​ᠲᠠ ᠴᠠᠯᠢᠩ ᠬᠥᠯᠥᠰᠦ ᠪᠠᠨ ᠨᠡᠭᠡᠬᠦ ᠳᠤ ᠬᠦᠴᠢᠷᠳᠡᠯ ᠲᠠᠢ ᠪᠠᠶᠢᠨ᠎ᠠ ᠦᠦ︖ ᠬᠠᠤᠯᠢ ᠴᠠᠭᠠᠵᠠ ᠶᠢᠨ ᠲᠤᠰᠠᠯᠠᠮᠵᠢ ᠪᠠᠷ ᠲᠠᠨ ᠢ ᠬᠠᠪᠰᠤᠷᠤᠨ᠎ᠠ︕
ᠨᠡᠶᠢᠲᠡᠯᠡᠭᠰᠡᠨ ᠴᠠᠭ᠄
2025/5/30


ᠬᠥᠯᠥᠰᠦᠨ ᠠᠵᠢᠯᠴᠢᠳ ᠤᠨ ᠬᠥᠳᠡᠯᠮᠦᠷᠢᠯᠡᠭᠡᠳ ᠬᠥᠯᠥᠰᠦ ᠣᠯᠭᠤᠮᠵᠢ ᠲᠠᠢ ᠪᠠᠶᠢᠬᠤ ᠶᠢ  ᠨᠢ ᠪᠦᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠠᠯᠠᠱᠠ ᠠᠶᠢᠮᠠᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠨᠢ ᠬᠠᠤᠯᠢ ᠶᠣᠰᠣᠭᠠᠷ ᠴᠠᠯᠢᠩ ᠬᠥᠯᠥᠰᠦ ᠪᠠᠨ ᠨᠡᠬᠡᠵᠦ ᠡᠷᠬᠡ ᠪᠠᠨ ᠬᠠᠮᠠᠭᠠᠯᠠᠬᠤ ᠰᠠᠭᠠᠳ ᠦᠭᠡᠢ ᠵᠠᠮ ᠢ ᠰᠢᠯᠤᠭᠤᠳᠬᠠᠨ ᠂ ᠴᠠᠯᠢᠩ ᠬᠥᠯᠥᠰᠦ ᠶᠢᠨ ᠥᠷᠢᠲᠦᠯ ᠤᠨ ᠲᠤᠬᠠᠢ ᠬᠠᠤᠯᠢ ᠴᠠᠭᠠᠵᠠ ᠶᠢᠨ ᠯᠠᠪᠯᠠᠭ᠎ᠠ ᠳᠤ ᠬᠠᠤᠯᠢ ᠶᠣᠰᠣᠭᠠᠷ ᠬᠠᠷᠢᠭᠤᠯᠲᠠ ᠥᠭᠬᠦ ᠪᠠᠷ ᠪᠠᠷᠠᠬᠤ ᠦᠭᠡᠢ ᠪᠠᠰᠠ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠭᠰᠠᠨ ᠨᠥᠬᠦᠴᠡᠯ ᠳᠤ ᠨᠡᠶᠢᠴᠡᠬᠦ ᠤᠯᠠᠨ ᠲᠦᠮᠡᠨ ᠢ ᠢᠳᠡᠪᠬᠢᠲᠡᠢ ᠬᠥᠲᠥᠯᠥᠨ ᠵᠢᠯᠤᠭᠤᠳᠴᠤ᠂ ᠬᠥᠳᠡᠯᠮᠦᠷᠢ ᠶᠢᠨ ᠮᠠᠷᠭᠤᠯᠳᠤᠭᠠᠨ ᠨᠤᠭᠤᠳ ᠢ ᠥᠨᠳᠥᠷ ᠪᠦᠲᠦᠮᠵᠢᠲᠡᠢ ᠪᠠᠷ ᠰᠢᠢᠳᠪᠦᠷᠢᠯᠡᠬᠦ ᠶᠢ ᠠᠬᠢᠭᠤᠯᠤᠨ᠂ ᠴᠠᠯᠢᠩ ᠬᠥᠯᠥᠰᠦ ᠶᠢᠨ ᠥᠷᠢᠲᠦᠯ ᠢ ᠬᠠᠤᠯᠢ ᠶᠣᠰᠣᠭᠠᠷ ᠴᠡᠭᠴᠡᠯᠡᠨ ᠵᠠᠰᠠᠬᠤ ᠳᠤ ︽ᠴᠠᠯᠢᠩ ᠬᠥᠯᠥᠰᠦ ᠶᠢᠨ ᠬᠠᠮᠠᠭᠠᠯᠠᠭᠴᠢ︾ ᠶᠢᠨ ᠠᠵᠢᠯ ᠢ ᠰᠠᠶᠢᠲᠤᠷ ᠬᠢᠵᠦ ᠥᠭᠴᠦ ᠪᠠᠶᠢᠨ᠎ᠠ᠃ ᠲᠡᠭᠡᠪᠡᠯ ᠂ ᠬᠥᠯᠥᠰᠦᠨ ᠠᠵᠢᠯᠴᠢᠳ ᠲᠤ ᠴᠠᠯᠢᠩ ᠬᠥᠯᠥᠰᠦ ᠶᠢ ᠨᠢ ᠥᠷᠢᠲᠦᠵᠦ ᠪᠠᠶᠢᠬᠤ ᠠᠰᠠᠭᠤᠳᠠᠯ ᠲᠤᠯᠭᠠᠷᠠᠭᠠᠳ ᠬᠠᠤᠯᠢ ᠴᠠᠭᠠᠵᠠ ᠶᠢᠨ ᠲᠤᠰᠠᠯᠠᠮᠵᠢ ᠡᠷᠢᠬᠦ ᠴᠢᠬᠤᠯᠠᠲᠠᠢ ᠦᠶ᠎ᠡ ᠳᠤ ᠶᠠᠮᠠᠷ ᠶᠠᠮᠠᠷ ᠠᠰᠠᠭᠤᠳᠠᠯ ᠢ ᠠᠩᠬᠠᠷᠬᠤ ᠴᠢᠬᠤᠯᠠ ᠲᠠᠢ ᠪᠣᠢ︖

