ᠰᠦ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2025/5/27

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ


ᠥᠪᠥᠷ ᠵᠠᠰᠠᠭ ᠠᠯᠪᠠᠨ ᠲᠠᠷᠬᠠᠭᠠᠭᠰᠠᠨ ﹇2025﹈ 13 ᠳ᠋ᠤᠭᠠᠷ ᠲᠣᠭᠠᠲᠤ


ᠰᠦ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ 

ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ


ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ᠄

2023 ᠣᠨ ᠳᠤ ᠂ ᠥᠪᠡᠷᠲᠡᠭᠡᠨ ᠵᠠᠰᠠᠬᠤ ᠣᠷᠣᠨ ︽ᠰᠦ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠥᠪᠥᠷ ᠵᠠᠰᠠᠭ ᠠᠯᠪᠠᠨ ᠲᠠᠷᠬᠠᠭᠠᠭᠰᠠᠨ ﹇ 2023 ﹈ 58 ᠳ᠋ᠤᠭᠠᠷ ᠲᠣᠭᠠᠲᠤ︶ ᠢ ᠨᠡᠶᠢᠲᠡᠯᠡᠵᠦ ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠡᠷᠦᠬᠡ ᠪᠠ ᠠᠵᠤ ᠠᠬᠤᠶᠢᠯᠠᠯ ᠢ ᠴᠠᠭ ᠲᠤᠬᠠᠢ ᠳᠤ ᠨᠢ ᠬᠠᠪᠰᠤᠷᠤᠨ ᠲᠤᠰᠠᠯᠠᠵᠤ ᠬᠦᠴᠢᠷᠳᠡᠯ ᠢ ᠨᠢ ᠲᠠᠶᠢᠯᠤᠨ ᠂ ᠰᠦ ᠰᠠᠭᠠᠯᠢ ᠶᠢᠨ ᠦᠢᠯᠡᠰ ᠲᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠪᠦᠲᠦᠮᠵᠢᠲᠡᠶ ᠠᠷᠭᠠᠴᠠᠭᠠᠪᠠ ᠃ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠢ ᠭᠦᠨᠵᠡᠭᠡᠢ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠴᠢᠩᠭ᠎ᠠ ᠨᠢᠭᠲᠠᠷᠠᠨ ᠂ ᠣᠳᠣᠬᠠᠨ ᠤ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠬᠤᠪᠢᠷᠠᠯᠲᠠ ᠲᠠᠢ ᠤᠶᠠᠯᠳᠤᠭᠤᠯᠤᠨ ᠂ ᠰᠦ ᠰᠠᠭᠠᠯᠢ ᠶᠢᠨ ᠦᠢᠯᠡᠰ ᠤᠨ ᠭᠤᠣᠯ ᠴᠣᠭᠴᠠ ᠶᠢ ᠦᠷᠭᠦᠯᠵᠢᠯᠡᠨ ᠬᠠᠪᠰᠤᠷᠴᠤ ᠪᠠᠶᠢᠭᠠᠳ ᠬᠦᠴᠢᠷ ᠪᠡᠷᠬᠡᠰᠢᠶᠡᠯ ᠠᠴᠠ ᠨᠢ ᠲᠤᠭᠤᠯᠤᠭᠤᠯᠬᠤ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠡᠳᠦᠭᠡ ᠰᠦ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ ᠃

ᠨᠢᠭᠡ ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠡᠵᠢᠭᠡᠯ ᠡᠪᠡᠰᠦ ᠪᠣᠷᠳᠤᠭ᠎ᠠ ᠬᠤᠳᠠᠯᠳᠤᠨ ᠠᠪᠬᠤ ᠳᠤ ᠬᠡᠷᠡᠭᠯᠡᠬᠦ ᠵᠢᠭᠡᠯᠡᠯᠭᠡ ᠳᠤ ᠬᠦᠦ ᠮᠥᠩᠭᠦ ᠳ᠋ᠦᠩᠨᠡᠨ ᠪᠤᠳᠤᠭᠰᠠᠨ ᠡᠳᠦᠷ ᠤᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ ︵LPR︶ ᠶᠢᠨ 70% ︵ᠪᠣᠳᠠᠲᠠᠢ ᠬᠦᠦ ᠶᠢᠨ ᠨᠣᠷᠮ᠎ᠠ ᠨᠢ LPR ᠠᠴᠠ ᠳᠣᠣᠷ᠎ᠠ ᠪᠠᠶᠢᠪᠠᠯ ᠪᠣᠳᠠᠲᠠᠢ ᠬᠦᠦ ᠶᠢᠨ ᠨᠣᠷᠮ᠎ᠠ ᠶᠢᠨ 70% ᠪᠠᠷ ᠪᠤᠳᠤᠨ᠎ᠠ︶ ᠪᠠᠷ ᠂ ᠳᠠᠩ ᠭᠠᠭᠴᠠ ᠭᠤᠣᠯ ᠴᠣᠭᠴᠠ ᠳᠤ ᠵᠢᠯ ᠪᠦᠷᠢ 200 ᠲᠦᠮᠡᠨ ᠲᠥᠭᠦᠷᠢᠭ ᠠᠴᠠ ᠥᠯᠥ ᠳᠠᠪᠠᠭᠤᠯᠬᠤ ᠳᠠᠮ ᠬᠦᠦ ᠶᠢᠨ ᠳᠡᠮᠵᠢᠯᠭᠡ ᠣᠯᠭᠤᠨ᠎ᠠ ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠠᠯᠪᠠᠨ ᠭᠡᠷ︶

ᠬᠤᠶᠠᠷ ᠂ ᠳᠤᠮᠳᠠ ᠵᠢᠵᠢᠭ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠡᠵᠢᠭᠡᠨ ᠦᠷᠡᠵᠢᠭᠦᠯᠬᠦ ᠪᠠ ᠡᠳ᠋ᠰᠢᠭᠦᠯᠦᠨ ᠪᠣᠯᠪᠠᠰᠤᠷᠠᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠨᠢ ᠳᠡᠮᠵᠢᠵᠦ ᠂ ᠳᠤᠮᠳᠠ ᠵᠢᠵᠢᠭ ᠲᠡᠵᠢᠭᠡᠨ ᠦᠷᠡᠵᠢᠭᠦᠯᠬᠦ ᠲᠠᠯᠠᠪᠠᠶ ᠶᠢᠨ ᠥᠪᠡᠰᠦᠪᠡᠨ ᠡᠷᠭᠢᠯᠡᠭᠰᠡᠨ ᠫᠠᠰᠲ᠋ᠧᠦ᠋ᠷ ᠠᠷᠢᠭᠤᠳᠬᠠᠬᠤ ᠠᠷᠭ᠎ᠠ ᠳᠠᠮᠵᠢᠭᠰᠠᠨ ᠰᠦ ᠂ ᠳᠣᠣᠷ᠎ᠠ ᠳᠤᠯᠠᠭᠠᠨ ᠢᠶᠠᠷ ᠢᠰᠬᠡᠭᠰᠡᠨ ᠰᠦ ᠂ ᠪᠢᠰᠢᠯᠠᠭ ᠪᠠ ᠣᠷᠣᠨ ᠨᠤᠲᠤᠭ ᠤᠨ ᠣᠨᠴᠠᠯᠢᠭᠲᠤ ᠰᠦ ᠴᠠᠭᠠᠨ ᠢᠳᠡᠭᠡᠨ ᠤ ᠪᠦᠲᠦᠭᠡᠭᠳᠡᠬᠦᠨ ᠦᠢᠯᠡᠳᠪᠦᠷᠢᠯᠡᠬᠦ ᠵᠡᠷᠭᠡ ᠦᠢᠯᠡᠳᠪᠦᠷᠢᠯᠡᠵᠦ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ︵ᠢᠳᠡᠭᠡᠨ ᠤ ᠵᠦᠢᠯ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠣᠯᠬᠤ ᠴᠢᠬᠤᠯᠠ ᠲᠠᠢ︶ ᠳᠤ ᠪᠡᠯᠡ ᠣᠷᠣᠭᠤᠯᠤᠯᠲᠠ ᠶᠢᠨ ᠶᠡᠷᠦᠩᠬᠡᠢ ᠲᠣᠭᠠᠨ ᠤ 30% ᠪᠠᠷ ᠨᠡᠮᠡᠭᠦᠷᠢ ᠣᠯᠭᠤᠵᠤ ᠂ ᠳᠠᠩ ᠭᠠᠭᠴᠠ ᠭᠤᠣᠯ ᠴᠣᠭᠴᠠ ᠳᠤ ᠣᠯᠭᠤᠬᠤ ᠨᠡᠮᠡᠭᠦᠷᠢ ᠶᠢ 100 ᠲᠦᠮᠡᠨ ᠲᠥᠭᠦᠷᠢᠭ ᠠᠴᠠ ᠳᠠᠪᠠᠭᠤᠯᠬᠤ ᠦᠭᠡᠢ ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶

ᠭᠤᠷᠪᠠ ᠂ ᠨᠥᠬᠦᠴᠡᠯ ᠲᠠᠢ ᠭᠠᠵᠠᠷ ᠣᠷᠣᠨ ᠨᠤᠭᠤᠳ ᠲᠦᠭᠦᠬᠡᠢ ᠰᠦ ᠶᠢᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠳᠠᠭᠠᠳᠬᠠᠯ ᠢ ᠰᠦᠪᠡᠭᠴᠢᠯᠡᠨ ᠥᠷᠨᠢᠭᠦᠯᠬᠦ ᠶᠢ ᠨᠢ ᠵᠣᠷᠢᠭᠵᠢᠭᠤᠯᠵᠤ ᠂ ᠠᠵᠤ ᠦᠢᠯᠡᠰ ᠤᠨ ᠲᠤᠯᠭᠠᠭᠤᠷᠢᠯᠠᠯ ᠤᠨ ᠦᠷ᠎ᠡ ᠪᠦᠲᠦᠮᠵᠢ ᠪᠠᠷ ᠨᠡᠯᠢᠶᠡᠳ ᠰᠠᠶᠢᠨ ᠭᠠᠵᠠᠷ ᠣᠷᠣᠨ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠡᠮᠡᠭᠦᠷᠢ ᠣᠯᠭᠤᠬᠤ ᠬᠡᠪᠴᠢᠶᠡᠨ ᠳᠤ ᠴᠠᠭ ᠲᠤ ᠨᠢ ᠲᠣᠬᠢᠷᠠᠭᠤᠯᠤᠨ ᠣᠷᠣᠭᠤᠯᠬᠤ ᠬᠡᠷᠡᠭᠲᠡᠢ ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶

ᠳᠥᠷᠪᠡ ᠂ ᠰᠦ ᠴᠠᠭᠠᠨ ᠢᠳᠡᠭᠡᠨ ᠤ ᠪᠦᠲᠦᠭᠡᠭᠳᠡᠬᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ 2025 ᠣᠨ ᠤ 3 ︱ 8 ᠳ᠋ᠤᠭᠠᠷ ᠰᠠᠷ᠎ᠠ ᠳᠤ ᠲᠦᠭᠦᠬᠡᠢ ᠰᠦ ᠶᠢ ᠲᠤᠭ᠎ᠠ ᠶᠣᠰᠣᠭᠠᠷ ᠭᠦᠢᠴᠡᠳ ᠬᠤᠳᠠᠯᠳᠤᠨ ᠠᠪᠬᠤ ᠶᠢ ᠨᠢ ᠳᠡᠮᠵᠢᠵᠦ ᠂ ᠲᠦᠭᠦᠬᠡᠢ ᠰᠦ ᠬᠡᠷᠡᠭᠯᠡᠵᠦ ᠰᠡᠪᠰᠡᠵᠦ ᠨᠤᠨᠳᠠᠭᠯᠠᠪᠠᠯ ᠂ ᠬᠤᠳᠠᠯᠳᠤᠨ ᠠᠪᠤᠭᠰᠠᠨ ᠲᠤᠭ᠎ᠠ ᠬᠡᠮᠵᠢᠶᠡᠨ ᠤ 10% ᠪᠠᠷ ᠲᠣᠨ ᠪᠦᠷᠢ ᠳᠤ 1000 ᠲᠥᠭᠦᠷᠢᠭ ᠤᠨ ᠨᠡᠮᠡᠭᠦᠷᠢ ᠣᠯᠭᠤᠵᠤ ᠂ ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠲᠠ ᠲᠣᠰ ᠲᠣᠰ 50% ᠶᠢ ᠡᠭᠦᠷᠭᠡᠯᠡᠨ᠎ᠡ ᠃ ᠰᠡᠪᠰᠡᠵᠦ ᠨᠤᠨᠳᠠᠭᠯᠠᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠲᠡᠵᠢᠭᠡᠨ ᠦᠷᠡᠵᠢᠭᠦᠯᠬᠦ ᠦᠵᠦᠭᠦᠷ ᠲᠤ ᠬᠦᠷᠭᠡᠬᠦ ᠶᠢ ᠪᠠᠲᠤᠯᠠᠬᠤ ᠶᠢᠨ ᠲᠤᠰᠠᠳᠠ ᠂ ᠰᠦᠨ ᠤ ᠠᠵᠤ ᠠᠬᠤᠶᠢᠯᠠᠯ ᠤᠨ ᠬᠢᠨ ᠭᠡᠷ᠎ᠡ ᠳᠤ ᠲᠣᠭᠲᠠᠭᠰᠠᠨ ᠬᠡᠮᠵᠢᠶ᠎ᠡ ᠪᠠᠷ ᠲᠦᠭᠦᠬᠡᠢ ᠰᠦ ᠬᠤᠳᠠᠯᠳᠤᠨ ᠠᠪᠴᠤ ᠂ ᠭᠡᠷ᠎ᠡ ᠶᠢ ᠴᠠᠭ ᠲᠤᠬᠠᠢ ᠳᠤ ᠨᠢ ᠥᠷᠭᠦᠯᠵᠢᠯᠡᠨ ᠲᠣᠭᠲᠠᠭᠠᠨ ᠂ ᠬᠤᠷᠢᠶᠠᠬᠤ ᠶᠢ ᠲᠡᠪᠴᠢᠬᠦ ᠪᠠ ᠬᠢᠵᠠᠭᠠᠷᠯᠠᠵᠤ ᠪᠣᠯᠬᠤ ᠦᠭᠡᠢ ᠭᠡᠵᠦ ᠴᠢᠩᠭ᠎ᠠ ᠱᠠᠭᠠᠷᠳᠠᠬᠤ ᠬᠡᠷᠡᠭᠲᠡᠢ ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠡᠳ᠋ ᠤᠨ ᠵᠠᠰᠠᠭ ᠤᠨ ᠲᠢᠩᠬᠢᠮ︶

