5 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠭᠦ ᠬᠥᠮᠦᠵᠢᠯ ᠤᠨ ᠬᠤᠷᠠᠯ ᠭᠦᠭᠡᠬᠤᠲᠠ ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠰᠠᠬᠢᠯᠭ᠎ᠠ ᠪᠠᠲᠤ ᠰᠤᠷᠲᠠᠯ ᠤᠨ ᠨᠠᠮ ᠤᠨ ᠬᠢᠴᠢᠶᠡᠯ ᠣᠷᠣᠪᠠ᠃


ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠮᠤᠵᠢ ᠶᠢᠨ ᠲᠠᠰ ᠤᠨ ᠬᠡᠰᠡᠭ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠯᠢᠦ ᠱᠤᠸᠠᠩ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠰᠠᠭᠤᠳᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ᠃
ᠰᠦᠨ ᠱᠤᠤ ᠴᠧᠩ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠵᠢᠴᠢ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠪᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠳᠤ ᠳᠤᠷᠠᠳᠤᠭᠰᠠᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠱᠠᠭᠠᠷᠳᠠᠯᠭ᠎ᠠ ᠶᠢ ᠳᠠᠭᠢᠨ ᠡᠷᠭᠢᠴᠡᠭᠦᠯᠪᠡ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠨᠠᠶᠢᠳᠠᠪᠤᠷᠢᠵᠢᠭᠤᠯᠬᠤ ᠠᠴᠠ ᠡᠬᠢᠯᠡᠨ ᠠᠰᠠᠭᠤᠳᠠᠯ ᠢ ᠰᠢᠢᠳᠪᠦᠷᠢᠯᠡᠵᠦ᠂ ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠨᠡᠶᠢᠭᠡᠮ ᠤᠨ ᠰᠤᠷᠲᠠᠯ ᠴᠣ ᠰᠢᠨ᠎ᠡ ᠪᠠᠶᠢᠳᠠᠯ ᠲᠠᠢ ᠪᠣᠯᠵᠤ᠂ ᠨᠠᠮ ᠤᠨ ᠰᠡᠳᠬᠢᠯ ᠴᠡᠷᠢᠭ ᠤᠨ ᠰᠡᠳᠬᠢᠯ ᠠᠷᠠᠳ ᠤᠨ ᠰᠡᠳᠬᠢᠯ ᠳᠡᠭᠡᠳᠦ ᠬᠡᠮᠵᠢᠶ᠎ᠡ ᠪᠠᠷ ᠨᠢᠭᠲᠠᠷᠠᠵᠤ᠂ ᠨᠠᠢᠮᠠᠨ ᠲᠣᠭᠲᠠᠭᠠᠯ ᠨᠢ ᠨᠢᠭᠡᠨᠲᠡ ᠰᠢᠨ᠎ᠡ ᠴᠠᠭ ᠦᠶ᠎ᠡ ᠶᠢᠨ ᠨᠠᠮ ᠢ ᠬᠠᠮᠢᠶᠠᠷᠴᠤ ᠨᠠᠮ ᠢ ᠵᠠᠰᠠᠬᠤ ︽ᠰᠢᠵᠢᠷ ᠠᠯᠲᠠᠨ ᠨᠡᠷ᠎ᠡ ᠶᠢᠨ ᠬᠠᠭᠤᠳᠠᠰᠤ︾ ᠪᠣᠯᠵᠠᠢ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ ᠶᠢᠨ ᠭᠦᠨᠵᠡᠭᠡᠢ ᠠᠭᠤᠯᠬᠤᠨ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠂ ᠪᠢᠳᠡ ᠡᠷᠬᠡᠪᠰᠢ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠰᠤᠷᠤᠯᠴᠠᠨ ᠣᠶᠢᠯᠠᠭᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠪᠡ᠃
ᠳᠠᠷᠠᠭ᠎ᠠ ᠨᠢ᠂ ᠰᠦᠨ ᠱᠤᠤ ᠴᠧᠩ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠡᠶ᠎ᠡ ᠴᠣᠭᠴᠠᠰ ᠤᠨ ᠡᠷᠡᠭᠦᠯ ᠮᠡᠨᠳᠦ ᠪᠠ ᠨᠠᠮ ᠤᠨ ᠭᠡᠰᠢᠭᠦᠨ ᠺᠠᠳ᠋ᠷ ᠤᠨ ︽ᠪᠡᠶ᠎ᠡ ᠮᠠᠬᠠᠪᠤᠳ︾ ᠤᠨ ᠡᠷᠡᠭᠦᠯ ᠮᠡᠨᠳᠦ ᠶᠢ ᠬᠠᠮᠠᠭᠠᠯᠠᠬᠤ ᠶᠢᠨ ᠲᠣᠭᠤᠷᠢᠨ ᠳᠤ ᠱᠠᠭᠠᠷᠳᠠᠯᠭ᠎ᠠ ᠳᠤᠷᠠᠳᠴᠠᠢ᠃ ᠲᠡᠷᠡ᠂ ᠡᠷᠡᠭᠦᠯ ᠮᠡᠨᠳᠦ ᠪᠠᠶᠢᠬᠤ ᠶᠢ ᠪᠠᠲᠤᠯᠠᠬᠤ ᠳᠤ ᠡᠷᠬᠡᠪᠰᠢ ᠥᠩᠭᠡᠨ ᠲᠠᠯ᠎ᠠ ᠪᠠ ᠦᠨᠳᠦᠰᠦᠨ ᠠᠴᠠ ᠨᠢ ᠵᠡᠷᠭᠡ ᠪᠠᠷ ᠵᠠᠰᠠᠵᠤ᠂ ᠰᠢᠰᠲ᠋ᠧᠮ ᠲᠠᠢ ᠵᠣᠬᠢᠴᠠᠭᠤᠯᠤᠨ ᠲᠣᠬᠢᠷᠠᠭᠤᠯᠵᠤ᠂ ᠣᠷᠣᠢ ᠠᠴᠠ ᠨᠢ ᠤᠯᠠ ᠳᠤᠨᠢ ᠲᠤᠯᠲᠠᠯ᠎ᠠ ᠡᠪᠡᠳᠴᠢᠨ ᠢ ᠨᠢ ᠠᠷᠢᠯᠭᠠᠵᠤ ᠪᠡᠶ᠎ᠡ ᠶᠢ ᠨᠢ ᠴᠢᠭᠢᠷᠠᠭᠵᠢᠭᠤᠯᠬᠤ ᠬᠡᠷᠡᠭᠲᠡᠢ᠃ ᠨᠢᠭᠡ ᠳᠤ᠂ ᠲᠠᠷᠢᠬᠢ ᠲᠣᠯᠣᠭᠠᠢ ᠪᠠᠨ ᠪᠠᠶᠢᠩᠭᠤ ᠴᠢᠭᠢᠷᠠᠭ ᠪᠠᠶᠢᠯᠭᠠᠵᠤ᠂ ᠰᠢᠨᠵᠢᠯᠡᠬᠦ ᠤᠬᠠᠭᠠᠨᠴᠢ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠪᠠᠷᠢᠮᠲᠠᠯᠠᠵᠤ᠂ ︽ᠲᠠᠷᠢᠬᠢ ᠲᠣᠯᠣᠭᠠᠢ ᠳᠤ ᠭᠠᠵᠢᠭᠤ ᠪᠤᠷᠤᠭᠤ ᠪᠤᠳᠤᠯ ᠣᠷᠣᠬᠤ︾ ᠠᠴᠠ ᠪᠣᠯᠵᠤ ︽ᠰᠤᠷᠲᠠᠯ ᠤᠨ ᠲᠠᠯ᠎ᠠ ᠪᠠᠷ ᠠᠰᠠᠭᠤᠳᠠᠯ ᠭᠠᠷᠬᠤ︾ ᠠᠴᠠ ᠰᠡᠷᠭᠡᠶᠢᠯᠡᠬᠦ ᠬᠡᠷᠡᠭᠲᠡᠢ᠃ ᠬᠤᠶᠠᠷ ᠲᠤ᠂ ᠰᠡᠳᠬᠢᠯ ᠢᠶᠠᠨ ᠵᠠᠰᠠᠬᠤ ᠶᠢ ᠪᠠᠶᠢᠩᠭᠤ ᠬᠢᠴᠢᠶᠡᠵᠦ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠤᠯᠭᠠᠵᠤ᠂ ᠤᠭ ᠰᠠᠨᠠᠭ᠎ᠠ ᠪᠠᠨ ᠦᠯᠦ ᠮᠠᠷᠲᠠᠨ᠂ ᠰᠡᠳᠬᠢᠯ ᠢᠶᠠᠷ ᠢᠶᠠᠨ ᠰᠡᠳᠬᠢᠯ ᠢ ᠰᠣᠯᠢᠵᠤ᠂ ᠤᠯᠠᠨ ᠲᠦᠮᠡᠨ ᠤ ᠪᠠᠶᠢᠷᠢ ᠳᠤ ᠵᠣᠭᠰᠣᠵᠤ ᠲᠡᠳᠡᠨ ᠤ ᠪᠤᠳᠤᠵᠥ ᠪᠠᠶᠢᠭ᠎ᠠ ᠵᠦᠢᠯ ᠢ ᠪᠤᠳᠤᠵᠥ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠬᠤ ᠬᠡᠷᠡᠭᠲᠡᠢ᠃ ᠭᠤᠷᠪᠠ ᠳᠤ᠂ ᠠᠮᠠ ᠪᠠᠨ ᠰᠠᠶᠢᠲᠤᠷ ᠬᠠᠮᠢᠶᠠᠷᠴᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠡᠷᠡᠰ ᠲᠡᠪᠴᠢᠵᠦ᠂ ᠶᠠᠭᠠᠬᠢᠭᠰᠠᠨ ᠴᠤ ︽ᠬᠥᠮᠥᠨ ᠤ ᠶᠠᠭᠤᠮ᠎ᠠ ᠶᠢ ᠢᠳᠡᠭᠰᠡᠨ ᠬᠥᠮᠥᠨ ᠤ ᠬᠤᠩᠰᠢᠶᠠᠷ ᠨᠢ ᠵᠥᠭᠡᠯᠡᠨ︾ ᠪᠠᠶᠢᠬᠤ ᠳᠤᠮᠳᠠ ᠥᠪᠡᠷ ᠢ ᠪᠠᠨ ᠲᠥᠭᠡᠷᠢᠭᠳᠡᠭᠦᠯᠵᠦ᠂ ᠬᠤᠷᠢᠭ᠎ᠠ ᠱᠤᠭᠤᠮ ᠢᠶᠠᠨ ᠠᠯᠳᠠᠵᠤ ᠪᠤᠯᠬᠤ ᠦᠭᠡᠢ᠃ ᠳᠥᠷᠪᠡ ᠳᠤ᠂ ᠭᠠᠷ ᠢᠶᠠᠨ ᠲᠠᠲᠠᠵᠤ᠂ ᠨᠠᠶᠢᠷ ᠲᠠᠯ᠎ᠠ᠂ ᠬᠠᠷᠢᠯᠴᠠᠭ᠎ᠠ ᠶᠠᠪᠤᠯᠴᠠᠭᠠᠨ ᠤ ᠪᠣᠭᠤᠮᠲᠠ ᠶᠢ ᠰᠠᠶᠢᠲᠤᠷ ᠰᠠᠬᠢᠬᠤ ᠬᠡᠷᠡᠭᠲᠡᠢ᠂ ᠶᠠᠭᠠᠬᠢᠭᠰᠠᠨ ᠴᠤ ᠬᠠᠷᠢᠯᠴᠠᠨ ᠶᠠᠪᠤᠯᠴᠠᠬᠤ ᠳᠤᠮᠳᠠ ︽ᠥᠴᠥᠬᠡᠨ ᠰᠡᠳᠬᠢᠯ︾ ᠭᠦᠢᠴᠡᠳᠬᠡᠬᠦ ᠠᠴᠠ ᠪᠣᠯᠵᠤ ︽ᠭᠦᠨ ᠨᠦᠭᠡᠨ︾ ᠳᠤ ᠤᠨᠠᠵᠤ ᠪᠤᠯᠬᠤ ᠦᠭᠡᠢ᠃ ᠲᠠᠯᠪᠢᠬᠤ ᠶᠣᠰᠣᠲᠠᠢ ᠡᠷᠬᠡ ᠶᠢ ᠳᠣᠷᠣᠭᠰᠢ ᠲᠠᠯᠪᠢᠵᠤ᠂ ᠢᠯᠡ ᠪᠤᠯᠭᠠᠬᠤ ᠶᠣᠰᠣᠲᠠᠢ ᠤᠴᠢᠷ ᠶᠠᠪᠤᠳᠠᠯ ᠢ ᠢᠯᠡ ᠪᠤᠯᠭᠠᠵᠤ᠂ ︽ᠶᠠᠭᠤᠮ᠎ᠠ ᠬᠦᠷᠭᠡᠬᠦ ᠪᠤᠳᠤᠯ ᠲᠠᠢ ᠬᠥᠮᠥᠨ︾ ᠢ ᠬᠦᠷᠭᠡᠬᠦ ᠵᠣᠷᠢᠭ ᠦᠭᠡᠢ ᠪᠤᠯᠭᠠᠵᠤ᠂ ︽ᠠᠪᠬᠤ ᠬᠥᠮᠥᠨ︾ ᠢ ᠭᠠᠷ ᠰᠤᠩᠭᠠᠬᠤ ᠲᠣᠭᠢᠶᠠᠯ ᠦᠭᠡᠢ ᠪᠤᠯᠭᠠᠬᠤ ᠬᠡᠷᠡᠭᠲᠡᠢ᠃ ᠲᠠᠪᠤ ᠳᠤ᠂ ᠡᠯᠳᠡᠪ ᠤᠨ ᠡᠮᠢᠶᠡᠯ ᠰᠠᠨᠠᠭᠠᠰᠢᠷᠠᠯ ᠢ ᠲᠡᠪᠴᠢᠨ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠭᠦᠢᠴᠡᠳᠬᠡᠵᠦ᠂ ᠮᠣᠩᠭᠤᠯ ᠮᠣᠷᠢ ᠰᠢᠭ᠋ ᠴᠤᠴᠠᠯᠲᠠ ᠦᠭᠡᠢ ᠲᠡᠮᠡᠦᠯᠵᠦ᠂ ᠨᠣᠮᠣᠬᠠᠨ ᠱᠠᠷ ᠰᠢᠭ᠋ ᠰᠢᠷᠭᠠᠭᠤ ᠬᠠᠲᠠᠭᠤᠵᠢᠯᠲᠠᠢ ᠠᠵᠢᠯᠯᠠᠬᠤ ᠬᠡᠷᠡᠭᠲᠡᠢ ᠭᠡᠪᠡ᠃
ᠰᠦᠨ ᠱᠤᠤ ᠴᠧᠩ᠂ ︽ᠪᠡᠶ᠎ᠡ ᠮᠠᠬᠠᠪᠤᠳ︾ ᠤᠨ ᠡᠷᠡᠭᠦᠯ ᠮᠡᠨᠳᠦ ᠶᠢ ᠪᠠᠲᠤᠯᠠᠬᠤ ᠳᠤ ᠪᠠᠰᠠ ︽ᠭᠡᠷ ᠪᠦᠯᠢ ᠶᠢᠨ ᠡᠷᠡᠭᠦᠯ ᠬᠠᠮᠠᠭᠠᠯᠠᠯ︾ ᠢ ᠰᠠᠶᠢᠲᠤᠷ ᠬᠠᠮᠢᠶᠠᠷᠴᠤ᠂ ᠭᠡᠷ ᠤᠨ ᠬᠥᠮᠥᠰ ᠢᠶᠠᠨ ᠴᠢᠩᠭ᠎ᠠ ᠱᠠᠭᠠᠷᠳᠠᠬᠤ ᠬᠡᠷᠡᠭᠲᠡᠢ᠃ ︽ᠳᠡᠷᠭᠡᠳᠡᠬᠢ ᠣᠷᠴᠢᠨ ᠲᠣᠭᠤᠷᠢᠨ︾ ᠢᠶᠠᠨ ᠰᠠᠶᠢᠲᠤᠷ ᠪᠠᠲᠤᠯᠠᠵᠤ᠂ ᠳᠡᠷᠭᠡᠳᠡᠬᠢ ᠠᠵᠢᠯᠲᠠᠨ ᠤ ᠬᠥᠮᠦᠵᠢᠯ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ︽ᠭᠠᠳᠠᠨ᠎ᠠ ᠠᠴᠠ ᠢᠷᠡᠬᠦ ᠸᠢᠷᠦ᠋ᠰ︾ ᠢ ᠰᠠᠶᠢᠲᠤᠷ ᠲᠤᠰᠠᠭᠠᠷᠯᠠᠵᠤ᠂ ᠨᠡᠶᠢᠭᠡᠮ ᠤᠨ ᠬᠠᠷᠢᠯᠴᠠᠭᠠᠨ ᠤ ᠲᠣᠭᠤᠷᠢᠭ᠂ ᠠᠮᠢᠳᠤᠷᠠᠯ ᠤᠨ ᠲᠣᠭᠤᠷᠢᠭ᠂ ᠨᠠᠶᠢᠵᠠ ᠶᠢᠨ ᠲᠣᠭᠤᠷᠢᠭ ᠢᠶᠠᠨ ᠲᠠᠰᠤᠷᠠᠯᠳᠠ ᠦᠭᠡᠢ ᠴᠡᠪᠡᠷᠰᠢᠭᠦᠯᠬᠦ ᠬᠡᠷᠡᠭᠲᠡᠢ᠃ ︽ᠤᠯᠠᠨ ᠨᠡᠶᠢᠲᠡ ᠶᠢᠨ ᠡᠷᠡᠭᠦᠯ ᠬᠠᠮᠠᠭᠠᠯᠠᠯ︾ ᠢ ᠰᠠᠶᠢᠲᠤᠷ ᠬᠠᠮᠠᠭᠠᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠣᠯᠣᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠭᠦᠢᠴᠡᠳᠬᠡᠵᠦ᠂ ᠥᠪᠡᠷ ᠤᠨ ︽ᠬᠠᠷᠢᠭᠤᠴᠠᠯᠭ᠎ᠠ ᠶᠢᠨ ᠣᠷᠣᠨ︾ ᠢᠶᠠᠨ ᠰᠠᠶᠢᠲᠤᠷ ᠬᠠᠮᠢᠶᠠᠷᠴᠤ ᠬᠠᠮᠠᠭᠠᠯᠠᠬᠤ ᠬᠡᠷᠡᠭᠲᠡᠢ᠃ ︽ᠪᠡᠶ᠎ᠡ ᠶᠢᠨ ᠪᠠᠶᠢᠴᠠᠭᠠᠯᠲᠠ︾ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ᠦᠷᠭᠦᠯᠵᠢ ᠰᠠᠬᠢᠯᠭ᠎ᠠ ᠪᠠᠲᠤ ᠶᠣᠰᠣ ᠳᠦᠷᠢᠮ ᠤᠨ ︽ᠬᠠᠲᠠᠭᠤ ᠵᠢᠭᠠᠯᠲᠠ ᠲᠤᠭ᠎ᠠ︾ ᠪᠠᠷ ᠥᠪᠡᠷ ᠢ ᠪᠠᠨ ᠰᠢᠷᠪᠢᠵᠦ᠂ ᠳᠡᠷᠭᠡᠳᠡᠬᠢ ᠡᠰᠡᠷᠭᠦ ᠲᠠᠯ᠎ᠠ ᠶᠢᠨ ᠨᠡᠶᠢᠲᠡᠯᠢᠭ ︽ᠠᠮᠢᠳᠤ ᠵᠢᠭᠠᠬᠤ ᠮᠠᠲ᠋ᠧᠷᠢᠶᠠᠯ︾ ᠲᠠᠢ ᠬᠠᠷᠭᠤᠭᠤᠯᠤᠨ ᠥᠪᠡᠷ ᠢ ᠪᠠᠨ ᠪᠠᠶᠢᠴᠠᠭᠠᠨ ᠦᠵᠡᠵᠦ᠂ ᠲᠣᠰ ᠪᠡᠶ᠎ᠡ ᠶᠢᠨ ︽ᠡᠷᠡᠭᠦᠯ ᠮᠡᠨᠳᠦ ᠶᠢᠨ ᠵᠢᠭᠠᠯᠲᠠ ᠲᠤᠭ᠎ᠠ︾ ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠪᠡ᠃
ᠬᠤᠷᠠᠯ ᠳᠤ ᠣᠷᠣᠯᠴᠠᠭᠰᠠᠳ ᠬᠠᠮᠲᠤ ᠪᠠᠷ ︽ᠳᠡᠯᠭᠡᠴᠡ ᠶᠢᠨ ᠨᠠᠭᠠᠨ᠎ᠠ ᠴᠠᠭᠠᠨ᠎ᠠ︾ ᠭᠡᠬᠦ ᠰᠡᠷᠡᠮᠵᠢᠯᠡᠭᠦᠯᠭᠦ ᠬᠥᠮᠦᠵᠢᠯ ᠤᠨ ᠹᠢᠯᠢᠮ ᠢ ᠰᠣᠨᠢᠷᠬᠠᠪᠠ᠃ ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠪᠣᠯᠣᠨ ᠮᠠᠨᠵᠤᠤᠷ ᠬᠤᠳᠠ᠂ ᠡᠷᠢᠶᠡᠨ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