ᠨᠢᠭᠡ᠂ ᠬᠥᠯᠥᠰᠦᠨ ᠠᠵᠢᠯᠴᠢᠨ ᠴᠠᠯᠢᠩ ᠬᠥᠯᠥᠰᠦ ᠪᠠᠨ ᠨᠡᠬᠡᠬᠦ ᠳᠤ᠂ ᠶᠠᠮᠠᠷ ᠪᠠᠶᠢᠳᠠᠯ ᠳᠣᠣᠷ᠎ᠠ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠵᠤ ᠪᠣᠯᠬᠤ ᠪᠤᠶ︖ 

︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ᠶᠢᠨ ᠭᠤᠴᠢᠨ ᠨᠢᠭᠡᠳᠦᠭᠡᠷ ᠵᠦᠢᠯ ᠤᠨ ᠲᠠᠪᠤᠳᠤᠭᠠᠷ ᠵᠤᠷᠪᠤᠰ ᠪᠠ ᠳᠥᠴᠢᠨ ᠬᠤᠶᠠᠳᠤᠭᠠᠷ ᠵᠦᠢᠯ ᠤᠨ ᠭᠤᠷᠪᠠᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠪᠡᠯ᠂ ᠬᠥᠳᠡᠯᠮᠦᠷᠢ ᠶᠢᠨ ᠬᠥᠯᠥᠰᠦ ᠣᠯᠭᠤᠮᠵᠢ ᠥᠭᠬᠦ ᠶᠢ ᠭᠤᠶᠤᠴᠢᠯᠠᠬᠤ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠪᠴᠢᠶᠡᠨ ᠳᠤ ᠪᠠᠭᠲᠠᠨ᠎ᠠ︔ ᠬᠥᠳᠡᠯᠮᠦᠷᠢ ᠶᠢᠨ ᠬᠥᠯᠥᠰᠦ ᠣᠯᠭᠤᠮᠵᠢ ᠥᠭᠬᠦ ᠶᠢ ᠭᠤᠶᠤᠴᠢᠯᠠᠭᠰᠠᠨ ᠬᠤᠲᠠ ᠳᠤ ᠣᠷᠣᠵᠤ ᠠᠵᠢᠯ ᠬᠥᠳᠡᠯᠮᠦᠷᠢ ᠬᠢᠭᠰᠡᠳ ᠤᠨ ᠠᠵᠤ ᠠᠬᠤᠢ ᠶᠢᠨ ᠬᠦᠴᠢᠷᠳᠡᠯ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠠᠴᠠ ᠬᠡᠯᠲᠦᠷᠢᠭᠦᠯᠦᠨ᠎ᠡ᠃ ᠥᠭᠡᠷ᠎ᠡ ᠪᠠᠷ ᠬᠡᠯᠡᠪᠡᠯ᠂ ᠬᠥᠯᠥᠰᠦᠨ ᠠᠵᠢᠯᠴᠢᠳ ᠴᠠᠯᠢᠩ ᠬᠥᠯᠥᠰᠦ ᠪᠠᠨ ᠨᠡᠬᠡᠬᠦ ᠳᠤ ᠬᠠᠤᠯᠢ ᠴᠠᠭᠠᠵᠠ ᠶᠢᠨ ᠲᠤᠰᠠᠯᠠᠮᠵᠢ ᠶᠢ ᠰᠢᠭᠤᠳ ᠭᠤᠶᠤᠴᠢᠯᠠᠵᠤ᠂ ᠬᠠᠤᠯᠢᠴᠢ ᠶᠢᠨ ᠬᠠᠤᠯᠢ ᠴᠠᠭᠠᠵᠠ ᠶᠢᠨ ᠲᠥᠯᠥᠪᠦᠷᠢ ᠦᠭᠡᠢ ᠬᠠᠪᠰᠤᠷᠤᠯᠭ᠎ᠠ ᠶᠢ ᠣᠯᠵᠤ ᠪᠣᠯᠣᠨ᠎ᠠ᠃

ᠬᠤᠶᠠᠷ᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠳᠤ ᠶᠠᠮᠠᠷ ᠶᠠᠮᠠᠷ ᠮᠠᠲ᠋ᠧᠷᠢᠶᠠᠯ ᠪᠡᠯᠡᠳᠬᠡᠬᠦ ᠴᠢᠬᠤᠯᠠ ᠲᠠᠢ ᠪᠤᠢ︖

