​ᠤᠭ ᠰᠠᠨᠠᠭ᠎ᠠ ᠪᠠᠨ ᠪᠠᠷᠢᠮᠲᠠᠯᠠᠵᠤ ᠬᠢᠯᠢ ᠶᠢ ᠰᠠᠬᠢᠨ ᠲᠠᠯ᠎ᠠ ᠨᠤᠲᠤᠭ ᠢᠶᠠᠨ ᠬᠠᠮᠠᠭᠠᠯᠠᠨ᠎ᠠ - ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠵᠡᠭᠦᠨ ᠦᠵᠦᠮᠦᠴᠢᠨ ᠬᠤᠰᠢᠭᠤᠨ ᠤ ᠬᠠᠲᠠᠪᠴᠢ ᠪᠠᠯᠭᠠᠰᠤᠨ ᠤ ᠱᠠᠩᠳᠤ ᠭᠠᠴᠠᠭᠠᠨ ᠤ ᠵᠥᠪᠯᠡᠯ ᠤᠨ ᠭᠡᠰᠢᠭᠦᠨ ᠡᠷᠳᠡᠨᠢᠳᠠᠯᠠᠢ ᠶᠢ ᠲᠡᠮᠳᠡᠭᠯᠡᠪᠡ
ᠨᠡᠶᠢᠲᠡᠯᠡᠭᠰᠡᠨ ᠴᠠᠭ᠄
2025/5/6


4 ᠰᠠᠷ᠎ᠠ ᠶᠢᠨ 30 ᠤ ᠡᠳᠦᠷ ᠂ ᠵᠡᠭᠦᠨ ᠦᠵᠦᠮᠦᠴᠢᠨ ᠬᠤᠰᠢᠭᠤᠨ ᠤ ᠬᠠᠲᠠᠪᠴᠢ ᠪᠠᠯᠭᠠᠰᠤᠨ ᠤ ᠱᠠᠩᠳᠤ ᠭᠠᠴᠠᠭᠠᠨ ᠤ ᠵᠥᠪᠯᠡᠯ ᠤᠨ ᠭᠡᠰᠢᠭᠦᠨ ᠡᠷᠳᠡᠨᠢᠳᠠᠯᠠᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠶᠢᠨ ᠢᠷᠠᠭᠤ ᠠᠯᠳᠠᠷ ᠤᠨ ᠦᠨᠡᠮᠯᠡᠯ ᠪᠣᠯᠣᠨ ᠱᠠᠩᠨᠠᠯ ᠤᠨ ᠲᠡᠮᠳᠡᠭ ᠭᠦᠷᠳᠡᠭᠡᠳ ᠭᠡᠷ ᠲᠡᠭᠡᠨ ᠪᠤᠴᠠᠵᠤ ᠢᠷᠡᠬᠦ ᠳᠤ ᠂ ᠣᠶᠢᠷ᠎ᠠ ᠬᠠᠪᠢ ᠶᠢᠨ ᠮᠠᠯᠴᠢᠳ ᠨᠢ ᠲᠡᠭᠦᠨ ᠢ  ᠪᠠᠶᠠᠷᠯᠠᠨ ᠤᠭᠲᠤᠵᠤ ᠪᠢᠯᠡ ᠃ ᠮᠠᠯᠴᠢᠨ ᠲᠦᠮᠡᠨᠭᠡᠷᠡᠯ ᠄ ︽ᠳᠠᠯᠠᠢ ᠂ ᠲᠠ ᠮᠠᠨ ᠤ ᠲᠠᠯ᠎ᠠ ᠨᠤᠲᠤᠭ ᠲᠠᠭᠠᠨ ᠥᠩᠭᠡ ᠭᠡᠷᠡᠯ ᠨᠡᠮᠡᠷᠢᠯᠡᠪᠡ ᠂ ᠡᠨᠡ ᠪᠣᠯ ᠪᠢᠳᠡᠨ ᠤ ᠣᠮᠣᠭᠰᠢᠯ ᠪᠣᠯᠣᠨ᠎ᠠ ︕︾ ᠭᠡᠵᠦ ᠳᠣᠭᠳᠣᠯᠤᠨ ᠬᠡᠯᠡᠪᠡ ᠃

1.jpg

ᠡᠷᠳᠡᠨᠢᠳᠠᠯᠠᠢ ᠢᠷᠠᠭᠤ ᠠᠯᠳᠠᠷ ᠤᠨ ᠦᠨᠡᠮᠯᠡᠯ ᠪᠣᠯᠣᠨ ᠱᠠᠩᠨᠠᠯ ᠤᠨ ᠲᠡᠮᠳᠡᠭ ᠢᠶᠠᠨ ᠲᠥᠪ ᠬᠢᠴᠢᠶᠡᠩᠭᠦᠢ ᠪᠠᠷ ᠡᠬᠡᠨᠡᠷ ᠰᠠᠷᠠ ᠳᠠᠭᠠᠨ ᠭᠠᠷᠳᠠᠭᠤᠯᠵᠤ ᠂ ᠨᠢᠳᠦᠨ ᠳᠡᠭᠡᠨ ᠨᠢᠯᠪᠤᠰᠤ ᠲᠠᠢ ᠪᠠᠷ᠄ ︽ᠡᠳᠡᠭᠡᠷ ᠵᠢᠯ ᠤᠳ ᠲᠤ ᠂ ᠲᠠ ᠠᠶᠢᠯ ᠭᠡᠷ ᠢᠶᠠᠨ ᠰᠠᠶᠢᠲᠤᠷ ᠳᠣᠳᠣᠮᠳᠠᠭᠰᠠᠨ ᠤ ᠠᠴᠢ ᠪᠠᠷ ᠪᠢ ᠰᠠᠨᠠᠭ᠎ᠠ ᠠᠮᠤᠷ ᠠᠵᠢᠯᠯᠠᠵᠤ ᠴᠢᠳᠠᠵᠠᠢ ᠃ ᠡᠨᠡ ᠬᠦ ᠢᠷᠠᠭᠤ ᠠᠯᠳᠠᠷ ᠪᠣᠯ ᠮᠠᠨ ᠤ ᠬᠠᠮᠲᠤ ᠶᠢᠨ ᠬᠢ ᠶᠤᠮ ᠂ ᠨᠡᠩ ᠴᠤ ᠲᠠᠯ᠎ᠠ ᠨᠤᠲᠤᠭ ᠤᠨ ᠠᠬ᠎ᠠ ᠡᠭᠡᠴᠢ ᠳᠡᠭᠦᠦ ᠨᠢᠭᠡ ᠪᠦᠷᠢ ᠶᠢᠨ ᠬᠢ ᠶᠤᠮ ︕︾ ᠭᠡᠰᠡᠨ ᠡᠭᠡᠯ ᠪᠣᠷᠣᠭᠵᠢᠭᠤᠨ ᠦᠭᠡ ᠶᠠᠷᠢᠶ᠎ᠠ ᠨᠢ ᠡᠨᠡ ᠬᠦ ᠲᠠᠯ᠎ᠠ ᠨᠤᠲᠤᠭ ᠤᠨ ᠰᠠᠶᠢᠨ ᠡᠷ᠎ᠡ ᠶᠢᠨ ᠦᠨᠳᠦᠰᠦᠨ ᠱᠠᠲᠤᠨ ᠳᠤ ᠦᠨᠳᠦᠰᠦᠯᠡᠵᠦ ᠂ ᠤᠯᠠᠨ ᠲᠦᠮᠡᠨ ᠳᠤ ᠦᠢᠯᠡᠴᠢᠯᠡᠬᠦ ᠤᠭ ᠰᠠᠨᠠᠭ᠎ᠠ ᠶᠢ ᠢᠯᠡᠷᠡᠭᠦᠯᠵᠦ ᠪᠢᠯᠡ ᠃