ᠲᠠᠪᠤ ᠂ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠷᠠᠭᠤᠯᠵᠤ ᠂ ᠤᠯᠤᠰ ᠤᠨ ᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠳᠡᠮᠵᠢᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ ︾ ᠢᠨᠵᠧᠨᠧᠷᠢᠩ ᠤᠨ ᠣᠨᠴᠠᠯᠢᠭᠲᠤ ᠰᠦᠨ ᠤ ᠦᠢᠯᠡᠰ ᠤᠨ ᠴᠡᠭ ᠪᠠᠶᠢᠷᠢ ᠳᠤ ᠲᠦᠰᠢᠭᠯᠡᠨ ᠂ ᠰᠦ ᠰᠠᠭᠠᠯᠢ ᠶᠢᠨ ᠦᠢᠯᠡᠰ ᠤᠨ ᠭᠦᠨ ᠡᠳ᠋ᠰᠢᠭᠦᠯᠦᠨ ᠪᠣᠯᠪᠠᠰᠤᠷᠠᠭᠤᠯᠵᠤ ᠰᠤᠳᠤᠯᠤᠨ ᠨᠡᠭᠡᠭᠡᠬᠦ ᠡᠷᠴᠢᠮ ᠢ ᠴᠢᠩᠭᠠᠷᠠᠭᠤᠯᠵᠤ ᠂ ᠰᠦᠨ ᠲᠠᠯᠬ᠎ᠠ ᠶᠢᠨ ᠰᠠᠭᠤᠷᠢ ᠨᠠᠶᠢᠷᠠᠯᠭ᠎ᠠ ᠂ ᠴᠢᠳᠠᠮᠵᠢᠲᠤ ᠴᠢᠨᠠᠷᠲᠠᠢ ᠰᠦ ᠴᠠᠭᠠᠨ ᠢᠳᠡᠭᠡᠨ ᠤ ᠪᠦᠲᠦᠭᠡᠭᠳᠡᠬᠦᠨ ᠤ ᠵᠠᠩᠭᠢᠯᠠᠭ᠎ᠠ ᠶᠢᠨ ᠮᠡᠷᠭᠡᠵᠢᠯ ᠢ ᠭᠤᠣᠯᠳᠠᠯᠭ᠎ᠠ ᠲᠠᠢ ᠰᠢᠪᠲᠤᠯᠵᠤ ᠂ ᠳᠤᠮᠳᠠᠳᠤᠴᠤᠳ ᠤᠨ ᠢᠳᠡᠭᠡᠨ ᠤᠮᠳᠠᠭᠠᠨ ᠤ ᠳᠠᠳᠬᠠᠯ ᠳᠤ ᠲᠣᠬᠢᠷᠠᠬᠤ ᠰᠦ ᠰᠠᠭᠠᠯᠢ ᠪᠠᠷ ᠰᠠᠭᠤᠷᠢᠯᠠᠭᠰᠠᠨ ᠢᠳᠡᠭᠡᠨ ᠤ ᠵᠦᠢᠯ ᠢ ᠨᠡᠭᠡᠭᠡᠨ ᠬᠥᠭᠵᠢᠭᠦᠯᠵᠦ ᠂ ᠳᠤᠮᠳᠠᠳᠤ ᠤᠯᠤᠰ ᠤᠨ ᠣᠨᠴᠠᠯᠢᠭ ᠲᠠᠢ ᠰᠦᠨ ᠲᠠᠯᠬ᠎ᠠ ᠶᠢᠨ ᠰᠠᠭᠤᠷᠢ ᠴᠢᠳᠠᠮᠵᠢᠲᠤ ᠲᠦᠭᠦᠬᠡᠢ ᠮᠠᠲ᠋ᠧᠷᠢᠶᠠᠯ ᠂ ᠳᠤᠮᠳᠠᠳᠤ ᠶᠢᠨ ᠮᠠᠶ᠋ᠢᠭ ᠤᠨ ᠪᠢᠰᠢᠯᠠᠭ ᠂ ᠳᠤᠮᠳᠠᠳᠤ ᠶᠢᠨ ᠮᠠᠶ᠋ᠢᠭ ᠤᠨ ᠰᠦ ᠰᠠᠭᠠᠯᠢ ᠪᠠᠷ ᠰᠠᠭᠤᠷᠢᠯᠠᠭᠰᠠᠨ ᠢᠳᠡᠭᠡᠨ ᠤ ᠵᠦᠢᠯ ᠵᠡᠷᠭᠡ ᠣᠨᠴᠠᠯᠢᠭᠲᠤ ᠰᠦ ᠴᠠᠭᠠᠨ ᠢᠳᠡᠭᠡᠨ ᠤ ᠪᠦᠲᠦᠭᠡᠭᠳᠡᠬᠦᠨ ᠢ ᠲᠦᠷᠭᠡᠳᠬᠡᠨ ᠭᠠᠷᠭᠠᠬᠤ ᠬᠡᠷᠡᠭᠲᠡᠢ ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠂ ᠡᠳ᠋ ᠤᠨ ᠵᠠᠰᠠᠭ ᠤᠨ ᠲᠢᠩᠬᠢᠮ︶