ᠭᠤᠣᠯᠳᠠᠭᠤ ᠬᠤᠶᠠᠷ ᠲᠦᠷᠦᠯ ᠤᠨ ᠮᠠᠲ᠋ᠧᠷᠢᠶᠠᠯ ᠪᠡᠯᠡᠳᠬᠦ ᠴᠢᠬᠤᠯᠠ ᠲᠠᠢ᠃ ᠨᠢᠭᠡ ᠳᠤ ᠭᠤᠶᠤᠴᠢᠯᠠᠭᠴᠢ ᠶᠢᠨ ᠲᠤᠰ ᠬᠥᠮᠥᠨ ᠤ ᠬᠦᠴᠦᠨ ᠪᠦᠬᠦᠢ ᠪᠡᠶ᠎ᠡ ᠶᠢᠨ ᠦᠨᠡᠮᠯᠡᠯ︔ ᠬᠤᠶᠠᠷ ᠲᠤ ᠴᠠᠯᠢᠩ ᠬᠥᠯᠥᠰᠦ ᠨᠡᠬᠡᠬᠦ ᠲᠠᠢ ᠬᠤᠯᠪᠣᠭᠳᠠᠬᠤ ᠭᠡᠷᠡᠴᠢ ᠪᠠᠷᠢᠮᠲᠠ ᠶᠢᠨ ᠮᠠᠲ᠋ᠧᠷᠢᠶᠠᠯ᠂ ᠵᠢᠱᠢᠶᠡᠯᠡᠪᠡᠯ ᠬᠥᠳᠡᠯᠮᠦᠷᠢ ᠶᠢᠨ ᠭᠡᠷ᠎ᠡ᠂ ᠴᠠᠯᠢᠩ ᠬᠤᠪᠢᠶᠠᠭᠰᠠᠨ ᠭᠡᠷᠡᠴᠢ ᠂ ᠢᠷᠡᠴᠡ ᠪᠦᠷᠢᠳᠬᠡᠭᠦᠯᠦᠭᠰᠡᠨ ᠲᠡᠮᠳᠡᠭᠯᠡᠯ᠂ ᠠᠵᠢᠯ ᠤᠨ ᠦᠨᠡᠮᠯᠡᠯ᠂ ᠠᠵᠢᠯᠴᠢᠨ ᠨᠠᠶᠢᠵᠠ ᠶᠢᠨ ᠭᠡᠷᠡᠴᠢ ᠦᠭᠡ᠂ ᠵᠣᠭᠤᠭᠳᠠᠭᠰᠠᠨ ᠲᠡᠮᠳᠡᠭᠯᠡᠯ᠂ ᠤᠲᠠᠰᠤ ᠪᠠᠷ ᠶᠠᠷᠢᠯᠴᠠᠭᠰᠠᠨ ᠳᠠᠭᠤ ᠰᠢᠩᠭᠡᠭᠡᠯᠲᠡ ᠵᠡᠷᠭᠡ ᠪᠣᠯᠣᠨ᠎ᠠ᠂ ᠡᠳᠡᠭᠡᠷ ᠮᠠᠲ᠋ᠧᠷᠢᠶᠠᠯ ᠤᠳ  ᠨᠢ ᠲᠠᠨ ᠢ ᠬᠥᠮᠥᠨ ᠬᠡᠷᠡᠭᠯᠡᠬᠦ ᠨᠢᠭᠡᠴᠢ ᠯᠦᠭᠡ ᠬᠥᠳᠡᠯᠮᠦᠷᠢ ᠶᠢᠨ ᠬᠠᠷᠢᠴᠠᠭ᠎ᠠ ᠲᠠᠢ ᠪᠠᠶᠢᠬᠤ ᠵᠢᠴᠢ ᠴᠠᠯᠢᠩ ᠬᠥᠯᠥᠰᠦ ᠥᠷᠢᠲᠦᠵᠦ ᠪᠠᠶᠢᠭ᠎ᠠ ᠪᠣᠳᠠᠲᠤ ᠬᠡᠷᠡᠭ ᠢ ᠭᠡᠷᠡᠴᠢᠯᠡᠵᠦ ᠴᠢᠳᠠᠨ᠎ᠠ᠃

ᠭᠤᠷᠪᠠ᠂ ᠬᠠᠮᠢᠭᠠᠬᠢ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠳᠤ ᠭᠤᠶᠤᠴᠢᠯᠠᠯ ᠭᠠᠷᠭᠠᠪᠠᠯ ᠵᠣᠬᠢᠬᠤ ᠪᠤᠢ︖

