
5 ᠰᠠᠷ᠎ᠠ ᠶᠢᠨ 29 ᠤ ᠡᠳᠦᠷ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠠᠴᠠ ᠵᠢᠯᠤᠭᠤᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠭᠰᠡᠨ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠢᠯᠢ ᠬᠢᠵᠠᠭᠠᠷ ᠣᠷᠣᠨ ᠳᠤ ᠣᠷᠣᠬᠤᠢ · ᠥᠪᠥᠷ ᠮᠣᠩᠭᠤᠯ ᠳᠠᠬᠢ ᠠᠶᠠᠯᠠᠯ︾ ᠤᠨ ᠠᠵᠢᠯᠯᠠᠭ᠎ᠠ ᠪᠠᠶᠠᠨᠨᠠᠭᠤᠷ ᠲᠤ ᠶᠠᠪᠤᠭᠳᠠᠪᠠ᠃
ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠭᠢᠯᠡᠭᠴᠢ ᠫᠠᠨ ᠶᠤᠸᠠᠢ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠱᠧᠨ ᠶᠢᠩ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠠᠶᠠᠷ ᠤᠨ ᠦᠭᠡ ᠬᠡᠯᠡᠵᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠠᠵᠢᠯᠯᠠᠭ᠎ᠠ ᠶᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠴᠢ᠊ ᠪᠠᠲᠤ ᠪᠠᠶᠢᠳᠠᠯ ᠢ ᠲᠠᠨᠢᠯᠴᠠᠭᠤᠯᠪᠠ᠃ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠳᠡᠳ᠋ ᠲᠡᠷᠢᠭᠦᠯᠡᠭᠴᠢ ᠹᠠᠩ ᠭᠤᠸᠠᠩ ᠬᠤᠸᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠠᠨ ᠷᠦᠨ ᠱᠧᠩ ᠣᠷᠣᠯᠴᠠᠵᠠᠢ᠃

ᠫᠠᠨ ᠶᠤᠸᠠᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠬᠢᠯᠢ ᠬᠢᠵᠠᠭᠠᠷ ᠣᠷᠣᠨ ᠤ ᠵᠠᠰᠠᠯᠲᠠ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠪᠡ᠃ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠪᠣᠯᠣᠨ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠢᠯᠢ ᠬᠢᠵᠠᠭᠠᠷ ᠣᠷᠣᠨ ᠳᠤ ᠣᠷᠣᠬᠤᠢ︾ ᠠᠵᠢᠯᠯᠠᠭ᠎ᠠ ᠶᠢ ᠪᠦᠲᠦᠭᠡᠯᠴᠢ ᠴᠢᠨᠠᠷᠲᠠᠢ ᠥᠷᠨᠢᠭᠦᠯᠵᠦ᠂ ᠬᠢᠯᠢ ᠬᠢᠵᠠᠭᠠᠷ ᠣᠷᠣᠨ ᠤ ᠮᠤᠵᠢ ᠣᠷᠣᠨ ᠪᠣᠯᠣᠨ ᠵᠡᠭᠦᠨ ᠳᠤᠮᠳᠠ ᠣᠷᠣᠨ ᠤ ᠮᠤᠵᠢ ᠶᠢᠨ ᠬᠤᠭᠤᠷᠣᠨᠳᠤ ᠬᠠᠮᠲᠤᠷᠠᠯᠴᠠᠭ᠎ᠠ ᠥᠷᠨᠢᠭᠦᠯᠬᠦ ᠰᠢᠨ᠎ᠡ ᠣᠷᠣᠨ ᠵᠠᠢ ᠶᠢ ᠨᠡᠭᠡᠭᠡᠵᠦ᠂ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠰᠢᠨ᠎ᠡ ᠠᠷᠭ᠎ᠠ ᠵᠠᠮ ᠢ ᠪᠠᠶᠠᠯᠢᠭᠵᠢᠭᠤᠯᠵᠤ᠂ ᠬᠢᠯᠢ ᠬᠢᠵᠠᠭᠠᠷ ᠤᠨ ᠭᠠᠵᠠᠷ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠰᠢᠨ᠎ᠡ ᠠᠴᠢᠶᠠᠯᠠᠪᠤᠷᠢ ᠶᠢ ᠪᠤᠢ ᠪᠣᠯᠭᠠᠪᠠ᠃ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠰᠠᠭᠤᠷᠢᠯᠠᠵᠤ᠂ ︽ᠣᠷᠣᠬᠤ︾ ᠴᠢᠭᠯᠡᠯ ᠢ ᠪᠠᠲᠤ ᠡᠵᠡᠮᠳᠡᠵᠦ᠂ ︽ᠣᠷᠣᠬᠤ︾ ᠶᠢᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠵᠦ᠂ ︽ᠣᠷᠣᠬᠤ︾ ᠶᠢᠨ ᠠᠭᠤᠯᠬᠤᠨ ᠢ ᠪᠠᠶᠠᠯᠢᠭᠵᠢᠭᠤᠯᠵᠤ᠂ ︽ᠣᠷᠣᠬᠤ︾ ᠶᠢᠨ ᠣᠣᠷ ᠲᠤᠨᠳᠠᠰᠤ ᠶᠢ ᠵᠤᠵᠠᠭᠠᠳᠬᠠᠵᠤ᠂ ︽ᠣᠷᠣᠬᠤ︾ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠢᠯᠢ ᠬᠢᠵᠠᠭᠠᠷ ᠣᠷᠣᠨ ᠳᠤ ᠣᠷᠣᠬᠤ ᠡᠨᠡ ᠬᠦ ᠶᠡᠭᠡ ᠶᠠᠪᠤᠳᠠᠯ ᠢ ᠭᠦᠨᠵᠡᠭᠡᠢ ᠪᠣᠳᠠᠲᠠᠢ ᠥᠷᠨᠢᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠢᠯᠢ ᠬᠢᠵᠠᠭᠠᠷ ᠣᠷᠣᠨ ᠳᠤ ᠣᠷᠣᠬᠤ ᠪᠦᠭᠦ ᠶᠠᠪᠤᠴᠠ ᠳᠤ ᠲᠤᠭᠤᠰᠢᠯᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠮᠥᠩᠭᠦ ᠪᠠᠨ ᠠᠪᠴᠤ᠂ ᠮᠡᠷᠭᠡᠵᠢᠯ ᠢᠶᠠᠨ ᠠᠪᠴᠤ᠂ ᠲᠦᠷᠦᠯ ᠵᠦᠢᠯ ᠢᠶᠠᠨ ᠠᠪᠴᠤ ᠬᠢᠯᠢ ᠬᠢᠵᠠᠭᠠᠷ ᠣᠷᠣᠨ ᠳᠤ ᠣᠷᠣᠬᠤ ᠶᠢᠨ ᠬᠠᠮᠲᠤ ᠬᠥᠮᠥᠰ ᠤᠨ ᠬᠤᠣᠰ ᠴᠢᠭᠯᠡᠯ ᠢᠶᠠᠷ ᠶᠡᠭᠡ ᠪᠠᠷ ᠰᠢᠯᠵᠢᠭᠦ᠂ ᠦᠨᠳᠦᠰᠦᠲᠡᠨ ᠨᠦᠭᠦᠳ ᠤᠨ ᠶᠡᠭᠡ ᠠᠭᠤᠰᠤᠯᠴᠠᠯ ᠢ ᠳᠠᠶᠢᠴᠢᠯᠠᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠢᠯᠢ ᠬᠢᠵᠠᠭᠠᠷ ᠣᠷᠣᠨ ᠪᠣᠯᠣᠨ ᠡᠷᠭᠢᠨ ᠲᠣᠭᠤᠷᠢᠨ ᠤ ᠤᠯᠠᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠳᠤ ᠢᠳᠡᠪᠬᠢᠲᠡᠢ ᠣᠷᠤᠯᠴᠠᠬᠤ ᠶᠢ ᠠᠬᠢᠭᠤᠯᠵᠤ᠂ ᠳᠤᠮᠳᠠᠳᠤ ᠶᠢᠨ ᠪᠣᠯᠪᠠᠰᠤᠨ ᠪᠣᠯᠣᠨ ᠳᠤᠮᠳᠠᠳᠤ ᠤᠯᠤᠰ ᠤᠨ ᠳᠦᠷᠢ ᠲᠥᠷᠬᠦ ᠶᠢ ᠨᠡᠩ ᠰᠠᠶᠢᠲᠤᠷ ᠢᠯᠡᠷᠡᠭᠦᠯᠬᠦ ᠬᠡᠷᠡᠭᠲᠡᠢ ᠭᠡᠵᠡᠢ᠃

