ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ ᠪᠣᠯ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠰᠠᠭᠤᠷᠢ ᠲᠤᠯᠭᠠᠭᠤᠷᠢᠯᠠᠯ ᠪᠠ ᠳᠣᠲᠣᠭᠠᠳᠤ ᠱᠠᠭᠠᠷᠳᠠᠯᠭ᠎ᠠ ᠪᠣᠯᠣᠨ᠎ᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠢᠶᠠᠷ ︽ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭᠠᠨ ᠢ ᠥᠷᠨᠢᠭᠦᠯᠬᠦ ᠬᠡᠷᠡᠭᠲᠡᠢ᠃ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠵᠢᠯᠣᠭᠤᠳᠤᠮᠵᠢ ᠶᠢ ᠲᠣᠭᠲᠠᠭᠠᠨ᠎ᠠ︾ ᠭᠡᠵᠦ ᠳᠤᠷᠠᠳᠪᠠ᠃ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ︽ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠤᠨ᠎ᠠ︾ ᠭᠡᠵᠦ ᠳᠤᠷᠠᠳᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠤᠯᠠᠮ ᠨᠢᠭᠡ ᠠᠯᠬᠤᠮ ᠲᠤᠪᠤᠶᠢᠯᠭᠠᠵᠤ᠂ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠠᠰᠢᠭᠲᠠᠢ ᠡᠯ᠎ᠡ ᠵᠦᠢᠯ ᠤᠨ ᠳᠦᠷᠢᠮ ᠲᠣᠭᠲᠠᠭᠠᠯ ᠢ ᠬᠡᠷᠬᠢᠨ ᠲᠣᠭᠲᠠᠭᠠᠵᠤ᠂ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠠᠰᠢᠭ ᠦᠭᠡᠢ ᠡᠯ᠎ᠡ ᠵᠦᠢᠯ ᠤᠨ ᠬᠠᠷᠰᠢ ᠰᠠᠭᠠᠳ ᠢ ᠬᠡᠷᠬᠢᠨ ᠠᠷᠢᠯᠭᠠᠬᠤ ᠪᠤᠢ︖
ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠷᠢᠰᠦᠯᠳᠦᠭᠡᠨ ᠤ ᠲᠥᠷᠥ ᠶᠢᠨ ᠪᠣᠳᠣᠯᠭ᠎ᠠ ᠶᠢ ᠵᠣᠬᠢᠴᠠᠭᠤᠯᠬᠤ ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠷᠬᠡ ᠲᠡᠭᠰᠢ ᠪᠠᠷ ᠥᠷᠢᠰᠦᠯᠳᠦᠬᠦ ᠳᠦᠷᠢᠮ ᠲᠣᠭᠲᠠᠭᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠵᠦᠢ ᠵᠣᠬᠢᠰ ᠦᠭᠡᠢ ᠪᠠᠷ ᠭᠠᠷ ᠲᠦᠷᠦᠭᠦ ᠡᠯ᠎ᠡ ᠵᠦᠢᠯ ᠤᠨ ᠦᠶᠯᠡ ᠠᠵᠢᠯᠯᠠᠭ᠎ᠠ ᠶᠢ ᠡᠷᠡᠰ ᠵᠠᠯᠠᠷᠠᠭᠤᠯᠵᠤ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠤᠨ ᠰᠠᠭᠠᠳ ᠦᠭᠡᠢ ᠨᠡᠪᠲᠡᠷᠡᠬᠦ ᠶᠢ ᠠᠬᠢᠭᠤᠯᠤᠨ᠎ᠠ᠃ ︽ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠳᠦᠷᠢᠮ ᠤᠨ ᠬᠡᠷᠡᠭᠵᠢᠭᠦᠯᠬᠦ ᠠᠷᠭ᠎ᠠ︾ ᠶᠢ ᠬᠡᠷᠡᠭᠵᠢᠭᠦᠯᠬᠦ ᠪᠠᠨ ᠲᠦᠷᠭᠡᠪᠴᠢᠯᠡᠨ ᠠᠬᠢᠭᠤᠯᠵᠤ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠶᠡᠷᠦᠩᠬᠡᠢ ᠱᠠᠭᠠᠷᠳᠠᠯᠭ᠎ᠠ᠂ ᠬᠢᠨᠠᠨ ᠪᠠᠶᠢᠴᠠᠭᠠᠬᠤ ᠪᠠᠷᠢᠮᠵᠢᠶ᠎ᠠ᠂ ᠬᠢᠨᠠᠨ ᠪᠠᠶᠢᠴᠠᠭᠠᠬᠤ ᠲᠣᠭᠲᠠᠴᠠ ᠪᠠ ᠬᠢᠨᠠᠯᠲᠠ ᠲᠠᠯᠪᠢᠵᠤ ᠪᠠᠲᠤᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ᠎ᠠ ᠭᠡᠵᠡᠢ᠃
ᠵᠠᠰᠠᠭ ᠵᠠᠬᠢᠷᠭᠠᠨ ᠤ ᠡᠷᠬᠡ ᠶᠢ ᠳᠤᠷ᠎ᠠ ᠪᠠᠷ ᠬᠡᠷᠡᠭᠯᠡᠨ ᠥᠷᠢᠰᠦᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ ᠪᠠᠶᠢᠳᠠᠯ ᠳᠤ ᠴᠢᠭᠯᠡᠭᠦᠯᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠡᠵᠡᠩᠨᠡᠯᠲᠡ ᠶᠢᠨ ᠭᠤᠣᠯ ᠴᠣᠭᠴᠠ ᠶᠢᠨ ᠲᠤᠰᠬᠠᠯ ᠶᠡᠬᠡᠲᠡᠢ ᠬᠦᠷᠢᠶᠡᠨ ᠳᠤ ᠠᠩᠬᠠᠷᠤᠯ ᠲᠥᠪᠯᠡᠷᠡᠭᠦᠯᠵᠦ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠤᠨ ᠨᠡᠭᠦᠬᠦ ᠶᠢ ᠬᠢᠵᠠᠭᠠᠷᠯᠠᠬᠤ᠂ ᠲᠠᠸᠠᠷ ᠤᠨ ᠬᠦᠴᠦᠨ ᠵᠦᠢᠯ ᠤᠨ ᠴᠢᠯᠦᠭᠡᠲᠡᠢ ᠭᠦᠢᠯᠭᠡᠭᠡᠨ ᠢ ᠬᠠᠷᠰᠢᠯᠠᠬᠤ᠂ ᠥᠪᠡᠷ ᠤᠨ ︽ᠪᠠᠭ᠎ᠠ ᠣᠷᠴᠢᠯ︾ ᠲᠠᠢ ᠪᠠᠶᠢᠯᠭᠠᠬᠤ ᠵᠡᠷᠭᠡ ᠠᠵᠢᠯᠯᠠᠭ᠎ᠠ ᠶᠢ ᠡᠷᠡᠰ ᠵᠠᠯᠠᠷᠠᠭᠤᠯᠵᠤ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠤᠨ ᠥᠨᠳᠥᠷ ᠪᠦᠲᠦᠮᠵᠢᠲᠡᠶ ᠰᠠᠭᠠᠳ ᠦᠭᠡᠢ ᠨᠡᠪᠲᠡᠷᠡᠬᠦ ᠶᠢ ᠠᠬᠢᠭᠤᠯᠤᠨ᠎ᠠ᠃
ᠬᠡᠰᠡᠭ ᠭᠠᠵᠠᠷ ᠣᠷᠣᠨ ᠳᠤ ᠢᠯᠡᠷᠡᠵᠦ ᠪᠠᠶᠢᠭ᠎ᠠ ︽ᠨᠢᠭᠡ ᠲᠥᠷᠥᠯ ᠤᠨ ᠬᠡᠷᠡᠭ ᠢ ᠠᠳᠠᠯᠢ ᠪᠤᠰᠤ ᠪᠠᠷ ᠲᠣᠷᠭᠠᠭᠰᠠᠨ︾ ᠪᠠᠶᠢᠳᠠᠯ ᠳᠤ ᠴᠢᠭᠯᠡᠭᠦᠯᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠬᠢᠨᠠᠨ ᠪᠠᠶᠢᠴᠠᠭᠠᠬᠤ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ ᠳᠤ ᠪᠠᠨ᠂ ︽ᠠᠷᠠᠳ ᠤᠨ ᠲᠥᠯᠥᠭᠡ ᠬᠢᠨᠠᠨ ᠬᠠᠮᠢᠶᠠᠷᠬᠤ ᠣᠨᠣᠯᠵᠢᠬᠤᠨ ᠢ ᠪᠠᠲᠤ ᠪᠣᠢ ᠪᠣᠯᠭᠠᠨ ᠦᠢᠯᠡᠴᠢᠯᠡᠬᠦ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ ᠶᠢ ᠬᠡᠷᠡᠭᠵᠢᠭᠦᠯᠬᠦ ᠲᠤᠬᠠᠢ ᠵᠢᠯᠤᠭᠤᠳᠬᠤ ᠰᠠᠨᠠᠯ︾ ᠪᠠ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠯᠠᠭᠠᠨ ᠤ ᠵᠢᠷᠤᠮᠵᠢᠯ︾ ᠢ ᠳᠠᠷᠤᠮᠠᠯᠯᠠᠨ ᠶᠠᠪᠤᠭᠤᠯᠤᠭᠰᠠᠨ ᠤ ᠳᠠᠷᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ︽ᠰᠡᠷᠭᠡᠶᠢᠯᠡᠬᠦ ᠪᠠᠷ ᠭᠤᠣᠯᠯᠠᠵᠤ᠂ ᠬᠥᠩᠭᠡᠨ ᠲᠣᠷᠭᠠᠭᠤᠯᠢ ᠠᠴᠠ ᠬᠡᠯᠲᠦᠷᠢᠭᠦᠯᠬᠦ᠂ ᠬᠦᠨᠳᠦ ᠪᠠᠷ ᠵᠥᠷᠢᠴᠡᠭᠰᠡᠨ ᠪᠠᠶᠢᠪᠠᠯ ᠴᠢᠩᠭ᠎ᠠ ᠰᠢᠢᠳᠬᠡᠬᠦ᠂ ᠠᠯᠳᠠᠰᠢ ᠪᠠ ᠲᠣᠷᠭᠠᠭᠤᠯᠢ ᠶᠢ ᠲᠡᠩᠨᠡᠭᠦᠯᠬᠦ᠂ ᠬᠡᠷᠡᠭ ᠤᠨ ᠳᠠᠷᠠᠭ᠎ᠠ ᠰᠤᠷᠪᠤᠯᠵᠢᠯᠠᠬᠤ︾ ᠦᠢᠯᠡᠴᠢᠯᠡᠬᠦ ᠬᠡᠯᠪᠡᠷᠢ ᠶᠢᠨ ᠬᠠᠤᠯᠢ ᠬᠡᠷᠡᠭᠵᠢᠭᠦᠯᠬᠦ ᠬᠡᠪ ᠵᠠᠭᠪᠤᠷ ᠢ ᠬᠦᠴᠦᠯᠡᠨ ᠪᠠᠶᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠪᠠ ᠠᠷᠠᠳ ᠤᠯᠠᠨ ᠳᠤ ᠬᠠᠤᠯᠢ ᠬᠡᠷᠡᠭᠵᠢᠭᠦᠯᠬᠦ ᠠᠵᠢᠯᠯᠠᠭ᠎ᠠ ᠪᠣᠯᠭᠠᠨ ᠠᠴᠠ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠦᠵᠡᠭᠦᠯᠵᠦ᠂ ᠬᠠᠤᠯᠢ ᠬᠡᠷᠡᠭᠵᠢᠭᠦᠯᠬᠦ ᠲᠣᠭᠲᠠᠭᠠᠯ ᠪᠣᠯᠭᠠᠨ ᠠᠴᠠ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠵᠤ ᠪᠠᠶᠢᠨ᠎ᠠ ᠭᠡᠵᠡᠢ᠃
ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ ᠳᠤ ᠬᠤᠳᠠ ᠬᠥᠳᠡᠭᠡ ᠶᠢᠨ ᠰᠠᠭᠠᠳ ᠦᠭᠡᠢ ᠭᠦᠢᠯᠭᠡᠭᠡᠨ ᠤ ᠲᠣᠭᠲᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ᠃ ︽ᠬᠤᠲᠠ ᠬᠥᠳᠡᠭᠡ ᠶᠢ ᠨᠠᠪᠲᠠᠷᠡᠭᠦᠯᠵᠦ᠂ ᠭᠦᠢᠯᠭᠡᠭᠡ ᠶᠢ ᠬᠥᠭᠵᠢᠶᠡᠨᠲᠡᠢ ᠪᠣᠯᠭᠠᠬᠤ ᠪᠣᠯ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠭᠤᠣᠯ ᠠᠵᠢᠯ ᠮᠥᠨ᠂ ᠪᠥᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠲᠦᠷᠭᠡᠨ ᠠᠭᠤᠰᠤᠯᠴᠠᠬᠤ ᠪᠠ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠣᠯ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠡᠳᠦᠪ ᠲᠠᠬᠢ ᠪᠠᠶᠢᠪᠠᠰᠤ ᠵᠣᠬᠢᠬᠤ ᠠᠭᠤᠯᠭ᠎ᠠ ᠮᠥᠨ᠃︾ ᠭᠡᠵᠦ ᠳᠤᠮᠳᠠᠳᠤ ᠶᠢᠨ ᠪᠦᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠢ ᠬᠤᠷᠰᠢᠶ᠎ᠠ ᠶᠢᠨ ᠠᠵᠤ ᠠᠬᠤᠢ ᠶᠢᠨ ᠬᠥᠭᠵᠢᠯᠲᠡ ᠪᠠ ᠥᠭᠡᠷᠡᠴᠢᠯᠡᠯᠲᠡ ᠶᠢᠨ ᠬᠡᠯᠲᠡᠰ ᠤᠨ ᠳᠠᠷᠤᠭ᠎ᠠ ᠮᠠ ᠵᠢᠢ ᠬᠤᠩ ᠬᠡᠯᠡᠪᠡ᠃
ᠲᠠᠷᠠᠭᠠᠴᠢ ᠶᠢᠨ ᠠᠯᠬᠤᠮ ᠳᠤ᠂ ᠪᠥᠬᠦ ᠰᠢᠰᠲ᠋ᠧᠮ ᠢᠶᠠᠷ ᠢᠶᠠᠨ ︽ᠵᠢᠷᠭᠤᠭᠠᠨ ᠬᠥᠨᠳᠡᠯᠡᠨ ᠲᠤᠯᠤᠭᠠᠨ ᠭᠤᠯᠳᠤ ᠬᠤᠶᠠᠷ ᠬᠥᠪᠡᠭᠡ︾ ᠶᠢᠨ ᠪᠥᠬᠦ ᠤᠯᠤᠰ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠬᠤᠩᠭᠢᠯ ᠳᠤ ᠲᠦᠰᠢᠭᠯᠡᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠲᠣᠣᠷ ᠰᠦᠯᠵᠢᠶᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠰᠠᠶᠢᠲᠤᠷ ᠬᠢᠨ᠎ᠡ︔ ᠲᠠᠷᠢᠶᠠᠯᠠᠩ ᠤᠨ ᠪᠦᠲᠦᠭᠡᠭᠳᠡᠬᠦᠨ ᠤ ᠤᠳᠤ ᠦᠶ᠎ᠡ ᠶᠢᠨ ᠭᠦᠢᠯᠭᠡᠭᠡᠨ ᠤ ᠲᠣᠣᠷ ᠰᠦᠯᠵᠢᠶᠡᠨ ᠤ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠪᠣᠳᠠᠰ ᠤᠨ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︔ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠳᠠᠶᠢᠴᠢᠯᠠᠨ ᠠᠭᠤᠯᠠᠨ ᠭᠠᠵᠠᠷ ᠠᠴᠠ ᠭᠠᠷᠭᠠᠵᠤ᠂ ᠵᠠᠬ᠎ᠠ ᠳᠡᠯᠭᠡᠭᠦᠷ ᠲᠤ ᠭᠠᠷᠭᠠᠨ᠎ᠠ᠃