2.jpg

ᠱᠠᠩᠳᠤ ᠭᠠᠴᠠᠭ᠎ᠠ ᠳᠤ ᠡᠷᠳᠡᠨᠢᠳᠠᠯᠠᠢ ᠪᠣᠯ ︽ᠵᠦᠭᠡᠷ ᠰᠠᠭᠤᠵᠤ ᠴᠢᠳᠠᠬᠤ ᠦᠭᠡᠢ ᠬᠥᠮᠥᠨ ︾ ᠶᠤᠮ ᠃ ᠲᠡᠷᠡ ᠪᠣᠯ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠂ ︽ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠥᠨ ︾ ᠪᠤᠯᠬᠤ ᠪᠠᠷ ᠪᠠᠷᠠᠬᠤ ᠦᠭᠡᠢ ᠂ ᠪᠠᠰᠠ ᠴᠤ ︽ᠮᠣᠷᠢᠨ ᠨᠢᠷᠤᠭᠤᠨ ᠳᠡᠭᠡᠷᠡᠬᠢ ᠬᠢᠯᠢ ᠬᠠᠮᠠᠭᠠᠯᠠᠭᠴᠢ ︾ ᠪᠠ ᠨᠠᠮ ᠤᠨ ᠭᠡᠰᠢᠭᠦᠨ ᠤ ᠭᠤᠣᠯᠳᠠᠯᠭᠠᠲᠤ ᠡᠷᠦᠭᠡ ᠪᠣᠯᠣᠨ᠎ᠠ ᠂ ᠶᠡᠷᠦᠩᠬᠡᠶᠢᠯᠡᠨ ᠵᠠᠰᠠᠬᠤ ᠥᠷᠳᠡᠭᠡ ᠶᠢᠨ ᠬᠠᠷᠢᠭᠤᠴᠠᠯᠭᠠᠲᠠᠨ ᠮᠥᠷᠲᠡᠭᠡᠨ ᠮᠠᠯᠴᠢᠳ ᠤᠨ ᠬᠡᠷᠡᠭᠴᠡᠭᠡ ᠲᠠᠢ ᠦᠶ᠎ᠡ ᠳᠤ ᠳᠠᠭᠤᠳᠠᠪᠠᠯ ᠳᠠᠷᠤᠢ ᠭᠦᠷᠦᠭᠡᠳ ᠢᠷᠡᠳᠡᠭ ︽ᠲᠡᠯᠡᠶ ᠠᠬ᠎ᠠ ︾ ᠪᠣᠯᠣᠨ᠎ᠠ ᠃

ᠵᠡᠭᠦᠨ ᠦᠵᠦᠮᠦᠴᠢᠨ ᠬᠤᠰᠢᠭᠤ ᠪᠣᠯ ᠬᠢᠯᠢ ᠳᠠᠭᠠᠤ ᠪᠠᠶᠢᠷᠢᠯᠠᠭᠰᠠᠨ ᠬᠤᠰᠢᠭᠤ ᠪᠠᠶᠢᠵᠤ ᠂ ᠮᠣᠩᠭᠤᠯ ᠤᠯᠤᠰ ᠯᠤᠭ᠎ᠠ ᠬᠢᠯᠢ ᠨᠡᠶᠢᠯᠡᠵᠦ ᠂ ᠬᠢᠯᠢ ᠶᠢᠨ ᠱᠤᠭᠤᠮ ᠨᠢ 520 ᠭᠠᠷᠤᠢ ᠺᠢᠯᠣᠮᠧᠲᠷ ᠤᠷᠲᠤ ᠂ ᠬᠢᠯᠢ ᠶᠢᠨ ᠳᠣᠲᠣᠷᠠᠬᠢ ᠵᠡᠭᠦᠨ ᠬᠠᠲᠠᠪᠴᠢ ᠪᠣᠭᠤᠮᠲᠠ ᠪᠣᠯ ᠣᠯᠠᠨ ᠤᠯᠤᠰ ᠤᠨ ᠴᠢᠨᠠᠷᠲᠠᠢ ᠵᠢᠯ ᠲᠤᠷᠰᠢ ᠨᠡᠭᠡᠭᠡᠬᠦ ᠪᠣᠭᠤᠮᠲᠠ ᠪᠣᠯᠣᠨ᠎ᠠ ᠃ ᠡᠷᠳᠡᠨᠢᠳᠠᠯᠠᠢ ᠶᠢᠨ ᠬᠢᠨ ᠳᠤᠮᠳᠠᠳᠤ ᠮᠣᠩᠭᠤᠯ ᠤᠨ ᠬᠢᠯᠢ ᠶᠢᠨ ᠱᠤᠭᠤᠮ ᠠᠴᠠ ᠠᠷᠪᠠᠭ᠋ᠠᠨ ᠺᠢᠯᠣᠮᠧᠲᠷ ᠵᠠᠶᠢᠲᠠᠢ ᠪᠠᠶᠢᠳᠠᠭ ᠃ ᠡᠳᠡᠭᠡᠷ ᠵᠢᠯ ᠤᠨ ᠲᠤᠷᠰᠢ ᠂ ᠭᠠᠵᠠᠷ ᠣᠷᠣᠨ ᠤ ᠨᠡᠶᠢᠭᠡᠮ ᠤᠨ ᠲᠣᠭᠲᠠᠭᠤᠨ ᠂ ᠦᠨᠳᠦᠰᠦᠲᠡᠨ ᠤ ᠪᠦᠯᠬᠦᠮᠳᠡᠯ ᠂ ᠬᠢᠯᠢ ᠶᠢᠨ ᠠᠮᠤᠷ ᠲᠦᠪᠰᠢᠨ ᠢ ᠬᠠᠮᠠᠭᠠᠯᠠᠬᠤ ᠪᠣᠯ ᠡᠯ᠎ᠡ ᠵᠦᠢᠯ ᠤᠨ ᠠᠵᠢᠯ ᠤᠷᠤᠭᠰᠢᠲᠠᠢ ᠶᠠᠪᠤᠭᠳᠠᠵᠤ ᠂ ᠤᠯᠠᠨ ᠲᠦᠮᠡᠨ ᠠᠮᠤᠷ ᠲᠠᠶᠢᠪᠤᠩ ᠠᠵᠤ ᠲᠦᠷᠦᠭᠦ ᠶᠢᠨ ᠰᠠᠭᠤᠷᠢ ᠴᠢᠯᠠᠭᠤ ᠪᠤᠯᠬᠤ ᠶᠢ ᠲᠡᠷᠡ ᠭᠦᠨᠵᠡᠭᠡᠢ ᠣᠶᠢᠯᠠᠭᠠᠪᠠ ᠃ ︽ᠮᠠᠨ ᠤ ᠡᠨᠡ ᠨᠤᠲᠤᠭ ᠬᠢᠯᠢ ᠶᠢᠨ ᠱᠤᠭᠤᠮ ᠲᠠᠢ ᠵᠠᠯᠭᠠᠯᠳᠤᠵᠤ ᠪᠠᠶᠢᠨ᠎ᠠ ᠂ ᠠᠳᠡᠬᠢ ᠶᠢ ᠰᠠᠶᠢᠲᠤᠷ ᠰᠠᠬᠢᠨ ᠬᠠᠮᠠᠭᠠᠯᠠᠬᠤ ᠪᠣᠯ ᠡᠬᠡ ᠤᠯᠤᠰ ᠤᠨ ᠢᠶᠠᠨ ᠤᠮᠠᠷᠠᠲᠤ ᠶᠡᠭᠡ ᠬᠠᠭᠠᠯᠭ᠎ᠠ ᠶᠢ ᠰᠠᠶᠢᠲᠤᠷ ᠰᠠᠬᠢᠨ ᠬᠠᠮᠠᠭᠠᠯᠠᠵᠤ ᠪᠠᠶᠢᠭ᠎ᠠ ᠶᠠᠪᠤᠳᠠᠯ ᠪᠣᠯᠣᠨ᠎ᠠ ︾ ᠭᠡᠵᠦ ᠡᠷᠳᠡᠨᠢᠳᠠᠯᠠᠢ ᠦᠷᠭᠦᠯᠵᠢ ᠶᠠᠷᠢᠳᠠᠭ ᠃


3..jpg

ᠡᠷᠳᠡᠨᠢᠳᠠᠯᠠᠢ ᠭᠤᠸᠠᠢ ᠵᠢᠯ ᠤᠨ ᠲᠦᠷᠪᠡᠨ ᠤᠯᠠᠷᠢᠯ ᠳᠤ ᠬᠥᠯ ᠢᠶᠠᠷ ᠢᠶᠠᠨ ᠬᠢᠯᠢ ᠶᠢᠨ ᠱᠤᠭᠤᠮ ᠢ ᠬᠡᠮᠵᠢᠵᠦ ᠂  ᠰᠠᠯᠬᠢ ᠪᠣᠷᠣᠭᠠᠨ ᠳᠤ ᠰᠠᠭᠠᠲᠠᠯ ᠦᠭᠡᠢ ᠴᠠᠭᠳᠠᠨ ᠪᠠᠶᠢᠴᠠᠭᠠᠳᠠᠭ ᠃ ᠨᠢᠳᠤᠨᠤᠨ ᠡᠪᠦᠯ ᠂ ᠲᠡᠷᠡ ᠲᠡᠭ ᠠᠴᠠ ᠳᠣᠷᠣᠭᠰᠢ 35 ᠭᠷᠡᠳᠦ᠋ᠰ ᠤᠨ ᠬᠦᠢᠲᠡᠨ ᠳᠤ ᠴᠠᠭᠳᠠᠨ ᠪᠠᠶᠢᠴᠠᠭᠠᠵᠤ ᠪᠠᠶᠢᠬᠤ ᠳᠤᠮᠳᠠ ᠪᠠᠨ ᠬᠢᠯᠢ ᠶᠢᠨ ᠱᠤᠭᠤᠮ ᠤᠨ ᠨᠢᠭᠡ ᠲᠡᠮᠦᠷ ᠲᠣᠣᠷ ᠶᠡᠭᠡ ᠰᠠᠯᠬᠢᠨ ᠳᠤ ᠦᠯᠢᠶᠡᠭᠳᠡᠨ ᠤᠨᠠᠭᠰᠠᠨ ᠢ ᠣᠯᠵᠤ ᠮᠠᠲᠠᠵᠠᠢ ᠃ ᠲᠡᠷᠡ ᠥᠴᠥᠬᠡᠨ ᠴᠦ ᠲᠠᠲᠠᠭᠠᠯᠵᠠᠯ ᠦᠭᠡᠢ ᠪᠠᠷ ᠶᠠᠰᠤ ᠶᠠᠩᠭᠢᠨᠠᠮ᠎ᠠ ᠬᠦᠢᠲᠡᠨ ᠰᠠᠯᠬᠢᠨ ᠳᠤ ᠳᠠᠷᠤᠢ ᠳᠤᠨᠢ ᠰᠡᠯᠪᠢᠨ ᠵᠠᠰᠠᠪᠠ ᠃ ︽ᠲᠤᠬᠠᠢ ᠶᠢᠨ ᠦᠶ᠎ᠡ ᠳᠤ ᠭᠠᠷ ᠳᠠᠭᠠᠷᠠᠭᠠᠳ ᠮᠡᠳᠡᠭᠡ ᠦᠭᠡᠢ ᠪᠣᠯᠵᠠᠢ ︾ ᠭᠡᠵᠦ ᠲᠡᠷᠡ ᠡᠷᠭᠢᠴᠡᠭᠦᠯᠦᠨ᠎ᠡ ᠃ ᠴᠠᠭ ᠭᠠᠷᠤᠢ ᠶᠢᠨ ᠴᠢᠷᠮᠠᠶᠢᠯᠭ᠎ᠠ ᠪᠠᠷ ᠳᠡᠮᠵᠢᠨ ᠂ ᠲᠡᠷᠡ ᠡᠴᠦᠰ ᠲᠡᠭᠡᠨ ᠲᠡᠮᠦᠷ ᠲᠣᠣᠷ ᠢ ᠵᠠᠰᠠᠵᠤ ᠂ ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠪᠠ ᠃  


4.jpg

︽ᠡᠷᠳᠡᠨᠢᠳᠠᠯᠠᠢ ᠪᠣᠯ ᠮᠠᠨ ᠤ ᠬᠢᠯᠢ ᠶᠢᠨ ᠬᠠᠮᠢᠶᠠᠷᠤᠯᠲᠠ ᠶᠢᠨ ᠠᠵᠢᠯ ᠤᠨ ᠳᠤᠮᠳᠠᠬᠢ ᠭᠠᠷᠮᠠᠭᠠᠢ ᠲᠥᠯᠥᠭᠡᠯᠡᠭᠴᠢ ᠮᠥᠨ ᠂ ᠨᠡᠷ᠎ᠡ ᠨᠢᠳᠡᠷ ᠲᠡᠭᠡᠨ ᠨᠡᠶᠢᠴᠡᠭᠰᠡᠨ ︿ ᠠᠮᠢᠳᠤ ᠭᠠᠵᠠᠷ ᠤᠨ ᠵᠢᠷᠤᠭ ﹀ ᠮᠥᠨ ᠂ ᠲᠡᠷᠡ ᠪᠣᠳᠠᠲᠤ ᠠᠵᠢᠯᠯᠠᠭ᠎ᠠ ᠪᠠᠷ ᠢᠶᠠᠨ ᠬᠢᠯᠢ ᠬᠠᠮᠠᠭᠠᠯᠠᠭᠴᠢ ᠶᠢᠨ ᠬᠠᠷᠢᠭᠤᠴᠠᠯᠭ᠎ᠠ ᠪᠠ ᠡᠭᠦᠷᠭᠡᠯᠡᠯ ᠢ ᠲᠠᠶᠢᠯᠪᠤᠷᠢᠯᠠᠵᠠᠢ ᠃ ᠲᠡᠷᠨ ᠱᠠᠩᠳᠤ ᠭᠠᠴᠠᠭᠠᠨ ᠤ ᠣᠮᠣᠭᠰᠢᠯ ᠪᠤᠯᠬᠤ ᠪᠠᠷ ᠪᠠᠷᠠᠬᠤ ᠦᠭᠡᠢ ᠂ ᠮᠠᠨ ᠤ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠣᠮᠣᠭᠰᠢᠯ ᠪᠣᠯᠣᠨ᠎ᠠ ᠃ ᠡᠶᠢᠮᠦ ᠰᠠᠶᠢᠨ ᠠᠬ᠎ᠠ ᠳᠡᠭᠦᠦ ᠲᠠᠢ ᠪᠠᠨ ᠬᠠᠮᠲᠤ ᠠᠵᠢᠯᠯᠠᠪᠠᠯ ᠪᠢᠳᠡᠨ ᠤ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠬᠤ ᠢᠲᠡᠭᠡᠯ ᠵᠣᠷᠢᠭ ᠨᠠᠩ ᠲᠡᠭᠦᠯᠳᠡᠷ ᠪᠣᠯᠣᠨ᠎ᠠ ︾ ᠭᠡᠵᠦ ᠰᠢᠯᠢ ᠶᠢᠨ ᠭᠤᠣᠯ ᠤᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠠᠳᠠᠪᠴᠢ ᠬᠢᠯᠢ ᠶᠢᠨ ᠲᠣᠮᠢᠯᠠᠭᠰᠠᠨ ᠰᠠᠯᠪᠤᠷᠢ ᠶᠢᠨ ᠵᠢᠭᠠᠨ ᠵᠢᠯᠣᠭᠤᠳᠤᠭᠴᠢ ᠸᠠᠩ ᠶᠢᠨ ᠫᠥᠸᠧ ᠬᠡᠯᠡᠭᠰᠡᠨ ᠢᠶᠠᠨ ᠵᠠᠯᠭᠠᠭᠠᠳ ᠂ ᠡᠲᠡᠭᠡᠷ ᠵᠢᠯ ᠤᠳ ᠲᠤ ᠡᠷᠳᠡᠨᠢᠳᠠᠯᠠᠢ ᠮᠠᠯᠴᠢᠳ ᠢᠶᠠᠨ ᠳᠠᠭᠠᠭᠤᠯᠤᠨ ᠬᠢᠯᠢ ᠶᠢ ᠲᠣᠭᠤᠷᠢᠨ ᠬᠠᠮᠠᠭᠠᠯᠠᠬᠤ ᠠᠵᠢᠯ ᠳᠤ ᠣᠷᠣᠯᠴᠠᠵᠤ ᠂ ᠡᠬᠡ ᠣᠷᠣᠨᠴᠢ ᠬᠠᠶᠢᠷ᠎ᠠ ᠰᠡᠳᠬᠢᠯᠭᠡ ᠶᠢ ᠲᠠᠯ᠎ᠠ ᠨᠤᠲᠤᠭ ᠤᠨ ᠬᠥᠷᠥᠰᠥ ᠰᠢᠷᠣᠢ ᠳᠤ ᠰᠢᠩᠭᠡᠭᠡᠭᠰᠡᠨ ᠪᠠᠶᠢᠨ᠎ᠠ ᠭᠡᠪᠡ ᠃


