​ᠰᠦᠨ ᠱᠤᠤ ᠴᠧᠩ ᠪᠠᠶᠠᠨᠨᠠᠭᠤᠷ ᠬᠤᠲᠠ ᠳᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/28


5 ᠰᠠᠷ᠎ᠠ ᠶᠢᠨ 26 ᠠᠴᠠ 27 ᠤ ᠡᠳᠦᠷ ᠪᠤᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠪᠠᠶᠠᠨᠨᠠᠭᠤᠷ ᠬᠤᠳᠠ ᠳᠤ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠬᠠᠷᠢᠯᠴᠠᠵᠤ ᠪᠠᠶᠢᠭ᠎ᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢᠶᠠᠷ ᠲᠣᠭᠤᠷᠢᠨ ᠦᠵᠡᠪᠡ ᠃




ᠰᠦᠨ ᠱᠤᠤ ᠴᠧᠩ ᠤᠷᠢᠳ ᠬᠤᠵᠢᠳ ᠯᠢᠨ ᠾᠧ ᠲᠣᠭᠤᠷᠢᠭ ᠤᠨ ᠱᠤᠸᠠᠩ ᠾᠧ ᠪᠠᠯᠭᠠᠰᠤᠨ ᠤ ᠲᠦᠸᠧ ᠯᠧᠢ ᠪᠣᠯᠣᠨ ᠸᠠᠩ ᠮᠠᠨ ᠫᠢᠩ ᠤᠨ ᠭᠡᠷ ᠲᠤ ᠬᠦᠷᠴᠦ ᠂ ᠬᠦᠷᠢᠶ᠎ᠡ ᠬᠠᠰᠢᠶ᠎ᠠ ᠂ ᠭᠡᠷ ᠪᠠᠶᠢᠰᠢᠩ ᠂ ᠬᠠᠰᠢᠶ᠎ᠠ ᠰᠠᠷᠠᠪᠴᠢ ᠵᠡᠷᠭᠡ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠨᠢ ᠪᠠᠶᠢᠴᠠᠭᠠᠨ ᠦᠵᠡᠵᠦ ᠂ ᠰᠠᠭᠤᠭᠠᠯᠢ ᠠᠷᠠᠳ ᠪᠣᠯᠣᠨ ᠲᠣᠰᠬᠤᠨ ᠤ ᠺᠠᠳ᠋ᠷ ᠲᠠᠢ ᠬᠠᠮᠲᠤ ᠰᠠᠭᠤᠯᠴᠠᠵᠤ ᠵᠣᠭᠤᠭᠳᠠᠨ ᠂ ᠲᠡᠳᠡᠨ ᠤ ᠭᠡᠷ ᠪᠦᠯᠢ ᠶᠢᠨ ᠬᠥᠮᠥᠨ ᠠᠮᠠ ᠂ ᠠᠮᠢᠳᠤᠷᠠᠯ ᠤᠨ ᠤᠷᠤᠯᠭ᠎ᠠ ᠶᠢᠨ ᠢᠷᠡᠯᠲᠡ ᠂ ᠠᠵᠢᠯ ᠣᠯᠬᠤ ᠡᠪᠡᠳᠴᠢᠨ ᠥᠵᠡᠭᠦᠯᠭᠦ ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠶᠢᠨ ᠪᠠᠶᠢᠳᠠᠯ ᠢ ᠣᠶᠢᠯᠠᠭᠠᠪᠠ ᠃ ᠲᠡᠳᠡᠨ ᠤ ᠢᠳᠡᠵᠦ ᠤᠤᠭᠤᠬᠤ ᠡᠮᠦᠰᠴᠦ ᠵᠡᠭᠦᠬᠦ ᠶᠠᠪᠤᠵᠤ ᠰᠠᠭᠤᠬᠤ ᠵᠡᠷᠭᠡ ᠨᠥᠬᠦᠴᠡᠯ ᠨᠡᠯᠢᠶᠡᠳ ᠰᠠᠶᠢᠨ ᠂ ᠲᠣᠭᠲᠠᠪᠤᠷᠢᠲᠠᠢ ᠣᠷᠣᠯᠭ᠎ᠠ ᠲᠠᠢ ᠪᠠᠶᠢᠬᠤ ᠶᠢ ᠦᠵᠡᠭᠡᠳ ᠰᠦᠨ ᠱᠤᠤ ᠴᠧᠩ ᠮᠠᠰᠢ ᠪᠠᠶᠠᠷᠯᠠᠵᠤ ᠂ ᠲᠤᠬᠠᠢ ᠶᠢᠨ ᠭᠠᠵᠠᠷ ᠤᠨ ᠺᠠᠳ᠋ᠷ ᠲᠤ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠶᠢ ᠨᠡᠩ ᠴᠢᠬᠤᠯᠠᠴᠢᠯᠠᠵᠤ ᠂ ᠠᠷᠭ᠎ᠠ ᠪᠦᠭᠦᠨ ᠢ ᠰᠦᠪᠡᠭᠴᠢᠯᠡᠵᠦ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ ᠂ ᠭᠤᠣᠯᠳᠠᠭᠤ ᠮᠠᠯᠴᠢᠨ ᠲᠠᠷᠢᠶᠠᠴᠢᠨ ᠢ ᠬᠥᠲᠥᠯᠥᠨ ᠳᠠᠭᠠᠭᠤᠯᠵᠤ ᠲᠥᠬᠦᠭᠡᠷᠦᠮᠵᠢᠲᠦ ᠲᠠᠷᠢᠶᠠᠯᠠᠩ ᠂ ᠬᠠᠰᠢᠶᠠᠯᠠᠨ ᠲᠡᠵᠢᠭᠡᠬᠦ ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠪᠠᠷ ᠳᠠᠮᠵᠢᠨ ᠣᠷᠣᠯᠭ᠎ᠠ ᠶᠢᠨ ᠲᠦᠪᠰᠢᠨ ᠢ ᠨᠢ ᠳᠡᠭᠡᠭᠰᠢᠯᠡᠭᠦᠯᠭᠦ ᠬᠡᠷᠡᠭᠲᠡᠢ ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ︽ ᠵᠢᠵᠢᠭ ᠲᠠᠷᠢᠶ᠎ᠠ ᠶᠢ ᠨᠡᠶᠢᠯᠡᠭᠦᠯᠦᠨ ᠶᠡᠭᠡ ᠲᠠᠷᠢᠶ᠎ᠠ ᠪᠤᠯᠭᠠᠬᠤ ︾ ᠶᠢ ᠠᠬᠢᠭᠤᠯᠵᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠰᠠᠶᠢᠲᠤᠷ ᠠᠳᠬᠤᠵᠤ ᠂ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠳᠤ ᠴᠢᠩᠭ᠎ᠠ ᠲᠦᠰᠢᠭᠯᠡᠵᠦ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠵᠤ ᠨᠡᠮᠡᠭᠳᠡᠭᠦᠯᠬᠦ ᠬᠡᠷᠡᠭᠲᠡᠢ ᠭᠡᠵᠦ ᠵᠠᠬᠢᠪᠠ ᠃


