︽ᠭᠦᠬᠡᠬᠤᠲᠡ ᠶᠢᠨ ᠰᠠᠶᠢᠬᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2025 ᠣᠨ︶︾ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2025/5/30

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ

             ᠥᠪᠥᠷ ᠵᠠᠰᠠᠭ ᠦᠰᠦᠭ ﹇2025﹈ 55 ᠳ᠋ᠤᠭᠠᠷ ᠲᠣᠭᠠᠲᠤ

 

︽ᠭᠦᠬᠡᠬᠤᠲᠡ ᠶᠢᠨ ᠰᠠᠶᠢᠬᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2025 ᠣᠨ︶︾ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ

 

ᠭᠦᠬᠡᠬᠤᠲᠡ ᠶᠢᠨ ᠠᠷᠠᠳ ᠤᠨ ᠵᠠᠰᠠᠭ ᠤᠨ ᠣᠷᠳᠣᠨ ᠳᠤ᠄

  ᠲᠠᠨ ᠤ ᠬᠤᠲᠠ ᠶᠢᠨ ︽︿ᠭᠦᠬᠡᠬᠤᠲᠡ ᠶᠢᠨ ᠰᠠᠶᠢᠬᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2025 ᠣᠨ︶﹀ ᠢ ᠵᠥᠪᠰᠢᠶᠡᠷᠡᠭᠦᠯᠬᠦ ᠲᠤᠬᠠᠢ ᠡᠰᠢᠯᠡᠯᠲᠡ︾ ︵ᠭᠦᠬᠡᠬᠤᠲᠡ ᠵᠠᠰᠠᠭ ᠲᠠᠷᠬᠠᠭᠠᠭᠰᠠᠨ ﹇2025﹈ 35 ᠳ᠋ᠤᠭᠠᠷ ᠲᠣᠭᠠᠲᠤ︶ ᠶᠢ ᠭᠥᠯᠢᠶᠡᠨ ᠠᠪᠴᠤ ᠣᠶᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄

  ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠨᠤᠲᠠᠯᠠᠭᠤᠯᠬᠤ ᠪᠠ ᠬᠢᠨᠠᠨ ᠪᠠᠶᠢᠴᠠᠭᠠᠯᠭᠠᠭᠠᠳ᠂ ︽ᠭᠦᠬᠡᠬᠤᠲᠡ ᠶᠢᠨ ᠰᠠᠶᠢᠬᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2025 ᠣᠨ︶︾ ᠨᠢ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾᠂ ︽︿ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠡᠬᠢ ᠲᠣᠭᠲᠠᠭᠠᠯ ﹇2023﹈ 7 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾᠂ ︽ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ᠤᠨ ᠬᠤᠯᠪᠣᠭᠳᠠᠯ ᠪᠦᠬᠦᠢ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠠᠯᠢ ᠡᠬᠢ ᠦᠰᠦᠭ ﹇2024﹈ 15 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠳᠤ ᠨᠡᠶᠢᠴᠡᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠳᠦᠷᠢᠮ ᠳᠤ  ᠨᠡᠶᠢᠴᠡᠵᠦ ᠪᠠᠶᠢᠨ᠎ᠠ᠃ ᠡᠶᠢᠨ ᠬᠦ ︽ᠭᠦᠬᠡᠬᠤᠲᠡ ᠶᠢᠨ ᠰᠠᠶᠢᠬᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2025 ᠣᠨ︶︾ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠂ ᠡᠯ᠎ᠡ ᠵᠦᠢᠯ ᠤᠨ ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠲᠦᠭᠡᠢ᠃


               2025 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ

  ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