ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠵᠦ  ᠣᠷᠳᠣᠰ ᠬᠤᠲᠠ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ ᠳᠤ ᠨᠢ ︽ᠳᠦᠭᠦᠮ ᠳᠦᠳᠡ ᠵᠠᠮ︾ ᠢ ᠬᠠᠮᠲᠤ ᠪᠠᠷ ᠳᠡᠪᠢᠰᠦᠨ ᠥᠭᠴᠦ ᠪᠣᠢ
ᠨᠡᠶᠢᠲᠡᠯᠡᠭᠰᠡᠨ ᠴᠠᠭ᠄
2025/5/29

      5 ᠳ᠋ᠤᠭᠠᠷ ᠰᠠᠷ᠎ᠠ ᠶᠢᠨ 28 ᠤ ᠡᠳᠦᠷ᠂ ᠣᠷᠳᠣᠰ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠳ᠋ᠦᠩᠱᠧᠩ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠬᠢᠶ᠎ᠠ ᠪᠠᠭᠰᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠯᠤᠭ᠎ᠠ 2025 ᠣᠨ ᠤ ᠪᠥᠬᠦ ᠤᠯᠤᠰ ᠤᠨ ᠬᠤᠲᠠᠳ ᠬᠠᠮᠲᠤᠷᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠬᠠᠮᠲᠤᠷᠠᠨ ᠤᠷᠢᠵᠤ ᠡᠯᠰᠡᠬᠦ ᠬᠠᠪᠤᠷ ᠤᠨ ᠤᠯᠠᠷᠢᠯ ᠤᠨ ᠲᠤᠰᠬᠠᠢ ᠲᠠᠯᠠᠪᠤᠷ ᠠᠵᠢᠯᠯᠠᠭᠠᠨ ᠬᠢᠭᠡᠳ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠠᠬᠢ ᠲᠤᠰᠬᠠᠶ ᠲᠠᠯᠠᠪᠤᠷ ᠤᠷᠢᠵᠤ ᠡᠯᠰᠡᠬᠦ ᠴᠤᠭᠯᠠᠭᠠᠨ ᠢ ᠡᠷᠭᠢᠯᠡᠪᠡ᠃

      ᠡᠮᠦᠨᠡᠬᠢ ᠬᠤᠭᠤᠴᠠᠭᠠᠨ ᠳᠤ᠂ ᠬᠤᠲᠠ ᠲᠣᠭᠤᠷᠢᠭ ᠬᠤᠶᠠᠷ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠂ ᠶᠡᠭᠡ ᠳᠡᠭᠡᠳᠦ ᠰᠤᠷᠭᠠᠭᠤᠯᠢ ᠨᠢ ᠤᠲᠠᠰᠤ ᠪᠠᠷ ᠬᠠᠷᠢᠭᠤ ᠰᠤᠷᠪᠤᠯᠵᠢᠯᠠᠬᠤ᠂ ᠰᠦᠯᠵᠢᠶ᠎ᠡ ᠪᠠᠷ ᠠᠰᠠᠭᠤᠯᠲᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠤᠨ ᠠᠵᠢᠯᠲᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠣᠨᠣᠴᠠᠲᠠᠶ ᠪᠠᠷ ᠤᠶᠢᠯᠠᠭᠠᠨ ᠵᠢᠭᠰᠠᠭᠠᠭᠰᠠᠨ ᠤ ᠬᠠᠮᠲᠤ ᠣᠯᠠᠨ ᠠᠷᠭ᠎ᠠ ᠵᠠᠮ ᠢᠶᠠᠷ ᠤᠬᠠᠭᠤᠯᠤᠨ ᠳᠠᠶᠢᠴᠢᠯᠠᠭᠠᠳ 60 ᠠᠵᠤ ᠠᠬᠤᠶᠢᠯᠠᠯ ᠢ ᠲᠡᠳᠡᠨ ᠣᠷᠣᠯᠴᠠᠭᠤᠯᠪᠠ᠂ ᠡᠭᠦᠨ ᠳᠤ ᠣᠯᠠᠨ ᠠᠵᠢᠯ ᠲᠥᠷᠥᠯ ᠤᠨ ᠬᠦᠷᠢᠶᠡᠨ ᠳᠠᠬᠢ 267 ᠠᠵᠢᠯ ᠤᠨ ᠪᠠᠶᠢᠷᠢ᠂ 2442 ᠬᠥᠮᠦᠨ ᠬᠡᠷᠡᠭᠯᠡᠬᠦ ᠬᠡᠷᠡᠭᠴᠡᠭᠡ ᠶᠢ ᠪᠠᠭᠲᠠᠭᠠᠭᠰᠠᠨ ᠪᠠᠶᠢᠨ᠎ᠠ᠃