3.jpg


ᠹᠧᠩ ᠾᠧ ᠲᠣᠰᠬᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠂ ᠰᠦᠨ ᠱᠤᠤ ᠴᠧᠩ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠂ ᠭᠡᠷᠡᠴᠢ ᠭᠠᠷᠭᠠᠨ ᠭᠡᠷᠡᠴᠢᠯᠡᠬᠦ ᠵᠦᠢᠯᠡᠰ ᠤᠨ ᠨᠠᠷᠢᠨ ᠲᠠᠩᠰᠠ ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠵᠦᠢᠯᠡᠰ ᠤᠨ ᠨᠠᠷᠢᠨ ᠲᠠᠩᠰᠠ ᠪᠣᠯᠣᠨ ︽ ᠭᠤᠷᠪᠠᠨ ᠶᠠᠪᠤᠳᠠᠯ ︾ ᠢ ᠢᠯᠡ ᠨᠡᠶᠢᠲᠡᠯᠡᠬᠦ ᠰᠠᠮᠪᠠᠷ᠎ᠠ ᠶᠢᠨ ᠡᠮᠦᠨ᠎ᠡ ᠵᠣᠭᠰᠣᠵᠤ ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠂ ᠣᠯᠠᠨ ᠲᠦᠮᠡᠨ ᠳᠤ ᠦᠢᠯᠡᠴᠢᠯᠡᠬᠦ ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠪᠠᠶᠢᠳᠠᠯ ᠢ ᠣᠶᠢᠯᠠᠭᠠᠪᠠ ᠃ ᠲᠡᠷᠡ ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠪᠣᠳᠠᠲᠠᠢ ᠬᠥᠩᠭᠡᠷᠡᠭᠦᠯᠵᠦ ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠮᠠᠯᠴᠢᠨ ᠲᠠᠷᠢᠶᠠᠴᠢᠨ ᠣᠯᠠᠨ ᠲᠦᠮᠡᠨ ᠢ ᠳᠠᠭᠠᠭᠤᠯᠤᠨ ᠬᠠᠮᠲᠤ ᠪᠠᠷ ᠪᠠᠶᠠᠵᠢᠬᠤ ᠲᠦᠰᠢᠭ ᠲᠤᠯᠭᠠᠭᠤᠷᠢ ᠪᠠ ᠪᠠᠲᠤ ᠴᠢᠩᠭ᠎ᠠ ᠳᠠᠶᠢᠴᠢᠨ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠪᠡ ᠃