ᠵᠢᠷᠭᠤᠭ᠎ᠠ ᠂ ᠰᠦ ᠰᠠᠭᠠᠯᠢ ᠶᠢᠨ ᠦᠢᠯᠡᠰ ᠤᠨ ᠠᠵᠤ ᠠᠬᠤᠶᠢᠯᠠᠯ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠷᠭᠡ ᠡᠭᠦᠷᠭᠡᠯᠡᠬᠦ ᠶᠢ ᠨᠢ ᠳᠡᠮᠵᠢᠵᠦ ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠲᠠᠢ ᠬᠤᠯᠪᠤᠭᠠᠯᠠᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠬᠦ ᠶᠢ ᠨᠢ ᠵᠣᠷᠢᠭᠵᠢᠭᠤᠯᠤᠨ ᠂ ᠲᠡᠵᠢᠭᠡᠯ ᠡᠪᠡᠰᠦ ᠪᠣᠷᠳᠤᠭ᠎ᠠ ᠲᠡᠵᠢᠭᠡᠨ ᠦᠷᠡᠵᠢᠭᠦᠯᠬᠦ ᠡᠳ᠋ᠰᠢᠭᠦᠯᠦᠨ ᠪᠣᠯᠪᠠᠰᠤᠷᠠᠭᠤᠯᠬᠤ ᠪᠦᠬᠦ ᠠᠵᠤ ᠦᠢᠯᠡᠰ ᠤᠨ ᠬᠡᠯᠬᠢᠶᠡᠨ ᠤ ᠲᠣᠭᠤᠷᠢᠨ ᠳᠤ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠶᠢ ᠥᠷᠨᠢᠭᠦᠯᠵᠦ ᠂ ᠵᠦᠷᠢᠶᠡᠴᠢᠯᠡᠭᠰᠡᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠂ ᠡᠳ᠋ ᠤᠨ ᠵᠠᠰᠠᠭ ᠤᠨ ᠲᠢᠩᠬᠢᠮ︶

ᠳᠣᠯᠤᠭ᠎ᠠ ᠂ ᠰᠦ ᠴᠠᠭᠠᠨ ᠢᠳᠡᠭᠡᠨ ᠤ ᠪᠦᠲᠦᠭᠡᠭᠳᠡᠬᠦᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠤᠯᠤᠰ ᠤᠨ ᠳᠣᠲᠣᠭᠠᠳᠤ ᠭᠠᠳᠠᠭᠠᠳᠤ ᠶᠢᠨ ᠦᠵᠡᠰᠬᠦᠯᠡᠩ ᠴᠤᠭᠯᠠᠭᠠᠨ ᠳᠤ ᠣᠷᠣᠯᠴᠠᠭᠤᠯᠵᠤ ᠂ ᠪᠥᠬᠦ ᠣᠷᠣᠨ ᠳᠤ ︽ᠰᠦᠨ ᠤ ᠠᠵᠤ ᠠᠬᠤᠶᠢᠯᠠᠯ ᠤᠨ ᠲᠠᠪᠴᠠᠩᠲᠤ ᠮᠥᠷᠥᠶᠢᠴᠡᠭᠡᠨ ︾ ᠵᠡᠷᠭᠡ ᠤᠯᠠᠨ ᠬᠡᠯᠪᠡᠷᠢ ᠮᠠᠶ᠋ᠢᠭ ᠪᠦᠬᠦᠢ ᠲᠤᠰᠬᠠᠢ ᠰᠡᠳᠦᠪᠲᠦ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠶᠢ ᠥᠷᠨᠢᠭᠦᠯᠵᠦ ᠂ ᠮᠠᠨ ᠤ ᠣᠷᠣᠨ ᠤ ᠰᠦᠨ ᠤ ᠠᠵᠤ ᠠᠬᠤᠶᠢᠯᠠᠯ ᠤᠨ ᠠᠹᠷᠢᠺᠠ ᠲᠢᠪ ᠂ ᠵᠡᠭᠦᠨ ᠡᠮᠦᠨᠡᠲᠦ ᠠᠽᠢᠶ᠎ᠠ ᠵᠡᠷᠭᠡ ᠤᠯᠠᠨ ᠤᠯᠤᠰ ᠤᠨ ᠵᠠᠬ᠎ᠠ ᠳᠡᠯᠭᠡᠭᠦᠷ ᠲᠤ ᠣᠷᠣᠬᠤ ᠶᠢ ᠠᠬᠢᠭᠤᠯᠬᠤ ᠬᠡᠷᠡᠭᠲᠡᠢ ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠂ ᠬᠥᠬᠡᠬᠤᠲᠠ ᠪᠣᠭᠤᠮᠲᠠ︶