5.jpg

ᠠᠵᠤ ᠠᠬᠤᠢ ᠶᠢ ᠬᠥᠭᠵᠢᠭᠦᠯᠬᠦ ᠭᠤᠣᠯ ᠳᠠᠶᠢᠯᠠᠯᠳᠤᠭᠠᠨ ᠤ ᠲᠠᠯᠠᠪᠤᠷ ᠲᠤ ᠂ ᠡᠷᠳᠡᠨᠢᠳᠠᠯᠠᠢ ᠮᠥᠨ ᠴᠦ ᠭᠢᠯᠠᠯᠵᠠᠭᠰᠠᠨ ᠬᠠᠷᠢᠭᠤᠯᠲᠠ ᠶᠢᠨ ᠬᠠᠭᠤᠳᠠᠰᠤ ᠲᠤᠰᠢᠶᠠᠵᠠᠢ ᠃ ᠲᠡᠷᠡ ᠥᠪᠡᠷ ᠤᠨ ᠨᠤᠲᠤᠭ ᠪᠡᠯᠴᠢᠭᠡᠷ ᠢᠶᠠᠨ ᠠᠰᠢᠭᠯᠠᠨ ᠲᠤᠷᠰᠢᠯᠲᠠ ᠶᠢᠨ ᠴᠡᠭ ᠪᠤᠯᠭᠠᠵᠤ ᠂ ᠮᠠᠯᠵᠢᠬᠤ ᠣᠷᠣᠨ ᠤ ᠬᠥᠭᠵᠢᠯᠲᠡ ᠶᠢ ᠠᠬᠢᠭᠤᠯᠵᠤ ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠂ ᠪᠣᠬᠢᠷᠳᠤᠯ ᠦᠭᠡᠢ ᠬᠥᠭᠵᠢᠭᠦᠯᠬᠦ ᠵᠠᠭᠪᠤᠷ ᠢ ᠰᠦᠪᠡᠭᠴᠢᠯᠡᠵᠦ ᠂ ᠪᠠᠷᠢᠮᠵᠢᠶᠠᠵᠢᠭᠰᠠᠨ ᠤᠳᠤ ᠦᠶ᠎ᠡ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠴᠣᠭᠴᠠᠯᠠᠵᠤ ᠂ ᠵᠢᠯ ᠤᠨ ᠳᠤᠮᠳᠠᠴᠢ ᠣᠷᠣᠯᠭ᠎ᠠ ᠨᠢ 10 ᠭᠠᠷᠤᠢ ᠲᠦᠮᠡᠨ ᠲᠥᠭᠦᠷᠢᠭ ᠲᠤ ᠬᠦᠷᠴᠦ ᠂ ᠨᠤᠲᠤᠭ ᠪᠡᠯᠴᠢᠭᠡᠷ ᠢ ᠬᠠᠮᠠᠭᠠᠯᠠᠬᠤ ᠪᠠ ᠭᠡᠷ ᠪᠦᠯᠢ ᠶᠢᠨ ᠣᠷᠣᠯᠭ᠎ᠠ ᠶᠢ ᠨᠡᠮᠡᠭᠳᠡᠭᠦᠯᠬᠦ ᠬᠤᠣᠰ ᠠᠰᠢᠭ ᠢ ᠪᠡᠶᠡᠯᠡᠭᠦᠯᠪᠡ ᠃ ᠲᠡᠷᠡ ᠢᠮᠠᠭᠲᠠ ︽ᠨᠢᠭᠡ ᠬᠥᠮᠥᠨ ᠪᠠᠶᠠᠨ ᠪᠣᠯ ᠪᠠᠶᠠᠨ ᠳᠤ ᠲᠣᠭᠠᠴᠠᠭᠳᠠᠬᠤ ᠦᠭᠡᠢ ᠂ ᠣᠯᠠᠨ ᠢᠶᠠᠷ ᠢᠶᠠᠨ ᠪᠠᠶᠠᠨ ᠪᠣᠯ ᠰᠠᠶ᠋ᠢ ᠵᠢᠩᠬᠢᠨᠢ ᠪᠠᠶᠠᠨ ᠳᠤ ᠲᠣᠭᠠᠴᠠᠭᠳᠠᠨ᠎ᠠ ︾ ᠭᠡᠳᠡᠭ ᠢ ᠪᠠᠲᠤ ᠢᠲᠡᠭᠡᠭᠰᠡᠭᠡᠷ ᠢᠷᠠᠵᠠᠢ ᠃ ᠲᠡᠷᠡ ︽ᠨᠠᠮ ᠤᠨ ᠭᠡᠰᠢᠭᠦᠨ ᠤ ᠭᠤᠣᠯᠳᠠᠯᠭᠠᠲᠤ ᠡᠷᠦᠭᠡ + ᠨᠡᠶᠢᠭᠡᠮᠯᠢᠭ ︾ ᠤᠨ ᠮᠠᠯᠵᠢᠬᠤ ᠣᠷᠣᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠵᠠᠭᠪᠤᠷ ᠢᠶᠠᠷ ᠳᠡᠮᠵᠢᠨ ᠪᠡᠶ᠎ᠡ ᠪᠠᠷ ᠢᠶᠠᠨ ᠬᠦᠷᠴᠦ ᠂ ᠮᠠᠯᠴᠢᠳ ᠲᠤ ᠲᠤᠷᠰᠢᠯᠭ᠎ᠠ ᠤᠯᠠᠮᠵᠢᠯᠠᠨ ᠂ ᠲᠡᠳᠡᠨ ᠤ ᠲᠡᠵᠢᠭᠡᠨ ᠦᠷᠡᠵᠢᠭᠦᠯᠬᠦ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠬᠤ ᠶᠢᠨ ᠬᠠᠮᠲᠤ ᠬᠠᠷᠢᠶ᠎ᠠ ᠣᠷᠣᠨ ᠤ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠶᠠᠳᠠᠭᠤ ᠠᠴᠠ ᠠᠩᠭᠢᠵᠢᠷᠠᠭᠰᠠᠨ ᠡᠷᠦᠭᠡ ᠲᠠᠢ ᠬᠠᠷᠢᠯᠴᠠᠵᠤ ᠬᠠᠪᠰᠤᠷᠤᠨ ᠂ ᠨᠠᠮ ᠤᠨ ᠭᠡᠰᠢᠭᠦᠨ ᠤ ᠠᠮᠠᠯᠳᠠᠭᠰᠠᠨ ᠠᠮᠠᠯᠠᠯᠲᠠ ᠪᠠᠨ ᠦᠢᠯᠡᠳᠦᠯᠭᠡᠵᠢᠭᠦᠯᠬᠦ ᠠᠵᠢᠯᠯᠠᠭ᠎ᠠ ᠶᠢ ᠥᠷᠨᠢᠭᠦᠯᠦᠨ ᠂ ᠨᠠᠮ ᠤᠨ ᠭᠡᠰᠢᠭᠦᠨ ᠤ ᠠᠮᠠᠯᠳᠠᠭᠰᠠᠨ 32 ᠵᠦᠢᠯᠡᠰ ᠢ ᠪᠡᠶᠡᠯᠡᠭᠦᠯᠵᠦ ᠂ ᠪᠡᠶᠡᠯᠡᠭᠦᠯᠦᠭᠰᠡᠨ ᠨᠣᠷᠮ᠎ᠠ ᠨᠢ 80% ᠳᠤ ᠬᠦᠷᠴᠡᠢ ᠃