ᠱᠧᠨ ᠶᠢᠩ᠂ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠢᠯᠢ ᠬᠢᠵᠠᠭᠠᠷ ᠣᠷᠣᠨ ᠳᠤ ᠣᠷᠣᠬᠤᠢ︾ ᠠᠵᠢᠯᠯᠠᠭ᠎ᠠ ᠨᠢ ᠬᠢᠯᠢ ᠬᠢᠵᠠᠭᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠬᠦᠴᠦᠲᠡᠢ ᠠᠬᠢᠭᠤᠯᠤᠨ᠂ ᠠᠵᠢᠯ ᠣᠯᠭᠤᠯᠲᠠ ᠶᠢ ᠨᠡᠮᠡᠭᠳᠡᠭᠦᠯᠦᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠭᠰᠠᠨ ᠪᠥᠭᠡᠳ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠬᠢᠯᠢ ᠬᠢᠵᠠᠭᠠᠷ ᠣᠷᠣᠨ ᠤ ᠬᠠᠮᠲᠤ ᠪᠠᠷ ᠠᠰᠢᠭ ᠭᠦᠷᠳᠡᠭᠦ ᠬᠥᠭᠵᠢᠯᠲᠡ᠂ ᠥᠭᠡᠳᠡ ᠥᠭᠡᠳᠡ ᠠᠴᠠ ᠪᠠᠨ ᠲᠡᠮᠡᠦᠯᠬᠦ ᠶᠢ ᠪᠡᠶᠡᠯᠡᠭᠦᠯᠵᠡᠢ᠃ ᠶᠡᠷᠦᠩᠬᠡᠢ ᠱᠦᠵᠢ ᠰᠢ ᠶᠢᠨ ᠫᠢᠩ ᠤᠨ ᠬᠢᠯᠢ ᠬᠢᠵᠠᠭᠠᠷ ᠣᠷᠣᠨ ᠤ ᠵᠠᠰᠠᠯᠲᠠ ᠪᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠵᠢᠯᠯᠠᠭᠠᠨ ᠤ ᠴᠢᠭᠯᠡᠯ ᠢᠶᠠᠨ ᠪᠠᠲᠤᠳᠬᠠᠵᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠣᠷᠣᠨ ᠢ ᠲᠣᠭᠲᠠᠪᠤᠷᠢᠵᠢᠭᠤᠯᠵᠤ ᠬᠢᠯᠢ ᠬᠢᠵᠠᠭᠠᠷ ᠣᠷᠣᠨ ᠢ ᠪᠠᠬᠢᠵᠢᠭᠦᠯᠬᠦ ᠴᠠᠭ ᠦᠶ᠎ᠡ ᠶᠢᠨ ᠡᠭᠦᠷᠭᠡ ᠶᠢ ᠵᠣᠷᠢᠭᠲᠠᠢ ᠡᠭᠦᠷᠭᠡᠯᠡᠵᠦ᠂ ᠠᠵᠤ ᠠᠬᠤᠶᠢᠯᠠᠯ ᠤᠨ ᠬᠥᠭᠵᠢᠯᠲᠡ ᠶᠢ ᠤᠯᠤᠰ ᠤᠨ ᠬᠥᠭᠵᠢᠯ ᠴᠡᠴᠡᠭᠯᠡᠯ᠂ ᠦᠨᠳᠦᠰᠦᠲᠡᠨ ᠤ ᠬᠥᠭᠵᠢᠯ ᠮᠠᠨᠳᠤᠯ᠂ ᠠᠷᠠᠳ ᠲᠦᠮᠡᠨ ᠤ ᠵᠣᠯ ᠵᠢᠷᠭᠠᠯ ᠲᠠᠢ ᠨᠢᠭᠲᠠ ᠤᠶᠠᠯᠳᠤᠭᠤᠯᠵᠤ᠂ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠢᠯᠢ ᠬᠢᠵᠠᠭᠠᠷ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ᠂ ᠠᠮᠢᠵᠢᠷᠠᠯ ᠤᠨ ᠬᠦᠴᠦᠨ ᠨᠡᠮᠡᠷᠢᠯᠡᠭᠡᠷᠡᠢ︔ ᠠᠵᠢᠯᠯᠠᠭ᠎ᠠ ᠶᠢᠨ ᠭᠤᠣᠯᠳᠠᠯᠭ᠎ᠠ ᠶᠢ ᠲᠤᠪᠤᠶᠢᠯᠭᠠᠵᠦ᠂ ᠥᠪᠥᠷ ᠮᠣᠩᠭᠤᠯ ᠤᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠥᠪᠥᠷ ᠮᠣᠩᠭᠤᠯ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠲᠤ ᠠᠭᠤᠰᠤᠯᠴᠠᠬᠤ ᠳᠤ ᠬᠦᠴᠦᠨ ᠴᠢᠳᠠᠯ ᠢᠶᠠᠨ ᠡᠷᠭᠦᠭᠡᠷᠡᠢ︔ ᠠᠵᠢᠯᠯᠠᠭ᠎ᠠ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠴᠢᠨᠠᠷ ᠰᠠᠶᠢᠲᠠᠢ ᠪᠡᠯᠡ ᠣᠷᠣᠭᠤᠯᠤᠯᠲᠠ ᠶᠢᠨ ᠲᠥᠷᠥᠯ ᠵᠦᠢᠯ ᠢᠶᠠᠷ ᠬᠢᠯᠢ ᠬᠢᠵᠠᠭᠠᠷ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ᠂ ᠬᠢᠯᠢ ᠬᠢᠵᠠᠭᠠᠷ ᠤᠨ ᠠᠵᠤ ᠦᠢᠯᠡᠰ ᠢ ᠪᠤᠵᠠᠭᠠᠶᠢᠷᠠᠭᠤᠯᠬᠤ ᠪᠠ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠠᠵᠤ ᠠᠬᠤᠢ ᠶᠢᠨ ᠦᠷ᠎ᠡ ᠠᠰᠢᠭ ᠬᠢᠭᠡᠳ ᠨᠡᠶᠢᠭᠡᠮ ᠤᠨ ᠦᠷ᠎ᠡ ᠠᠰᠢᠭ ᠢ ᠬᠠᠮᠲᠤ ᠳᠤᠨᠢ ᠬᠠᠷᠠᠭᠠᠯᠵᠠᠵᠤ᠂ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠢᠯᠢ ᠬᠢᠵᠠᠭᠠᠷ ᠣᠷᠣᠨ ᠳᠤ ᠣᠷᠣᠬᠤᠢ︾ ᠠᠵᠢᠯᠯᠠᠭ᠎ᠠ ᠶᠢᠨ ᠶᠡᠷᠦᠩᠬᠡᠶᠢᠯᠡᠭᠰᠡᠨ ᠶᠠᠰᠤ ᠴᠢᠨᠠᠷ ᠦᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠦᠭᠡᠷᠡᠢ ᠭᠡᠵᠦ ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠢᠨ ᠳᠤ ᠬᠦᠰᠡᠵᠦ ᠪᠠᠶᠢᠨ᠎ᠠ ᠭᠡᠪᠡ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ᠂ ᠸᠠᠩ ᠯᠢ ᠰᠢᠶᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠵᠣᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠵᠢᠴᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠥᠪᠥᠷ ᠮᠣᠩᠭᠤᠯ ᠢ ᠬᠠᠯᠠᠮᠵᠢᠯᠠᠨ ᠳᠡᠮᠵᠢᠵᠤ ᠢᠷᠡᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠢᠯᠢ ᠬᠢᠵᠠᠭᠠᠷ ᠣᠷᠣᠨ ᠳᠤ ᠣᠷᠣᠬᠤᠢ · ᠥᠪᠥᠷ ᠮᠣᠩᠭᠤᠯ ᠳᠠᠬᠢ ᠠᠶᠠᠯᠠᠯ︾ ᠤᠨ ᠠᠵᠢᠯᠯᠠᠭ᠎ᠠ ᠨᠢ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠬᠢᠯᠢ ᠬᠢᠵᠠᠭᠠᠷ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠭᠦᠢᠴᠡᠳ ᠢᠯᠡᠷᠡᠭᠦᠯᠵᠦ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠢᠯᠢ ᠬᠢᠵᠠᠭᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃ ᠣᠶᠢᠷ᠎ᠠ ᠶᠢᠨ ᠵᠢᠯ ᠠᠴᠠ ᠨᠠᠭᠠᠰᠢ᠂ ᠪᠦᠭᠦ ᠣᠷᠣᠨ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ︽ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠪᠡ᠃ ᠣᠳᠣᠬᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠪᠠᠶᠢᠳᠠᠯ ᠶᠠᠭ ᠡᠷᠴᠢᠮᠲᠡᠢ ᠶᠠᠪᠤᠭᠳᠠᠵᠤ᠂ ᠬᠤᠳᠠᠯᠳᠤᠭᠠᠨ ᠤ ᠠᠵᠠ ᠲᠣᠭᠢᠶᠠᠯ ᠮᠠᠰᠢ ᠰᠠᠶᠢᠨ ᠪᠠᠶᠢᠨ᠎ᠠ᠃ ᠠᠵᠤ ᠠᠬᠤᠶᠢᠯᠠᠯᠲᠠᠳ ᠤᠨ ᠣᠲᠣ ᠦᠶ᠎ᠡ ᠶᠢᠨ ᠲᠣᠨᠣᠭᠯᠠᠯ ᠦᠢᠯᠡᠳᠬᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠠᠵᠤ ᠦᠢᠯᠡᠰ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠮᠠᠨ ᠤ ᠣᠷᠣᠨ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠭᠠᠷ ᠬᠤᠯᠪᠣᠨ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠮᠵᠢ ᠶᠢᠨ ᠣᠷᠣᠨ ᠢ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ ᠭᠡᠪᠡ᠃

ᠠᠵᠢᠯᠯᠠᠭ᠎ᠠ ᠶᠢᠨ ᠶᠡᠭᠡ ᠬᠤᠷᠠᠯ ᠳᠡᠭᠡᠷ᠎ᠡ᠂ ᠴᠢ ᠠᠨ ᠰᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠴᠢ ᠰᠢᠶᠠᠩ ᠳ᠋ᠦᠩ᠂ ᠮᠦ ᠶᠤᠸᠠᠨ ᠠᠵᠤ ᠦᠢᠯᠡᠰ ᠤᠨ ᠪᠦᠯᠦᠭᠯᠡᠯ ᠬᠢᠵᠠᠭᠠᠷᠲᠤ ᠺᠤᠮᠫᠠᠨᠢ ᠶᠢᠨ ᠶᠡᠷᠦᠩᠬᠡᠢ ᠵᠠᠬᠢᠷᠤᠯ ᠴᠢᠨ ᠶᠢᠩ ᠯᠢᠨ᠂ ᠣᠷᠳᠣᠰ ᠪᠡᠯᠡ ᠣᠷᠣᠭᠤᠯᠤᠯᠲᠠ ᠶᠢᠨ ᠬᠤᠪᠢ ᠡᠵᠡᠮᠳᠡᠬᠦ ᠪᠦᠯᠦᠭᠯᠡᠯ ᠤᠨ ᠶᠡᠷᠦᠩᠬᠡᠢ ᠵᠠᠬᠢᠷᠤᠯ ᠸᠠᠩ ᠵᠧᠨ᠂ ᠯᠢᠶᠠᠨ ᠪᠠᠩ ᠡᠮ ᠦᠢᠯᠡᠳᠬᠦ ︵ᠥᠪᠥᠷ ᠮᠣᠩᠭᠤᠯ︶ ᠬᠢᠵᠠᠭᠠᠷᠲᠤ ᠺᠤᠮᠫᠠᠨᠢ ᠶᠢᠨ ᠶᠡᠷᠦᠩᠬᠡᠢ ᠳᠠᠭᠠᠭᠠᠮᠠᠯ ᠵᠠᠩ ᠸᠧᠨ ᠢᠦᠢ ᠨᠠᠷ ᠤᠷᠢᠳ ᠬᠤᠵᠢᠳ ᠦᠭᠡ ᠭᠡᠯᠡᠪᠡ︔ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠢᠯᠢ ᠬᠢᠵᠠᠭᠠᠷ ᠣᠷᠣᠨ ᠤ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠹᠠᠨ ᠧᠨ ᠱᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ ᠬᠢᠯᠢ ᠬᠢᠵᠠᠭᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ︾ ᠭᠡᠬᠦ ᠭᠤᠣᠯ ᠰᠡᠳᠦᠪᠲᠦ ᠶᠠᠷᠢᠶ᠎ᠠ ᠢᠯᠡᠳᠬᠡᠯ ᠬᠢᠪᠡ᠃ ᠶᠡᠭᠡ ᠬᠤᠷᠠᠯ ᠠᠴᠠ ᠪᠠᠰᠠ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠢᠯᠢ ᠬᠢᠵᠠᠭᠠᠷ ᠣᠷᠣᠨ ᠳᠤ ᠣᠷᠣᠬᠤᠢ· ᠥᠪᠥᠷ ᠮᠣᠩᠭᠤᠯ ᠳᠠᠬᠢ ᠠᠶᠠᠯᠠᠯ︾ ᠤᠨ ᠠᠷᠠᠯᠵᠢᠶᠠᠴᠢᠨ ᠤᠷᠢᠭᠰᠠᠨ ᠦᠷ᠎ᠡ ᠪᠦᠲᠦᠭᠡᠯ ᠢ ᠨᠡᠶᠢᠲᠡᠯᠡᠵᠡᠢ᠃
ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠡᠰᠡᠭ ᠮᠤᠵᠢ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠠᠶᠢᠮᠠᠭ ᠬᠤᠲᠠ ᠶᠢᠨ ᠵᠠᠰᠠᠭ ᠤᠨ ᠣᠷᠳᠣᠨ ︵ᠵᠠᠰᠠᠭ ᠵᠠᠬᠢᠷᠭ᠎ᠠ︶ ᠤ ᠬᠠᠷᠢᠭᠤᠴᠠᠯᠭᠠᠲᠠᠨ ᠨᠥᠬᠦᠳ ᠵᠢᠴᠢ ᠣᠷᠣᠨ ᠤ ᠳᠣᠲᠣᠨ᠎ᠠ ᠭᠠᠳᠠᠨᠠᠬᠢ ᠬᠠᠮᠢᠶ᠎ᠠ ᠪᠦᠬᠦᠢ ᠬᠤᠳᠠᠯᠳᠤᠭᠠᠴᠢᠳ ᠤᠨ ᠡᠪᠯᠡᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠶᠡᠭᠡ ᠬᠤᠷᠠᠯ ᠳᠤ ᠣᠷᠣᠯᠴᠠᠪᠠ᠃
ᠠᠵᠢᠯᠯᠠᠭ᠎ᠠ ᠶᠢᠨ ᠬᠤᠭᠤᠴᠠᠭᠠᠨ ᠳᠤ ᠪᠠᠰᠠ ᠤᠮᠠᠷᠠᠲᠤ ᠬᠢᠯᠢ ᠶᠢᠨ ᠰᠣᠶᠣᠯ ᠵᠢᠴᠢ ᠰᠣᠶᠣᠯ ᠵᠢᠭᠤᠯᠴᠢᠯᠠᠯ ᠤᠨ ᠠᠵᠤ ᠦᠢᠯᠡᠰ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠪᠣᠯᠣᠨ ᠲᠣᠨᠣᠭᠯᠠᠯ ᠦᠢᠯᠡᠳᠬᠦ᠂ ᠬᠢᠯᠢ ᠬᠢᠵᠠᠭᠠᠷ ᠤᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠦᠭᠦ ᠤᠯᠤᠰ ᠲᠤ ᠪᠣᠷᠣᠯᠠᠭᠤᠯᠬᠤ ᠵᠡᠷᠭᠡ 3 ᠲᠠᠯᠠᠪᠤᠷ ᠲᠠᠨᠢᠯᠴᠠᠭᠤᠯᠭ᠎ᠠ ᠶᠢᠨ ᠠᠵᠢᠯᠯᠠᠭ᠎ᠠ ᠵᠢᠴᠢ ᠰᠢᠨᠵᠢᠯᠡᠨ ᠪᠠᠶᠢᠴᠠᠭᠠᠬᠤ ᠰᠢᠷᠢᠰ ᠠᠵᠢᠯᠯᠠᠭ᠎ᠠ ᠥᠷᠨᠢᠭᠦᠯᠬᠦ ᠪᠣᠯᠣᠨ᠎ᠠ᠃