ᠨᠠᠢᠮᠠ ᠂ ᠡᠯ᠎ᠡ ᠱᠠᠲᠤᠨ ᠤ ᠠᠵᠢᠯᠴᠢᠨ ᠤ ᠡᠪᠯᠡᠯ ᠤᠨ ᠰᠦ ᠴᠠᠭᠠᠨ ᠢᠳᠡᠭᠡᠨ ᠤ ᠪᠦᠲᠦᠭᠡᠭᠳᠡᠭᠦᠨ ᠬᠤᠳᠠᠯᠳᠤᠨ ᠠᠪᠴᠤ ᠲᠠᠷᠬᠠᠭᠠᠬᠤ ᠡᠷᠴᠢᠮ ᠢᠶᠠᠨ ᠴᠢᠩᠭᠠᠷᠠᠭᠤᠯᠬᠤ ᠶᠢ ᠨᠢ ᠵᠣᠷᠢᠭᠵᠢᠭᠤᠯᠵᠤ ᠂ ᠰᠦ ᠴᠠᠭᠠᠨ ᠢᠳᠡᠭᠡᠨ ᠤ ᠪᠦᠲᠦᠭᠡᠭᠳᠡᠭᠦᠨ ᠢ ᠨᠠᠰᠤᠲᠠᠨ ᠢ ᠠᠰᠠᠷᠠᠬᠤ ᠬᠦᠷᠢᠶᠡᠯᠡᠩ ᠂ ᠠᠰᠠᠷᠠᠮᠵᠢ ᠶᠢᠨ ᠬᠦᠷᠢᠶᠡᠯᠡᠩ ᠵᠡᠷᠭᠡ ᠪᠠᠶᠢᠭᠤᠯᠤᠮᠵᠢ ᠳᠤ ᠣᠷᠣᠭᠤᠯᠬᠤ ᠶᠢ ᠠᠬᠢᠭᠤᠯᠵᠤ ᠂ ︽ᠰᠣᠷᠣᠭᠴᠢ ᠶᠢᠨ ᠤᠮᠳᠠᠭᠠᠨ ᠤ ᠰᠦ ᠶᠢᠨ ᠲᠥᠯᠥᠪᠯᠡᠭᠡ︾ ᠶᠢᠨ ᠬᠠᠮᠤᠷᠬᠤ ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠨ ᠂ ᠪᠥᠬᠦ ᠠᠷᠠᠳ ᠢᠶᠠᠷ ᠢᠶᠠᠨ ᠰᠦ ᠤᠤᠭᠤᠬᠤ ᠳᠠᠳᠬᠠᠯ ᠲᠠᠢ ᠪᠣᠯᠬᠤ ᠳᠤ ᠬᠦᠴᠦ ᠨᠡᠮᠡᠷᠢᠯᠡᠬᠦ ᠬᠡᠷᠡᠭᠲᠡᠢ ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠂ ᠠᠷᠠᠳ ᠤᠨ ᠶᠠᠪᠤᠳᠠᠯ ᠤᠨ ᠲᠢᠩᠬᠢᠮ ᠂ ᠰᠤᠷᠭᠠᠨ ᠬᠥᠮᠦᠵᠢᠯ ᠤᠨ ᠲᠢᠩᠬᠢᠮ︶

ᠶᠢᠰᠦ ᠂ ᠰᠦ ᠰᠠᠭᠠᠯᠢ ᠶᠢᠨ ᠦᠢᠯᠡᠰ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠰᠣᠯᠢᠵᠤ ᠥᠭᠬᠦ ᠲᠠᠰ ᠳᠠᠷᠠᠭᠠᠯᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠂ ᠠᠵᠤ ᠠᠬᠤᠶᠢᠯᠠᠯ ᠳᠤ ᠠᠰᠢᠭ ᠬᠦᠷᠭᠡᠬᠦ ᠪᠡᠯᠡ ᠮᠥᠩᠭᠦ ᠶᠢ ᠰᠢᠭᠤᠳ ᠪᠠᠭᠤᠯᠭᠠᠬᠤ ᠲᠠᠪᠴᠠᠩ ᠢ ᠰᠠᠶᠢᠲᠤᠷ ᠬᠡᠷᠡᠭᠯᠡᠨ᠎ᠡ︔ ᠱᠠᠲᠤ ᠳᠡᠪᠰᠢᠭᠦᠯᠦᠨ ᠰᠠᠯᠭᠠᠨ ᠥᠭᠬᠦ ᠲᠣᠭᠲᠠᠴᠠ ᠶᠢ ᠰᠠᠶᠢᠲᠤᠷ ᠬᠡᠷᠡᠭᠯᠡᠵᠦ ᠂ ᠪᠡᠯᠡ ᠮᠥᠩᠭᠦ ᠰᠣᠯᠢᠵᠤ ᠥᠭᠬᠦ ᠬᠦᠴᠦᠨ ᠲᠠᠢ ᠬᠤᠭᠤᠴᠠᠭ᠎ᠠ ᠶᠢ ᠳᠡᠭᠡᠭᠰᠢᠯᠡᠭᠦᠯᠵᠦ ᠂ ᠥᠭᠬᠦ ᠶᠣᠰᠣᠲᠠᠢ ᠶᠢ ᠨᠢ ᠪᠦᠬᠦᠨ ᠢ ᠥᠭᠴᠦ ᠂ ᠥᠭᠬᠦ ᠶᠣᠰᠣᠲᠠᠢ ᠶᠢ ᠨᠢ ᠲᠦᠷᠭᠡᠨ ᠥᠭᠬᠦ ᠶᠢ ᠪᠡᠶᠡᠯᠡᠭᠦᠯᠬᠦ ᠬᠡᠷᠡᠭᠲᠡᠢ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶

ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ ᠂ ᠡᠨᠡ ᠬᠦ ᠲᠥᠷᠥ ᠶᠢᠨ ᠪᠣᠳᠣᠯᠭ᠎ᠠ ᠶᠢ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠡᠷᠡᠭᠵᠢᠭᠦᠯᠦᠨ᠎ᠡ ᠃ ︽ᠰᠦ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇ 2023 ﹈ 58 ᠳ᠋ᠤᠭᠠᠷ ᠲᠣᠭᠠᠲᠤ︶ ᠳᠠᠬᠢ ︽ᠭᠤᠷᠪᠠ ᠂ ︿ᠰᠦ ᠶᠢᠨ ᠢᠷᠡᠯᠲᠡ﹀ ᠶᠢᠨ ᠬᠠᠩᠭᠠᠯᠭ᠎ᠠ ᠶᠢᠨ ᠪᠠᠲᠤᠯᠠᠭ᠎ᠠ ᠶᠢ ᠲᠣᠭᠲᠠᠪᠤᠷᠢᠵᠢᠭᠤᠯᠵᠤ ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ︾ ᠳᠤᠮᠳᠠᠬᠢ 8 ᠳ᠋ᠤᠭᠠᠷ ᠵᠦᠢᠯ ᠤᠨ ᠲᠥᠷᠥ ᠶᠢᠨ ᠪᠣᠳᠣᠯᠭ᠎ᠠ ᠶᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ ᠃

2025 ᠣᠨ ᠤ 4 ᠳ᠋ᠦ᠋ᠭᠡᠷ ᠰᠠᠷ᠎ᠠ ᠶᠢᠨ 2 ᠤᠨ ᠡᠳᠦᠷ

︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶


ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

2025 ᠣᠨ ᠤ 4 ᠳ᠋ᠦ᠋ᠭᠡᠷ ᠰᠠᠷ᠎ᠠ ᠶᠢᠨ 2 ᠤᠨ ᠡᠳᠦᠷ ᠳᠠᠷᠤᠮᠠᠯᠯᠠᠨ ᠲᠠᠷᠬᠠᠭᠠᠪᠠ

 

 


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