ᠬᠢᠯᠢ ᠶᠢ ᠪᠠᠲᠤ ᠰᠠᠬᠢᠭᠰᠠᠨ ᠣᠨ ᠰᠠᠷ᠎ᠠ ᠨᠤᠭᠤᠳ ᠲᠤ ᠦᠨᠳᠦᠰᠦᠲᠡᠨ ᠤ ᠪᠦᠯᠬᠦᠮᠳᠡᠯ ᠨᠢ ᠨᠢᠭᠡᠨᠲᠡ ᠡᠷᠳᠡᠨᠢᠳᠠᠯᠠᠢ ᠶᠢᠨ ᠡᠳᠦᠷ ᠲᠤᠲᠤᠮ ᠤᠨ ᠠᠮᠢᠳᠤᠷᠠᠯ ᠳᠤ ᠭᠦᠨ ᠠᠭᠤᠰᠪᠠ ᠃ ᠬᠠᠳᠠᠪᠴᠢ ᠪᠠᠯᠭᠠᠰᠤᠨ ᠤ ︽ᠠᠨᠠᠷ ᠤᠨ ᠦᠷ᠎ᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ︾ ᠶᠢᠨ ᠳᠠᠷᠤᠭ᠎ᠠ ᠪᠣᠯᠤᠭᠰᠠᠨ ᠤ ᠬᠤᠪᠢ ᠳᠤ ᠂ ᠡᠷᠳᠡᠨᠢᠳᠠᠯᠠᠢ ᠪᠠᠯᠭᠠᠰᠤᠨ ᠤ ᠵᠠᠰᠠᠭ ᠤᠨ ᠣᠷᠳᠣᠨ ᠵᠢᠴᠢ ᠬᠢᠯᠢ ᠶᠢᠨ ᠲᠣᠮᠢᠯᠠᠭᠰᠠᠨ ᠰᠠᠯᠪᠤᠷᠢ ᠂ ᠰᠤᠮᠤᠨ ᠠᠩᠭᠢ ᠵᠡᠷᠭᠡ ᠶᠢ ᠬᠠᠮᠵᠢᠨ ᠡᠯ᠎ᠡ ᠲᠥᠷᠥᠯ ᠤᠨ ᠣᠨᠴᠠᠯᠢᠭᠲᠤ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠦᠨ᠎ᠡ ᠂ ᠵᠢᠱᠢᠶᠡᠯᠡᠪᠡᠯ ᠬᠠᠤᠯᠢ ᠪᠠᠷ ᠵᠠᠰᠠᠬᠤ ᠤᠬᠠᠭᠤᠯᠭ᠎ᠠ ᠂ ᠵᠥᠪᠯᠡᠯᠭᠡ ᠥᠭᠬᠦ ᠦᠢᠯᠡᠴᠢᠯᠡᠭᠡ ᠂ ᠵᠥᠷᠢᠴᠡᠯ ᠢ ᠰᠢᠢᠳᠪᠦᠷᠢᠯᠡᠬᠦ ᠵᠡᠷᠭᠡ ᠪᠣᠯᠣᠨ᠎ᠠ ᠃ ᠡᠷᠳᠡᠨᠢᠳᠠᠯᠠᠢ ᠳᠤ ᠲᠡᠭᠷᠢ ᠭᠠᠵᠠᠷ ᠢ ᠳᠣᠩᠰᠣᠯᠭᠠᠭᠰᠠᠨ ᠦᠢᠯᠡ ᠶᠠᠪᠤᠳᠠᠯ ᠭᠡᠵᠦ ᠪᠠᠶᠢᠬᠤ ᠦᠭᠡᠢ ᠂ ᠵᠥᠪᠭᠡᠨ ᠰᠢᠢᠳᠪᠦᠷᠢᠯᠡᠵᠦ ᠳᠠᠭᠤᠰᠤᠰᠢ ᠦᠭᠡᠢ ᠠᠷᠰᠠᠷ ᠶᠠᠪᠤᠳᠠᠯ ᠪᠠᠶᠢᠳᠠᠭ ᠂ ᠭᠡᠪᠡᠴᠦ ᠡᠳᠡᠭᠡᠷ ᠠᠷᠰᠠᠷ ᠶᠠᠪᠤᠳᠠᠯ ᠨᠢ ᠮᠠᠯᠴᠢᠳ ᠲᠤ ᠠᠪᠴᠤ ᠬᠡᠯᠡᠪᠡᠯ ᠴᠥᠮ ᠶᠡᠭᠡ ᠶᠠᠪᠤᠳᠠᠯ ᠪᠤᠯᠬᠤ ᠶᠤᠮ ᠃