ᠲᠠ ᠠᠯᠠᠱᠠ ᠠᠶᠢᠮᠠᠭ ᠲᠠᠬᠢ ᠳᠤᠷ᠎ᠠ ᠶᠢᠨ ᠨᠢᠭᠡᠨ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠳᠤ ᠭᠤᠶᠤᠴᠢᠯᠠᠯ ᠢᠶᠠᠨ ᠳᠡᠪᠰᠢᠭᠦᠯᠵᠦ ᠪᠣᠯᠣᠨ᠎ᠠ᠂ ᠭᠤᠶᠤᠴᠢᠯᠠᠭᠰᠠᠨ ᠵᠦᠢᠯᠡᠰ ᠴᠢᠨᠢ ᠬᠠᠤᠯᠢ ᠴᠠᠭᠠᠵᠠ ᠶᠢᠨ ᠲᠤᠰᠠᠯᠠᠮᠵᠢ ᠶᠢᠨ ᠵᠦᠢᠯᠡᠰ ᠤᠨ ᠬᠡᠪᠴᠢᠶᠡᠨ ᠳᠤ ᠬᠠᠷᠢᠶᠠᠯᠠᠭᠳᠠᠬᠤ ᠮᠥᠷᠲᠡᠭᠡᠨ ᠨᠥᠬᠦᠴᠡᠯ ᠳᠤ ᠨᠡᠶᠢᠴᠡᠪᠡᠯ᠂ ᠠᠶᠢᠮᠠᠭ ᠤᠨ ᠬᠡᠪᠴᠢᠶᠡᠨ ᠳᠠᠬᠢ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠭᠥᠯᠢᠶᠡᠨ ᠠᠪᠴᠤ᠂ ᠭᠥᠯᠢᠶᠡᠨ ᠰᠢᠢᠳᠪᠦᠷᠢᠯᠡᠵᠦ᠂ ᠬᠢᠨᠠᠨ ᠪᠠᠶᠢᠴᠠᠭᠠᠵᠤ᠂ ᠵᠢᠭᠠᠨ ᠲᠣᠮᠢᠯᠠᠵᠤ᠂ ᠠᠶᠢᠮᠠᠭ ᠤᠨ ᠬᠡᠪᠴᠢᠶᠡᠨ ᠳᠤ ︽ᠨᠢᠭᠡ ᠴᠣᠭᠴᠠᠵᠢᠭᠤᠯᠤᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠪᠡᠰᠦ ᠵᠣᠬᠢᠨ᠎ᠠ᠃ ᠬᠡᠷᠪᠡ ᠠᠵᠢᠯᠯᠠᠵᠤ ᠪᠠᠶᠢᠭ᠎ᠠ ᠭᠠᠵᠠᠷ ᠪᠤᠶᠤ ᠬᠥᠮᠥᠨ ᠬᠡᠷᠡᠭᠯᠡᠬᠦ ᠨᠢᠭᠡᠴᠢ ᠶᠢᠨ ᠴᠢᠨᠢ ᠪᠠᠶᠢᠭ᠎ᠠ ᠭᠠᠵᠠᠷ ᠤᠨ ᠢᠶᠠᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠲᠤ ᠭᠤᠶᠤᠴᠢᠯᠠᠯ ᠢᠶᠠᠨ ᠳᠡᠪᠰᠢᠭᠦᠯᠪᠡᠯ᠂ ᠲᠣᠰ ᠬᠤᠶᠠᠷ ᠭᠠᠵᠠᠷ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠢ ᠲᠠᠨ ᠤ ᠪᠠᠶᠢᠳᠠᠯ ᠢ ᠬᠠᠷᠢᠴᠠᠩᠭᠤᠢ ᠪᠠᠷ ᠨᠡᠩ ᠰᠠᠶᠢᠨ ᠣᠶᠢᠯᠠᠭᠠᠵᠤ᠂ ᠦᠷᠭᠦᠯᠵᠢᠯᠡᠨ ᠪᠠᠶᠢᠴᠠᠭᠠᠬᠤ᠂ ᠵᠣᠬᠢᠴᠠᠭᠤᠯᠬᠤ ᠵᠡᠷᠭᠡ ᠠᠵᠢᠯ ᠢ ᠥᠷᠨᠢᠭᠦᠯᠬᠦ ᠳᠤ ᠨᠡᠩ ᠲᠦᠭᠦᠮ ᠪᠠᠶᠢᠳᠠᠭ ᠃

