎ᠠ ᠲᠠᠢ ᠪᠣᠬᠢᠷᠲᠤᠯ ᠦᠭᠡᠢ ᠬᠥᠭᠵᠢᠯᠲᠡ ᠶᠢ ᠬᠥᠲᠥᠯᠥᠨ ᠳᠠᠭᠠᠭᠤᠯᠵᠤ᠂ ᠴᠡᠪᠡᠷ ᠡᠨᠧᠷᠭᠢ᠂ ᠪᠣᠬᠢᠷᠲᠤᠯ ᠦᠭᠡᠢ ᠦᠢᠯᠡᠳᠬᠦᠨ ᠤ ᠳᠡᠯᠭᠡᠷᠡᠭᠦᠯᠦᠯᠲᠡ ᠶᠢ ᠴᠢᠩᠭᠠᠳᠬᠠᠵᠤ᠂ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠨᠡᠶᠢᠲᠡᠴᠢ ᠴᠢᠨᠠᠷᠲᠠᠢ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠪᠣᠯᠬᠤ ᠬᠦᠷᠢᠶᠡᠨ ᠳᠠᠬᠢ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠪᠣᠬᠢᠷᠲᠤᠯ ᠦᠭᠡᠢ ᠦᠢᠯᠡᠳᠬᠦ ᠪᠠ ᠦᠢᠯᠡᠴᠢᠯᠡᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠨᠡᠩ ᠰᠠᠶᠢᠲᠤᠷ ᠳᠡᠮᠵᠢᠨ ᠬᠠᠪᠰᠤᠷᠬᠤ ᠬᠡᠷᠡᠭᠲᠡᠢ ᠭᠡᠵᠡᠢ᠃
ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠥᠪᠡᠷ ᠤᠨ ᠦᠷᠳᠡᠭ ᠢ ᠨᠢ ᠬᠠᠮᠲᠤ ᠪᠠᠷ ᠡᠭᠦᠷᠭᠡᠯᠡᠬᠦ᠂ ᠦᠷ᠎ᠡ ᠠᠰᠢᠭ ᠢ ᠨᠢ ᠬᠠᠮᠲᠤ ᠪᠠᠷ ᠡᠳ᠋ᠯᠡᠬᠦ᠂ ᠬᠠᠮᠲᠤᠷᠠᠯᠴᠠᠵᠤ ᠬᠠᠮᠲᠤ ᠪᠠᠷ ᠵᠠᠰᠠᠬᠤ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠶᠢ ᠪᠠᠶᠢᠭᠤᠯᠬᠤ ᠪᠣᠯ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠣᠷᠣᠨ ᠪᠦᠰᠡ ᠶᠢᠨ ᠬᠤᠭᠤᠷᠣᠨᠳᠣᠬᠢ ᠬᠠᠮᠵᠢᠯᠴᠠᠨ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠦᠷᠬᠦᠴᠡ ᠪᠠᠷ ᠨᠡᠩ ᠪᠦᠬᠦ ᠲᠠᠯ᠎ᠠ ᠶᠢᠨ᠂ ᠡᠷᠬᠡ ᠬᠠᠷᠢᠭᠤᠴᠠᠯᠭ᠎ᠠ ᠪᠠᠷ ᠨᠡᠩ ᠲᠣᠳᠣᠷᠬᠠᠢ᠂ ᠠᠷᠭ᠎ᠠ ᠬᠡᠯᠪᠡᠷᠢ ᠪᠠᠷ ᠨᠡᠩ ᠤᠯᠠᠨ ᠡᠰᠢᠴᠢᠯᠡᠭᠰᠡᠨ᠂ ᠵᠠᠰᠠᠯᠲᠠ ᠪᠠᠷ ᠨᠡᠩ ᠥᠨᠳᠥᠷ ᠪᠦᠲᠦᠮᠵᠢᠲᠡᠢ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠪᠠᠶᠢᠭᠤᠯᠬᠤ ᠶᠢ ᠠᠬᠢᠭᠤᠯᠵᠤ᠂ ᠭᠤᠣᠯᠳᠠᠯᠭ᠎ᠠ ᠪᠣᠯᠬᠤ ᠡᠭᠦᠷᠭᠡ ᠪᠠ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠠᠮᠢ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠭᠠᠵᠠᠷ ᠪᠠ ᠠᠰᠢᠭ ᠬᠦᠷᠳᠡᠬᠦ ᠭᠠᠵᠠᠷ ᠤᠨ ᠰᠠᠶᠢᠨ ᠦᠢᠯᠡᠳᠦᠯᠴᠡᠯ ᠢ ᠪᠡᠶᠡᠯᠡᠭᠦᠯᠬᠦ ᠬᠡᠷᠡᠭᠲᠡᠢ᠃ ᠥᠷᠭᠡᠨ ᠶᠡᠭᠡ ᠭᠤᠣᠯ ᠮᠥᠷᠡᠨ ᠤ ᠭᠤᠣᠯ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠨᠥᠬᠦᠪᠦᠷᠢᠯᠡᠬᠦ ᠬᠦᠷᠢᠶ᠎ᠡ ᠶᠢ ᠨᠢ ᠲᠣᠭᠲᠠᠭᠤᠨ ᠢᠶᠠᠷ ᠥᠷᠭᠡᠳᠬᠡᠵᠦ᠂ ᠤᠢ ᠰᠢᠭᠤᠢ᠂ ᠨᠤᠲᠤᠭ ᠪᠡᠯᠴᠢᠭᠡᠷ᠂ ᠠᠭᠠᠷ ᠮᠠᠨᠳᠠᠯ ᠵᠡᠷᠭᠡ ᠪᠤᠰᠤᠳ ᠠᠮᠢ ᠠᠬᠤᠢ ᠶᠢᠨ ᠣᠷᠴᠢᠨ ᠲᠣᠭᠤᠷᠢᠨ ᠤ ᠬᠦᠴᠦᠨ ᠵᠦᠢᠯ ᠤᠨ ᠨᠥᠬᠦᠪᠦᠷᠢ ᠶᠢᠨ ᠠᠷᠭ᠎ᠠ ᠬᠡᠯᠪᠡᠷᠢ ᠶᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠱᠠᠩᠨᠠᠵᠤ ᠲᠣᠷᠭᠠᠬᠤ ᠶᠢ ᠲᠣᠳᠣ ᠪᠠᠶᠢᠯᠭᠠᠬᠤ ᠳᠦᠷᠢᠮ ᠲᠣᠭᠲᠠᠴᠠ ᠶᠢ ᠪᠦᠷᠢᠨᠰᠢᠭᠦᠯᠵᠦ᠂ ︽ᠬᠡᠨ ᠪᠣᠬᠢᠷᠲᠤᠭᠤᠯᠪᠠᠯ ᠲᠡᠷᠡ ᠵᠠᠰᠠᠬᠤ᠂ ᠬᠡᠨ ᠬᠠᠮᠠᠭᠠᠯᠠᠪᠠᠯ ᠲᠡᠷᠡ ᠠᠰᠢᠭ ᠬᠦᠷᠳᠡᠬᠦ︾ ᠶᠢ ᠪᠠᠷᠢᠮᠲᠠᠯᠠᠵᠤ᠂ ᠤᠷᠮᠠᠰᠢᠭᠤᠯᠬᠤ ᠪᠠ ᠬᠦᠯᠢᠶᠡᠰᠦᠯᠡᠬᠦ ᠲᠦᠷᠦ ᠶᠢᠨ ᠪᠣᠳᠣᠯᠭ᠎ᠠ ᠶᠢ ᠰᠤᠳᠤᠯᠤᠨ ᠲᠡᠭᠦᠯᠳᠡᠷᠵᠢᠭᠦᠯᠵᠦ᠂ ᠨᠡᠩ ᠤᠯᠠᠨ ᠨᠡᠶᠢᠭᠡᠮ ᠤᠨ ᠬᠥᠷᠥᠩᠭᠡ ᠶᠢ ᠲᠠᠲᠠᠵᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠣᠷᠣᠭᠤᠯᠬᠤ ᠬᠡᠷᠡᠭᠲᠡᠢ ᠭᠡᠵᠡᠢ᠃
ᠬᠤᠷᠠᠯᠳᠤᠭᠠᠨ ᠢᠶᠠᠷ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾ ᠶᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠢᠳᠡᠭᠡᠨ ᠤ ᠵᠦᠢᠯ ᠤᠨ ᠠᠮᠤᠷ ᠲᠦᠪᠰᠢᠨ ᠪᠣᠯ ᠠᠮᠢ ᠨᠠᠰᠤ ᠡᠷᠡᠭᠦᠯ ᠮᠡᠨᠳᠦ ᠳᠤ ᠬᠤᠯᠪᠣᠭᠳᠠᠨ᠎ᠠ᠂ ᠪᠠᠴᠢᠮ ᠬᠡᠷᠡᠭᠯᠡᠬᠦ ᠶᠢ ᠤᠷᠢᠳ ᠢᠶᠠᠷ ᠬᠡᠷᠡᠭᠵᠢᠭᠦᠯᠬᠦ ᠵᠠᠷᠴᠢᠮ ᠶᠣᠰᠣᠭᠠᠷ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠲᠡᠭᠦᠯᠳᠡᠷᠵᠢᠭᠦᠯᠵᠦ᠂ ᠨᠡᠩ ᠰᠢᠨᠵᠢᠯᠡᠬᠦ ᠤᠬᠠᠭᠠᠨᠴᠢ ᠴᠢᠩᠭ᠎ᠠ ᠨᠢᠮᠪᠠᠢ ᠢᠳᠡᠭᠡᠨ ᠤ ᠵᠦᠢᠯ ᠤᠨ ᠠᠮᠤᠷ ᠲᠦᠪᠰᠢᠨ ᠤ ᠪᠠᠷᠢᠮᠵᠢᠶ᠎ᠠ᠂ ᠢᠯᠠᠩᠭᠤᠶ᠎ᠠ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶᠠᠨ ᠤ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ᠃ ᠢᠳᠡᠭᠡᠨ ᠤ ᠵᠦᠢᠯ ᠤᠨ ᠠᠮᠤᠷ ᠲᠦᠪᠰᠢᠨ ᠤ ᠵᠠᠰᠠᠯᠲᠠ ᠶᠢᠨ ᠬᠡᠪ ᠵᠠᠭᠪᠤᠷ ᠢ ᠬᠡᠷᠡᠭ ᠡᠭᠦᠰᠬᠦ ᠠᠴᠠ ᠤᠷᠢᠳ ᠰᠡᠷᠭᠡᠶᠢᠯᠡᠬᠦ ᠲᠡᠶᠢᠰᠢ ᠬᠤᠪᠢᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠪᠦᠬᠦ ᠬᠡᠯᠬᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠶᠢ ᠦᠨᠳᠦᠰᠦᠨ ᠱᠠᠲᠤᠨ ᠳᠤ ᠬᠠᠨᠳᠤᠭᠤᠯᠬᠤ ᠶᠢ ᠠᠬᠢᠭᠤᠯᠵᠤ᠂ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠶᠢ ᠴᠢᠩᠳᠠᠯᠠᠬᠤ ᠬᠡᠷᠡᠭᠲᠡᠢ᠃ ᠭᠤᠣᠯᠳᠠᠯᠭ᠎ᠠ ᠪᠣᠯᠬᠤ ᠬᠦᠷᠢᠶ᠎ᠡ ᠶᠢ ᠲᠣᠪᠤᠶᠢᠯᠭᠠᠨ ᠲᠤᠰᠬᠠᠢ ᠵᠠᠰᠠᠯᠲᠠ ᠶᠢ ᠥᠷᠨᠢᠭᠦᠯᠵᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠰᠢᠢᠳᠪᠦᠷᠢᠯᠡᠬᠦ ᠪᠠᠨ ᠴᠢᠩᠭᠠᠳᠬᠠᠵᠤ᠂ ᠢᠯᠡᠷᠡᠭᠦᠯᠦᠭᠰᠡᠨ ᠠᠰᠠᠭᠤᠳᠠᠯ ᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠥᠴᠥᠬᠡᠨ ᠴᠦ ᠢᠯᠳᠠᠷ ᠬᠠᠶᠠᠬᠤ ᠦᠭᠡᠢ ᠪᠠᠶᠢᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ ᠭᠡᠵᠡᠢ᠃
ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