2025 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠣᠶᠢᠷᠠᠲᠤᠬᠤ ᠲᠠᠰᠢᠷᠠᠮ ᠳᠤ᠂ ᠰᠢᠯᠭᠠᠯᠲᠠ ᠪᠠᠷ ᠰᠣᠷᠣᠬᠴᠢ ᠡᠯᠰᠡᠬᠦ ᠡᠮᠬᠢ ᠵᠢᠷᠤᠮ ᠢ ᠬᠠᠮᠠᠭᠠᠯᠠᠨ᠂ ᠰᠢᠯᠭᠠᠯᠲᠠ ᠶᠢᠨ ᠣᠷᠴᠢᠨ ᠲᠣᠭᠤᠷᠢᠨ ᠢ ᠴᠡᠪᠡᠷᠰᠢᠭᠦᠯᠵᠦ᠂ ᠰᠢᠯᠭᠠᠭᠤᠯᠤᠭᠴᠢ ᠵᠢᠴᠢ ᠭᠡᠷ ᠤᠨ ᠠᠬᠠᠮᠠᠳ ᠤᠨ ᠡᠷᠬᠡ ᠠᠰᠢᠭ ᠢ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠪᠦᠭᠦ ᠣᠷᠣᠨ ᠤ ᠰᠢᠯᠭᠠᠯᠲᠠ ᠳᠤ ᠬᠤᠯᠪᠣᠭᠳᠠᠬᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠤ ᠮᠡᠳᠡᠭᠳᠡᠬᠦ ᠪᠢᠴᠢᠭ︾ ᠨᠡᠶᠢᠲᠡᠯᠡᠵᠦ᠂ ᠰᠢᠯᠭᠠᠯᠲᠠ ᠳᠤ ᠬᠤᠯᠪᠣᠭᠳᠠᠬᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ︽ᠠᠮᠤᠷ ᠲᠦᠪᠰᠢᠨ ᠤᠯᠤᠰ ᠤᠨ ᠨᠢᠭᠡᠳᠦᠯᠲᠡᠢ ᠰᠢᠯᠭᠠᠯᠲᠠ︾ ᠶᠢᠨ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ᠭᠡᠪᠡ᠃
ᠮᠡᠳᠡᠭᠳᠡᠯ ᠤᠨ ᠪᠢᠴᠢᠭ ᠲᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠨᠤᠭᠤᠳ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ᠂ ᠬᠤᠳᠠᠯ ᠬᠠᠭᠤᠷᠮᠠᠭ ᠤᠬᠠᠭᠤᠯᠭ᠎ᠠ ᠬᠢᠵᠦ᠂ ᠪᠣᠯᠪᠠᠰᠤᠷᠠᠯ ᠤᠨ ᠦᠷ᠎ᠡ ᠪᠦᠲᠦᠮᠵᠢ ᠶᠢ ᠥᠰᠬᠡᠭᠡᠨ ᠳᠥᠰᠬᠡᠭᠡᠨ ᠲᠠᠢ ᠶᠠᠷᠢᠵᠤ ᠰᠤᠷᠤᠬᠴᠢ ᠪᠠ ᠭᠡᠷ ᠤᠨ ᠠᠬᠠᠮᠠᠳ ᠢ ᠪᠤᠷᠤᠭᠤ ᠪᠠᠷ ᠬᠥᠲᠥᠯᠥᠨ ᠵᠢᠯᠤᠭᠤᠳᠴᠤ ᠪᠤᠯᠬᠤ ᠦᠭᠡᠢ᠃ ᠰᠢᠯᠭᠠᠯᠲᠠ ᠳᠤ ᠭᠡᠮ ᠬᠢᠬᠦ ᠶᠢ ᠵᠣᠬᠢᠶᠠᠨ ᠪᠠᠶᠢᠭᠤᠯᠬᠤ ᠪᠤᠶᠤ ᠤᠷᠤᠯᠴᠠᠵᠤ ᠪᠤᠯᠬᠤ ᠦᠭᠡᠢ᠂ ᠰᠢᠯᠭᠠᠯᠲᠠ ᠳᠤ ᠬᠤᠯᠪᠣᠭᠳᠠᠭᠰᠠᠨ ᠬᠤᠳᠠᠯ ᠬᠠᠭᠤᠷᠮᠠᠭ ᠮᠡᠳᠡᠭᠡ ᠵᠠᠩᠭᠢ ᠶᠢ ᠵᠣᠬᠢᠶᠠᠬᠤ᠂ ᠤᠯᠠᠮᠵᠢᠯᠠᠨ ᠲᠠᠷᠬᠠᠭᠠᠬᠤ᠂ ᠰᠤᠷᠭᠠᠨ ᠬᠥᠮᠦᠵᠢᠯ ᠤᠨ ᠰᠠᠨᠠᠭᠠᠰᠢᠷᠠᠯ ᠪᠤᠯᠬᠤ ᠶᠢ ᠴᠢᠩᠭ᠎ᠠ ᠴᠠᠭᠠᠵᠠᠯᠠᠨ᠎ᠠ᠃ ᠡᠭᠦᠨ ᠤ ᠬᠠᠮᠲᠤ᠂ ︽ᠰᠢᠯᠭᠠᠯᠲᠠ ᠶᠢᠨ ᠰᠡᠳᠦᠪ︾᠂ ︽ᠰᠡᠳᠦᠪ ᠤᠨ ᠬᠠᠷᠢᠭᠤᠯᠲᠠ︾᠂ ︽ᠳᠣᠲᠣᠭᠠᠳᠤ ᠶᠢᠨ ᠰᠣᠷᠣᠬᠴᠢ ᠡᠯᠰᠡᠬᠦ ᠭᠦᠢᠴᠡᠳᠬᠡᠯ ᠲᠤᠭ᠎ᠠ︾ ᠵᠡᠷᠭᠡ ᠶᠢ ᠬᠤᠳᠠᠯᠳᠤᠬᠤ ᠵᠡᠷᠭᠡ ᠮᠡᠬᠡᠯᠡᠬᠦ ᠠᠵᠢᠯᠯᠠᠭ᠎ᠠ ᠬᠢᠵᠦ ᠪᠤᠯᠬᠤ ᠦᠭᠡᠢ᠂ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠰᠡᠳᠦᠪ ᠢ ᠲᠣᠭᠲᠠᠭᠠᠯ ᠠᠴᠠ ᠵᠥᠷᠢᠴᠡᠨ ᠴᠤᠭᠯᠠᠭᠤᠯᠵᠤ᠂ ᠨᠡᠶᠢᠲᠡᠯᠡᠬᠦ ᠪᠤᠶᠤ ᠤᠯᠠᠮᠵᠢᠯᠠᠨ ᠲᠠᠷᠬᠠᠭᠠᠵᠤ ᠪᠤᠯᠬᠤ ᠦᠭᠡᠢ ᠭᠡᠵᠦ ᠴᠢᠬᠤᠯᠠᠴᠢᠯᠠᠪᠠ᠃
ᠡᠭᠦᠨ ᠠᠴᠠ ᠭᠠᠳᠠᠨ᠎ᠠ᠂ ᠰᠤᠷᠭᠠᠨ ᠬᠥᠮᠦᠵᠢᠯ ᠤᠨ ᠲᠢᠩᠬᠢᠮ ᠠᠴᠠ ᠪᠣᠯᠪᠠᠰᠤᠷᠠᠯ ᠤᠨ ᠪᠠᠶᠢᠭᠤᠯᠤᠮᠵᠢ ᠰᠢᠯᠭᠠᠯᠲᠠ ᠶᠢᠨ ᠴᠡᠭ᠂ ᠰᠤᠷᠭᠠᠭᠤᠯᠢ ᠶᠢᠨ ᠡᠷᠭᠢᠨ ᠲᠣᠭᠤᠷᠢᠨ ᠳᠤ ᠰᠣᠷᠣᠬᠴᠢ ᠡᠯᠰᠡᠬᠦ ᠤᠬᠠᠭᠤᠯᠭ᠎ᠠ ᠥᠷᠨᠢᠭᠦᠯᠵᠦ ᠪᠤᠯᠬᠤ ᠦᠭᠡᠢ᠂ ︽ᠤᠯᠤᠰ ᠤᠨ ᠨᠢᠭᠡᠳᠦᠯᠲᠡᠢ ᠰᠢᠯᠭᠠᠯᠲᠠ ᠶᠢᠨ ᠮᠠᠩᠯᠠᠢ︾᠂ ︽ᠰᠤᠷᠭᠠᠭᠤᠯᠢ ᠳᠡᠪᠰᠢᠭᠰᠡᠨ ᠨᠣᠷᠮ᠎ᠠ︾᠂ ︽ᠥᠨᠳᠥᠷ ᠬᠤᠪᠢ ᠣᠯᠣᠭᠰᠠᠨ ᠰᠢᠯᠭᠠᠭᠤᠯᠤᠭᠴᠢ︾ ᠵᠡᠷᠭᠡ ᠰᠡᠷᠭᠡᠭ ᠮᠡᠳᠡᠭᠡ ᠵᠠᠩᠭᠢ ᠶᠢ ᠤᠬᠠᠭᠤᠯᠬᠤ ᠶᠢ ᠴᠢᠩᠭ᠎ᠠ ᠴᠠᠭᠠᠵᠠᠯᠠᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠰᠢᠯᠭᠠᠯᠲᠠ ᠶᠢᠨ ᠲᠥᠷᠥ ᠶᠢᠨ ᠪᠣᠳᠣᠯᠭ᠎ᠠ ᠶᠢ ᠵᠣᠷᠢᠭᠤᠳᠠ ᠭᠠᠵᠢᠭᠤᠳᠠᠭᠤᠯᠵᠤ ᠪᠤᠯᠬᠤ ᠦᠭᠡᠢ᠃ ᠡᠷᠡᠮᠡᠯᠵᠡᠯ ᠲᠠᠭᠯᠠᠬᠤ ᠦᠢᠯᠡᠴᠢᠯᠡᠭᠡᠨ ᠤ ᠲᠠᠯ᠎ᠠ ᠪᠠᠷ᠂ ᠡᠯ᠎ᠡ ᠪᠠᠶᠢᠭᠤᠯᠤᠮᠵᠢ ᠡᠷᠬᠡᠪᠰᠢ ᠵᠢᠷᠤᠮᠵᠢᠯ ᠲᠠᠢ ᠡᠵᠡᠩᠨᠡᠬᠦ ᠬᠡᠷᠡᠭᠲᠡᠢ᠂ ᠬᠡᠪᠴᠢᠶ᠎ᠡ ᠠᠴᠠ ᠬᠡᠲᠦᠷᠡᠭᠦᠯᠦᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠵᠤ ᠪᠤᠯᠬᠤ ᠦᠭᠡᠢ᠂ ᠵᠠᠰᠠᠭ ᠤᠨ ᠣᠷᠳᠣᠨ ᠪᠤᠶᠤ ᠰᠣᠷᠣᠬᠴᠢ ᠡᠯᠰᠡᠬᠦ ᠨᠢᠭᠡᠴᠢ ᠶᠢᠨ ᠠᠯᠪᠠᠨ ᠤ ᠰᠦᠯᠵᠢᠶ᠎ᠡ᠂ ᠤᠯᠠᠨ ᠨᠡᠶᠢᠳᠡ ᠶᠢᠨ ᠲᠠᠪᠴᠠᠩ ᠵᠡᠷᠭᠡ ᠶᠢ ᠬᠠᠭᠤᠷᠮᠠᠭᠯᠠᠨ ᠳᠠᠭᠤᠷᠢᠶᠠᠵᠤ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ ᠭᠡᠵᠦ ᠲᠣᠳᠣᠷᠬᠠᠶᠢᠯᠠᠪᠠ᠃
ᠣᠳᠣᠬᠠᠨ ᠳᠤ᠂ ᠪᠦᠭᠦ ᠣᠷᠣᠨ ᠤ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢᠭᠡᠨᠲᠡ ᠲᠤᠰᠬᠠᠢ ᠵᠦᠢᠯ ᠤᠨ ᠪᠠᠶᠢᠴᠠᠭᠠᠯᠲᠠ ᠶᠢ ᠡᠬᠢᠯᠡᠭᠦᠯᠵᠦ᠂ ᠡᠯ᠎ᠡ ᠵᠦᠢᠯ ᠤᠨ ᠱᠠᠭᠠᠷᠳᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ 2025 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠤᠷᠤᠭᠰᠢᠲᠠᠢ ᠶᠠᠪᠤᠭᠳᠠᠬᠤ ᠶᠢ ᠬᠠᠮᠠᠭᠠᠯᠠᠵᠤ ᠪᠠᠶᠢᠨ᠎ᠠ᠃