4.jpg


ᠲᠠᠯ᠎ᠠ ᠨᠤᠲᠤᠭ ᠤᠨ ᠰᠢᠨ ᠾᠧ ᠢᠳᠡᠭᠡᠨ ᠤ ᠬᠢᠵᠠᠭᠠᠷᠲᠤ ᠺᠤᠮᠫᠠᠨᠢ ᠪᠣᠯ ᠰᠦᠨ ᠱᠤᠤ ᠴᠧᠩ ᠤᠨ ᠬᠠᠷᠢᠯᠴᠠᠵᠤ ᠪᠠᠶᠢᠭ᠎ᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠢᠭᠡ ᠪᠣᠯᠣᠨ᠎ᠠ ᠃ ᠲᠡᠷᠡ ᠦᠢᠯᠡᠳᠪᠦᠷᠢᠯᠡᠯ ᠤᠨ ᠲᠠᠰᠤᠭ ᠪᠣᠯᠣᠨ ᠦᠢᠯᠡᠳᠬᠦᠨ ᠤ ᠦᠵᠡᠭᠦᠯᠭᠡ ᠶᠢᠨ ᠲᠣᠭᠤᠷᠢᠭ ᠲᠤ ᠬᠦᠷᠴᠦ ᠂ ᠮᠢᠬᠠᠨ ᠤ ᠬᠤᠨᠢ ᠶᠢ ᠨᠢᠲᠤᠯᠵᠤ ᠡᠳ᠋ᠰᠢᠭᠦᠯᠦᠨ ᠪᠣᠷᠣᠯᠠᠭᠤᠯᠬᠤ ᠪᠠ ᠮᠢᠬᠠᠨ ᠤ ᠬᠤᠨᠢ ᠶᠢᠨ ᠡᠭᠦᠯᠳᠡᠷ ᠂ ᠦᠢᠯᠡᠳᠬᠦᠨ ᠤ ᠰᠢᠨ᠎ᠡ ᠶᠢ ᠡᠭᠦᠳᠬᠦ ᠂ ᠳᠠᠭᠠᠯᠲᠠ ᠪᠦᠲᠦᠭᠡᠭᠳᠡᠬᠦᠨ ᠢ ᠶᠡᠷᠦᠩᠬᠡᠶᠢᠯᠡᠨ ᠠᠰᠢᠭᠯᠠᠵᠤ ᠪᠠᠶᠢᠭ᠎ᠠ ᠪᠠᠶᠢᠳᠠᠯ ᠢ ᠣᠶᠢᠯᠠᠭᠠᠵᠤ ᠂ ᠠᠵᠤ ᠠᠬᠤᠶᠢᠯᠠᠯ ᠤᠨ ᠬᠢᠨ ᠢ ᠨᠠᠩ ᠥᠨᠳᠥᠷ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠂ ᠬᠤᠨᠢᠨ ᠮᠢᠬ᠎ᠠ ᠶᠢ ᠨᠠᠷᠢᠯᠢᠭ ᠡᠳ᠋ᠰᠢᠭᠦᠯᠬᠦ ᠠᠵᠢᠯ ᠢ ᠬᠦᠴᠦ ᠣᠷᠣᠭᠤᠯᠤᠨ ᠬᠢᠵᠦ ᠂ ᠵᠠᠬ᠎ᠠ ᠳᠡᠯᠭᠡᠭᠦᠷ ᠢᠶᠠᠨ ᠰᠠᠨᠠᠭᠠᠴᠢᠯᠠᠭ᠎ᠠ ᠠᠴᠠ ᠪᠠᠨ ᠥᠷᠭᠡᠳᠬᠡᠵᠦ ᠂ ᠦᠢᠯᠡᠳᠬᠦᠨ ᠤ ᠬᠡᠪᠴᠢᠶ᠎ᠡ ᠪᠠᠨ ᠦᠷᠭᠦᠯᠵᠢᠯᠡᠨ ᠪᠤᠵᠠᠭᠠᠶᠢᠷᠠᠭᠤᠯᠵᠤ ᠂ ᠲᠤᠬᠠᠢ ᠶᠢᠨ ᠭᠠᠵᠠᠷ ᠤᠨ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠨᠠᠩ ᠰᠠᠶᠢᠲᠤᠷ ᠳᠠᠶᠢᠴᠢᠯᠠᠬᠤ ᠬᠡᠷᠡᠭᠲᠡᠢ ᠭᠡᠵᠦ ᠵᠣᠷᠢᠭᠵᠢᠭᠤᠯᠪᠠ ᠃ ᠰᠦᠨ ᠱᠤᠤ ᠴᠧᠩ ᠂ ᠡᠯ᠎ᠡ ᠱᠠᠲᠤᠨ ᠤ ᠬᠢᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠬᠡᠷᠡᠭᠵᠢᠭᠦᠯᠬᠦ ᠲᠠᠢ ᠤᠶᠠᠯᠳᠤᠭᠤᠯᠵᠤ ᠂ ᠰᠠᠨᠠᠭᠠᠴᠢᠯᠠᠭ᠎ᠠ ᠠᠴᠠ ᠪᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠠᠢ ᠬᠠᠷᠢᠯᠴᠠᠵᠤ ᠂ ᠲᠡᠳᠡᠨ ᠢ ᠬᠠᠪᠰᠤᠷᠤᠨ ᠪᠣᠳᠠᠲᠠᠢ ᠬᠦᠴᠢᠷᠳᠡᠯ ᠪᠣᠯᠣᠨ ᠠᠰᠠᠭᠤᠳᠠᠯ ᠢ ᠨᠢ ᠴᠠᠭ ᠲᠤᠬᠠᠢ ᠳᠤᠨᠢ ᠰᠢᠢᠳᠪᠦᠷᠢᠯᠡᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠳᠡᠮᠵᠢᠬᠦ ᠬᠡᠷᠡᠭᠲᠡᠢ ᠭᠡᠵᠡᠢ ᠃

ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ ᠃


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