      ᠠᠵᠢᠯᠲᠠᠨ ᠤᠷᠢᠵᠤ ᠡᠯᠰᠡᠬᠦ ᠴᠤᠭᠯᠠᠭᠠᠨ ᠤ ᠬᠤᠭᠤᠴᠠᠭᠠᠨ ᠳᠤ᠂ ︽ᠰᠦᠯᠵᠢᠶᠡᠨ ᠠᠴᠠ ᠭᠠᠳᠠᠭᠤᠷᠬᠢ + ᠰᠦᠯᠵᠢᠶ᠎ᠡ ᠪᠠᠷ︾ ᠮᠡᠳᠡᠭᠦᠯᠬᠦ ᠶᠢ ᠵᠡᠷᠭᠡ ᠪᠠᠷ ᠥᠷᠨᠢᠭᠦᠯᠬᠦ ᠬᠡᠪ ᠵᠠᠭᠪᠤᠷ ᠢ ᠬᠡᠷᠡᠭᠯᠡᠨ᠂ ᠠᠵᠤ ᠠᠬᠤᠶᠢᠯᠠᠯ ᠤᠨ ᠰᠦᠯᠵᠢᠶᠡᠨ ᠠᠴᠠ ᠭᠠᠳᠠᠭᠤᠷᠬᠢ ᠠᠵᠢᠯᠲᠠᠨ ᠤᠷᠢᠵᠤ ᠡᠯᠰᠡᠬᠦ ᠲᠤᠰᠬᠠᠶ ᠲᠣᠭᠤᠷᠢᠭ᠂ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠲᠤᠰᠬᠠᠶ ᠲᠣᠭᠤᠷᠢᠭ᠂ ᠠᠵᠢᠯ ᠮᠡᠷᠭᠡᠵᠢᠯ ᠤᠨ ᠵᠢᠯᠣᠭᠤᠳᠬᠤ ᠲᠤᠰᠬᠠᠶ ᠲᠣᠭᠤᠷᠢᠭ ᠪᠠ ᠰᠦᠯᠵᠢᠶ᠎ᠡ ᠪᠠᠷ ︽ᠡᠭᠦᠯᠡᠨ ᠡᠯᠰᠡᠯᠲᠡ︾ ᠳᠥᠷᠪᠡᠨ ᠶᠡᠭᠡ ᠲᠤᠰᠬᠠᠶ ᠲᠣᠭᠤᠷᠢᠭ ᠭᠠᠷᠭᠠᠬᠤ ᠪᠠᠷ ᠳᠠᠮᠵᠢᠭᠤᠯᠤᠨ᠂ ᠬᠥᠮᠦᠨ ᠬᠡᠷᠡᠭᠯᠡᠬᠦ ᠨᠢᠭᠡᠴᠢ ᠪᠠ ᠠᠵᠢᠯ ᠡᠷᠢᠭᠰᠡᠳ ᠲᠤ ᠪᠥᠬᠦ ᠲᠠᠯ᠎ᠠ ᠶᠢᠨ ᠦᠢᠯᠡᠴᠢᠯᠡᠭᠡ ᠬᠠᠩᠭᠠᠪᠠ᠃ ᠡᠭᠦᠨ ᠳᠤ᠂ ᠰᠦᠯᠵᠢᠶ᠎ᠡ ᠪᠠᠷ ︽ᠡᠭᠦᠯᠡᠨ ᠡᠯᠰᠡᠯᠲᠡ︾ ᠨᠢ ᠤᠯᠠᠮᠵᠢᠯᠠᠯᠲᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠦᠵᠡᠵᠦ ᠪᠣᠯᠬᠤ᠂ ᠮᠡᠳᠡᠷᠡᠵᠦ ᠪᠣᠯᠬᠤ᠂ ᠬᠠᠷᠢᠯᠴᠠᠵᠤ ᠪᠣᠯᠬᠤ ᠠᠵᠢᠯ ᠮᠡᠷᠭᠡᠵᠢᠯ ᠤᠨ ᠬᠥᠭᠵᠢᠯᠲᠡ ᠶᠢᠨ ᠵᠢᠷᠤᠭ ᠲᠦᠰᠦᠪ ᠪᠣᠯᠭᠠᠨ ᠬᠤᠪᠢᠷᠠᠭᠤᠯᠵᠤ᠂ ᠨᠡᠶᠢᠲᠡ 4800 ᠭᠠᠷᠤᠶ ᠬᠥᠮᠦᠨ ᠤᠳᠠᠭ᠎ᠠ ᠰᠣᠨᠢᠷᠬᠠᠨ ᠦᠵᠡᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