ᠳᠥᠷᠪᠡ᠂ ᠶᠠᠮᠠᠷ ᠶᠠᠮᠠᠷ ᠪᠣᠳᠠᠲᠠᠢ ᠠᠷᠭ᠎ᠠ ᠮᠠᠶ᠋ᠢᠭ ᠢᠶᠠᠷ ᠭᠤᠶᠤᠴᠢᠯᠠᠬᠤ ᠪᠤᠢ︖

ᠠᠶᠢᠮᠠᠭ᠂ ᠬᠤᠰᠢᠭᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠶᠡᠭᠡ ᠲᠢᠩᠬᠢᠮ ᠤᠨ ᠴᠣᠩᠬᠤᠪᠴᠢ ᠪᠠᠷ ᠲᠤᠬᠠᠢ ᠶᠢᠨ ᠲᠠᠯᠠᠪᠤᠷ ᠲᠤ ᠨᠢ ᠭᠤᠶᠤᠴᠢᠯᠠᠬᠤ ᠮᠠᠲ᠋ᠧᠷᠢᠶᠠᠯ ᠢᠶᠠᠨ ᠲᠤᠰᠢᠶᠠᠵᠤ ᠪᠣᠯᠬᠤ ᠮᠥᠷᠲᠡᠭᠡᠨ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠ ᠮᠥᠩᠬᠡ ᠰᠤᠪᠠᠭ APP ᠰᠦᠯᠵᠢᠶ᠎ᠡ ᠪᠠᠷ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠵᠤ ᠪᠣᠯᠣᠨ᠎ᠠ᠃ ᠡᠭᠦᠨ ᠠᠴᠠ ᠭᠠᠳᠠᠨ᠎ᠠ᠂ ᠪᠠᠰᠠ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤ ︽12348︾ ᠪᠠᠷ ᠳᠠᠮᠵᠢᠭᠤᠯᠤᠨ ᠨᠠᠷᠢᠯᠢᠭ ᠯᠠᠪᠯᠠᠵᠤ ᠪᠣᠯᠣᠨ᠎ᠠ᠃

ᠲᠠᠪᠤ᠂ ᠭᠤᠶᠤᠴᠢᠯᠠᠭᠰᠠᠨ ᠤ ᠲᠠᠷᠠᠭ᠎ᠠ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠤᠭᠤᠳ ᠨᠢ ᠬᠡᠷᠬᠢᠨ ᠰᠢᠢᠳᠪᠦᠷᠢᠯᠡᠬᠦ ᠪᠤᠢ︖

ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠤᠭᠤᠳ ᠨᠢ ᠭᠤᠶᠤᠴᠢᠯᠠᠯ ᠢ ᠬᠦᠯᠢᠶᠡᠭᠰᠡᠨ ᠤ ᠲᠠᠷᠠᠭ᠎ᠠ᠂ ᠬᠥᠯᠥᠰᠦᠨ ᠠᠵᠢᠯᠴᠢᠨ ᠳᠤ ᠴᠠᠯᠢᠩ ᠬᠥᠯᠥᠰᠦ ᠶᠢ  ᠨᠢ ᠨᠡᠬᠡᠵᠦ ᠥᠭᠬᠦ ︽ᠰᠠᠭᠠᠳ ᠦᠭᠡᠢ ᠵᠠᠮ︾ ᠶᠢ ᠨᠡᠭᠡᠭᠡᠨ ᠥᠭᠴᠦ᠂ ᠭᠤᠶᠤᠴᠢᠯᠠᠬᠤ ᠴᠤᠪᠤᠷᠠᠯ ᠢ ᠴᠣᠮᠬᠠᠳᠬᠠᠨ᠂ ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠨ᠎ᠠ᠃ ᠬᠡᠷᠪᠡ ᠮᠠᠲ᠋ᠧᠷᠢᠶᠠᠯ ᠪᠦᠷᠢᠨ ᠪᠢᠰᠢ ᠪᠠᠶᠢᠪᠠᠯ᠂ ᠪᠠᠶᠢᠳᠠᠯ ᠢ ᠦᠨᠳᠦᠰᠦᠯᠡᠨ ︽ᠮᠠᠲ᠋ᠧᠷᠢᠶᠠᠯ ᠳᠤᠲᠠᠭᠰᠠᠨ ᠢ ᠠᠭᠤᠴᠢᠯᠠᠵᠤ ᠬᠦᠯᠢᠶᠡᠨ ᠰᠢᠢᠳᠪᠦᠷᠢᠯᠡᠬᠦ︾ ᠲᠣᠭᠲᠠᠴᠠ ᠶᠢ ᠠᠵᠢᠯᠯᠠᠭᠤᠯᠬᠤ ᠶᠢᠨ ᠬᠠᠮᠲᠤ ᠴᠢᠬᠤᠯᠠ ᠪᠦᠬᠦᠢ ᠨᠥᠬᠦᠪᠦᠷᠢᠯᠡᠬᠦ ᠪᠤᠶᠤ ᠲᠣᠳᠣᠷᠬᠠᠶᠢᠯᠠᠬᠤ ᠮᠠᠲ᠋ᠧᠷᠢᠶᠠᠯ ᠢᠶᠠᠨ ᠴᠠᠭ ᠲᠤᠬᠠᠢ ᠳᠤ ᠨᠢ ᠨᠥᠬᠦᠬᠦ ᠶᠢ ᠲᠠᠨ ᠳᠤ ᠨᠢᠭᠡ ᠯᠡ ᠤᠳᠠᠭ᠎ᠠ ᠳᠤ ᠴᠥᠮ ᠮᠡᠳᠡᠭᠳᠡᠨ᠎ᠡ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠤᠭᠤᠳ ᠠᠴᠠ ᠲᠣᠬᠢᠷᠠᠮᠵᠢᠲᠠᠢ ᠬᠠᠤᠯᠢᠴᠢ ᠶᠢ ᠲᠣᠮᠢᠯᠠᠭᠠᠳ ᠲᠠᠨ ᠳᠤ ᠬᠠᠤᠯᠢ ᠴᠠᠭᠠᠵᠠ ᠶᠢᠨ ᠲᠤᠰᠠᠯᠠᠮᠵᠢ ᠦᠢᠯᠡᠴᠢᠯᠡᠭᠡ ᠬᠠᠩᠭᠠᠵᠤ᠂ ᠲᠠᠨ ᠢ ᠬᠠᠪᠰᠤᠷᠤᠨ ᠵᠥᠪᠳᠡᠯᠴᠡᠬᠦ᠂ ᠡᠶᠡᠳᠡᠭᠦᠯᠬᠦ᠂ ᠬᠥᠨᠳᠡᠯᠡᠨ ᠠᠴᠠ ᠲᠠᠰᠤᠯᠬᠤ ᠪᠤᠶᠤ ᠵᠠᠭᠠᠯᠳᠤᠬᠤ ᠵᠡᠷᠭᠡ ᠬᠠᠤᠯᠢ ᠶᠣᠰᠣᠨ ᠤ ᠠᠷᠭ᠎ᠠ ᠵᠠᠮ ᠢᠶᠠᠷ ᠴᠠᠯᠢᠩ ᠬᠥᠯᠥᠰᠦ ᠶᠢ ᠴᠢᠨᠢ ᠨᠡᠬᠡᠵᠦ ᠠᠪᠴᠤ ᠥᠭᠬᠦ ᠪᠣᠯᠣᠨ᠎ᠠ᠃

 

 


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