︽ ᠳᠠᠯᠠᠶ ᠪᠣᠯ ᠮᠠᠨ ᠤ ᠲᠦᠰᠢᠭ ᠲᠤᠯᠭᠠᠭᠤᠷᠢ ᠮᠥᠨ ︕︾ ᠱᠠᠩᠳᠤ ᠭᠠᠴᠠᠭᠠᠨ ᠤ ᠮᠠᠯᠴᠢᠳ ᠲᠡᠭᠦᠨ ᠢ ᠢᠩᠭᠢᠵᠦ ᠦᠨᠡᠯᠡᠳᠡᠭ ᠃ ᠭᠠᠵᠠᠷ ᠨᠤᠲᠤᠭ ᠠᠭᠤᠳᠠᠮ ᠬᠥᠮᠥᠨ ᠠᠮᠠ ᠴᠥᠭᠡᠨ ᠂ ᠬᠢᠯᠢ ᠶᠢ ᠪᠠᠶᠢᠴᠠᠭᠠᠵᠤ ᠂ ᠠᠶᠢᠯ ᠭᠡᠷ ᠢᠶᠠᠷ ᠠᠶᠢᠯᠴᠢᠯᠠᠬᠤ ᠳᠤ ᠬᠡᠳᠦᠨ ᠠᠷᠪᠠᠨ ᠭᠠᠵᠠᠷ ᠶᠠᠪᠤᠳᠠᠭ ᠃ ᠡᠷᠳᠡᠨᠢᠳᠠᠯᠠᠢ ᠴᠢᠯᠦᠭᠡ ᠭᠠᠷᠤᠭᠰᠠᠭᠠᠷ ᠮᠠᠯᠴᠢᠨ ᠠᠶᠢᠯ ᠢᠶᠠᠷ ᠬᠦᠷᠴᠦ ᠂ ᠲᠡᠳᠡᠨ ᠤ ᠪᠤᠳᠣᠯ ᠰᠠᠨᠠᠭ᠎ᠠ ᠶᠢ ᠣᠶᠢᠯᠠᠭᠠᠳᠠᠭ ᠃ ᠢᠯᠠᠩᠭᠤᠶ᠎ᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠭᠰᠠᠨ ᠤ ᠳᠠᠷᠠᠭ᠎ᠠ ᠂ ᠲᠡᠷᠡ ᠮᠠᠯᠴᠢᠳ ᠤᠨ ᠭᠡᠷ ᠲᠤ ᠬᠦᠷᠬᠦ ᠨᠢ ᠨᠡᠩ ᠤᠯᠠᠨ ᠪᠣᠯᠵᠠᠢ ᠃ ᠮᠠᠯᠴᠢᠳ ᠡᠷᠳᠡᠨᠢᠳᠠᠯᠠᠢ ᠳᠤ ᠂ ᠮᠠᠯᠴᠢᠳ ᠤᠨ ᠣᠷᠣᠨ ᠰᠠᠭᠤᠴᠠ ᠲᠠᠷᠠᠬᠠᠢ ᠪᠤᠲᠠᠷᠬᠠᠢ ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠤᠴᠤᠷᠤᠩᠭᠤᠢ ᠂ ᠲᠤᠬᠠᠢ ᠶᠢᠨ ᠭᠠᠵᠠᠷ ᠤᠨ ᠵᠠᠮ ᠬᠠᠷᠢᠯᠴᠠᠭ᠎ᠠ ᠲᠡᠭᠡᠭᠡᠪᠦᠷᠢ ᠰᠠᠭᠠᠳ ᠲᠠᠢ ᠂ ᠦᠢᠯᠡᠳᠪᠦᠷᠢᠯᠡᠯ ᠠᠮᠢᠳᠤᠷᠠᠯ ᠳᠥᠭᠦᠮ ᠦᠭᠡᠢ ᠵᠡᠷᠭᠡ ᠠᠰᠠᠭᠤᠳᠠᠯ ᠮᠠᠰᠢ ᠲᠣᠪᠣᠶᠢᠮ᠎ᠠ ᠪᠠᠶᠢᠨ᠎ᠠ ᠭᠡᠵᠦ ᠲᠤᠰᠬᠠᠪᠠ ᠃ ᠡᠷᠳᠡᠨᠢᠳᠠᠯᠠᠢ ᠬᠢᠯᠢ ᠬᠢᠵᠠᠭᠠᠷ ᠣᠷᠣᠨ ᠤ ᠵᠠᠮ ᠬᠠᠷᠢᠯᠴᠠᠭ᠎ᠠ ᠂ ᠴᠢᠮᠡᠭᠡ ᠬᠤᠯᠪᠤᠭ᠎ᠠ ᠂ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠂ ᠮᠠᠯ ᠠᠵᠤ ᠠᠬᠤᠢ ᠶᠢᠨ ᠮᠠᠰᠢᠨᠴᠢᠯᠠᠯᠲᠠ ᠣᠶᠤᠨᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠭᠦ ᠵᠡᠷᠭᠡ ᠲᠠᠯ᠎ᠠ ᠪᠠᠷ ᠤᠯᠠᠨ ᠰᠠᠨᠠᠭᠤᠯᠭ᠎ᠠ ᠳᠤᠷᠠᠳᠴᠠᠢ ᠃ ᠡᠷᠳᠡᠨᠢᠳᠠᠯᠠᠢ ᠶᠢᠨ ᠠᠬᠢᠭᠤᠯᠤᠯ ᠳᠣᠣᠷ᠎ᠠ ᠂ ᠨᠡᠩ ᠤᠯᠠᠨ ᠮᠠᠯᠴᠢᠨ ᠡᠷᠦᠭᠡ ︽ᠰᠠᠭᠠᠳ ᠦᠭᠡᠢ ᠴᠠᠭᠢᠯᠭᠠᠨ ᠨᠡᠪᠲᠡᠷᠡᠬᠦ ︾ ᠶᠢ ᠪᠡᠶᠡᠯᠡᠭᠦᠯᠵᠦ ᠂ ᠬᠡᠰᠡᠭ ᠮᠠᠯᠴᠢᠨ ᠡᠷᠦᠭᠡ ᠰᠢᠨ᠎ᠡ ᠡᠨᠧᠷᠭᠢ ᠶᠢᠨ ᠴᠠᠭᠢᠯᠭᠠᠨ ᠬᠡᠷᠡᠭᠯᠡᠬᠦ ᠲᠤᠷᠰᠢᠯᠲᠠ ᠶᠢᠨ ᠡᠷᠦᠭᠡ ᠪᠣᠯᠵᠤ ᠂ ᠴᠢᠮᠡᠭᠡ ᠬᠤᠯᠪᠣᠭᠠᠨ ᠤ ᠳᠤᠭᠢᠶᠠᠨ ᠤ ᠪᠦᠷᠬᠦᠴᠡ ᠶᠢᠨ ᠲᠠᠯᠠᠪᠠᠢ ᠨᠡᠩ ᠶᠡᠭᠡ ᠪᠣᠯᠵᠤ ᠂ ᠤᠯᠠᠨ ᠲᠦᠮᠡᠨ ᠤ ᠵᠢᠷᠭᠠᠯᠲᠤ ᠲᠥᠷᠥᠭᠳᠡᠯ ᠨᠡᠮᠡᠭᠳᠡᠪᠡ ᠃ ᠵᠤᠷᠪᠤᠰ ᠵᠤᠷᠪᠤᠰ ᠰᠤᠨᠤᠯᠵᠠᠬᠤ ᠥᠷᠭᠡᠨ ᠳᠠᠷᠳᠠᠩ ᠵᠠᠮ ᠨᠢ ᠲᠣᠷᠭᠠᠨ ᠪᠦᠰᠡ ᠰᠢᠭ ᠥᠷᠭᠡᠨ ᠠᠭᠤᠳᠠᠮ ᠲᠠᠯ᠎ᠠ ᠨᠤᠲᠤᠭ ᠳᠡᠭᠡᠷᠡᠬᠢ ᠲᠦᠭ ᠲᠦᠮᠡᠨ ᠠᠶᠢᠯ ᠡᠷᠦᠭᠡ ᠶᠢ ᠬᠤᠯᠪᠣᠪᠠ ᠃ ᠡᠨᠡ ᠵᠢᠯ ᠤᠨ ᠪᠦᠭᠦ ᠤᠯᠤᠰ ᠤᠨ ᠬᠤᠶᠠᠷ ᠬᠤᠷᠠᠯ ᠳᠡᠭᠡᠷ᠎ᠡ ᠂ ᠡᠷᠳᠡᠨᠢᠳᠠᠯᠠᠢ ︽ᠬᠢᠯᠢ ᠶᠢᠨ ᠮᠠᠯᠵᠢᠬᠤ ᠣᠷᠣᠨ ᠤ ᠰᠢᠨ᠎ᠡ ᠮᠠᠶ᠋ᠢᠭ ᠤᠨ ᠬᠥᠳᠡᠭᠡ ᠲᠣᠰᠬᠤᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠬᠦ ᠲᠤᠬᠠᠢ ᠰᠠᠨᠠᠭᠤᠯᠭ᠎ᠠ ︾᠂ ︽ᠦᠬᠡᠷ ᠬᠤᠨᠢᠨ ᠤ ᠦᠨ᠎ᠡ ᠬᠠᠩᠰᠢ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠲᠤᠬᠠᠢ ᠰᠠᠨᠠᠭᠤᠯᠭ᠎ᠠ ︾ ᠳᠤᠷᠠᠳᠪᠠ ᠃ ︽ᠮᠠᠯᠴᠢᠳ ᠤᠨ ᠰᠡᠳᠬᠢᠯ ᠤᠨ ᠳᠠᠭᠤᠨ ᠪᠣᠯ ᠳᠠᠷᠤᠢ ᠮᠢᠨᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠭᠯᠡᠯ ᠮᠥᠨ ︾  ᠭᠡᠵᠦ ᠲᠡᠷᠡ ᠬᠡᠯᠡᠳᠡᠭ ᠃

ᠵᠢᠷᠭᠠᠬᠤ ᠨᠡᠷᠡᠨ ᠠᠭᠤᠯᠠᠨ ᠤ ᠪᠠᠷᠠᠭᠤᠨ᠎ᠠ ᠣᠷᠣᠬᠤ ᠦᠶ᠎ᠡ ᠪᠠᠷ ᠪᠠᠶᠠᠷᠯᠠᠨ ᠬᠥᠭᠡᠷᠦᠯᠳᠦᠵᠦ ᠪᠠᠶᠢᠭ᠎ᠠ ᠬᠥᠮᠥᠰ ᠠᠭᠠᠵᠢᠮ ᠢᠶᠠᠷ ᠲᠠᠷᠬᠠᠨ ᠶᠠᠪᠤᠵᠠᠭᠠᠪᠠ ᠃ ᠡᠷᠳᠡᠨᠢᠳᠠᠯᠠᠢ ᠮᠣᠩᠭᠤᠯ ᠭᠡᠷ ᠤᠨ ᠢᠶᠠᠨ ᠡᠮᠦᠨ᠎ᠡ ᠵᠣᠭᠰᠣᠵᠤ ᠂ ᠭᠦᠪᠡᠭᠡ ᠬᠢᠵᠠᠭᠠᠷ ᠦᠭᠡᠢ ᠲᠠᠯ᠎ᠠ ᠨᠤᠲᠤᠭ ᠪᠠ ᠠᠯᠤᠰ ᠬᠤᠯᠠ ᠶᠢᠨ ᠬᠢᠯᠢ ᠶᠢᠨ ᠱᠤᠭᠤᠮ ᠢ ᠬᠠᠷᠠᠭᠠᠳ ᠰᠤᠷᠪᠤᠯᠵᠢᠯᠠᠬᠴᠢ ᠳᠤ  ᠄ ︽ᠪᠢ ᠡᠨᠡ ᠬᠦ ᠢᠷᠠᠭᠤ ᠠᠯᠳᠠᠷ ᠢ ᠬᠠᠷᠢᠭᠤᠴᠠᠯᠭ᠎ᠠ ᠬᠡᠮᠡᠨ ᠦᠵᠡᠵᠦ ᠂ ᠣᠯᠠᠨ ᠢ ᠳᠠᠭᠠᠭᠤᠯᠤᠨ ᠮᠠᠯᠵᠢᠬᠤ ᠣᠷᠣᠨ ᠢ ᠨᠠᠩ ᠰᠠᠶᠢᠲᠤᠷ ᠪᠦᠲᠦᠭᠡᠨ ᠪᠠᠶᠢᠭᠤᠯᠵᠤ ᠂ ᠬᠢᠯᠢ ᠬᠢᠵᠠᠭᠠᠷ ᠢ ᠨᠠᠩ ᠪᠠᠲᠤ ᠪᠠᠬᠢ ᠪᠣᠯᠭᠠᠨ᠎ᠠ ︾ ᠭᠡᠪᠡ ᠃

ᠰᠣᠷᠪᠤᠯᠵᠢᠯᠠᠭ᠎ᠠ ᠶᠢᠨ ᠳᠤᠮᠳᠠ ᠂ ᠰᠤᠷᠪᠤᠯᠵᠢᠯᠠᠬᠴᠢ ᠶᠢ ᠬᠠᠮᠤᠭ ᠠᠴᠠ ᠢᠯᠡᠭᠦᠦ ᠰᠡᠳᠬᠢᠯ ᠬᠥᠳᠡᠯᠭᠡᠳᠡᠭ ᠨᠢ ᠲᠡᠳᠡᠭᠡᠷ ᠢᠷᠠᠭᠤ ᠠᠯᠳᠠᠷ ᠤᠨ ᠲᠡᠮᠳᠡᠭ ᠪᠢᠰᠢ ᠂ ᠬᠠᠷᠢᠨ ᠮᠠᠯᠴᠢᠳ︽ᠮᠠᠨ ᠤ ᠲᠡᠯᠡᠶ ︾ ᠭᠡᠵᠦ ᠶᠠᠷᠢᠬᠤ ᠳᠤᠮᠳᠠ ᠠᠶᠠᠨᠳᠠᠭᠠᠨ ᠢᠯᠡᠷᠡᠭᠦᠯᠦᠭᠰᠡᠨ ᠢᠲᠡᠭᠡᠯ ᠪᠣᠯ ᠡᠷᠳᠡᠨᠢᠳᠠᠯᠠᠢ ᠶᠢᠨ ᠶᠠᠰᠤᠨ ᠳᠠᠭᠠᠨ ᠰᠡᠶᠢᠯᠦᠭᠰᠡᠨ ᠤᠯᠤᠰ ᠣᠷᠣᠨ ᠤ ᠲᠥᠯᠥᠭᠡ ᠭᠡᠬᠦ ᠬᠠᠷᠢᠭᠤᠴᠠᠯᠭ᠎ᠠ ᠡᠭᠦᠷᠭᠡᠯᠡᠯ ᠪᠣᠯᠣᠨ᠎ᠠ ᠃

︽ᠢᠷᠠᠭᠤ ᠠᠯᠳᠠᠷ ᠢ ᠲᠠᠯ᠎ᠠ ᠨᠤᠲᠤᠭ ᠨᠠᠳᠠ ᠣᠯᠭᠤᠭᠰᠠᠨ ᠂ ᠡᠶᠢᠨᠬᠦ ᠡᠨᠡ ᠢᠷᠠᠭᠤ ᠠᠯᠳᠠᠷ ᠢ ᠲᠠᠯ᠎ᠠ ᠨᠤᠲᠤᠭ ᠲᠤ ᠪᠤᠴᠠᠭᠠᠬᠤ ᠬᠡᠷᠡᠭᠲᠡᠢ ︾᠃ ᠡᠷᠳᠡᠨᠢᠳᠠᠯᠠᠢ ᠡᠨᠡ ᠦᠭᠡ ᠶᠢ ᠬᠡᠯᠡᠬᠦ ᠦᠶ᠎ᠡ ᠳᠤ ᠳᠣᠬᠢᠭᠤᠷ ᠲᠤᠯᠤᠭᠠᠨ ᠣᠲᠣ ᠶᠠᠭ ᠬᠢᠯᠢ ᠶᠢᠨ ᠱᠤᠭᠤᠮ ᠤᠨ ᠣᠭᠲᠠᠷᠭᠤᠢ ᠳᠤ ᠳᠤᠸᠠᠯᠠᠵᠤ ᠂ ᠲᠡᠭᠦᠨ ᠤ ᠳᠥᠴᠢᠨ ᠵᠢᠯ ᠤᠨ ᠲᠤᠷᠰᠢ ᠶᠠᠪᠤᠵᠤ ᠥᠩᠭᠡᠷᠡᠭᠰᠡᠨ︽ᠮᠠᠯᠴᠢᠳ ᠤᠨ ᠵᠠᠮ ︾  ᠢ ᠭᠡᠷᠡᠯᠲᠦᠭᠦᠯᠦᠭᠰᠡᠨ ᠪᠠᠶᠢᠯ᠎ᠠ ᠃ ᠡᠨᠡ ᠵᠤᠷᠪᠤᠰ ᠵᠠᠮ ᠨᠢ ᠬᠢᠯᠢ ᠶᠢᠨ ᠬᠥᠰᠢᠶ᠎ᠡ ᠪᠣᠯᠣᠨ ᠮᠣᠩᠭᠤᠯ ᠭᠡᠷ ᠢ ᠬᠤᠯᠪᠣᠵᠤ ᠂ ᠲᠡᠮᠦᠷ ᠲᠣᠣᠷ ᠪᠣᠯᠣᠨ ᠣᠶᠤᠨᠲᠤ ᠮᠠᠯᠵᠢᠯ ᠤᠨ ᠲᠠᠯᠠᠪᠠᠢ ᠶᠢ ᠬᠤᠯᠪᠣᠵᠤ ᠂ ᠨᠠᠩ ᠴᠤ ᠮᠠᠯᠴᠢᠳ ᠤᠨ ᠢᠲᠡᠭᠡᠯ ᠪᠠ ᠬᠦᠰᠡᠯ ᠡᠷᠡᠮᠡᠯᠵᠡᠯ ᠢ ᠬᠤᠯᠪᠣᠵᠤ ᠪᠠᠶᠢᠨ᠎ᠠ ᠃


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