|
ᠥᠪᠥᠷ ᠮᠣᠩᠭᠤᠯ ᠤᠨ ᠭᠤᠷᠪᠠᠨ ᠰᠢᠶᠠᠨ ᠨᠢ ᠪᠥᠬᠦ ᠤᠯᠤᠰ ᠤᠨ ᠨᠡᠷᠡᠰ ᠤᠨ ᠵᠢᠭᠰᠠᠭᠠᠯᠲᠠ ᠳᠤ ᠪᠦᠷᠢᠳᠬᠡᠭᠳᠡᠪᠡ |
|
|
ᠨᠡᠶᠢᠲᠡᠯᠡᠭᠰᠡᠨ ᠴᠠᠭ᠄
2025/5/7
|
|
ᠣᠶᠢᠷ᠎ᠠ ᠳᠤ᠂ ᠡᠳ᠋ ᠤᠨ ᠵᠠᠰᠠᠭ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ 2025 ᠣᠨ ᠤ ᠰᠢᠶᠠᠨ ᠤ ᠬᠡᠪᠴᠢᠶᠡᠨ ᠳᠠᠬᠢ ᠴᠠᠬᠢᠯᠭᠠᠨ ᠴᠡᠨᠡᠭᠯᠡᠬᠦ ᠪᠠ ᠰᠣᠯᠢᠬᠤ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠲᠤᠷᠰᠢᠯᠲᠠ ᠶᠢᠨ ᠴᠡᠭ ᠤᠨ ᠰᠢᠶᠠᠨ ᠢᠶᠠᠷ ᠪᠦᠷᠢᠳᠬᠡᠨ ᠳᠠᠩᠰᠠᠯᠠᠭᠤᠯᠤᠭᠰᠠᠨ ᠨᠡᠷᠡᠰ ᠢ ᠬᠠᠮᠲᠤᠷᠠᠨ ᠨᠡᠶᠢᠲᠡᠯᠡᠪᠡ᠂ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤ᠂ ᠪᠤᠭᠤᠲᠤ ᠬᠤᠲᠠ ᠶᠢᠨ ᠭᠦᠶᠠᠩ ᠰᠢᠶᠠᠨ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠵᠡᠷᠭᠡ 3 ᠬᠤᠰᠢᠭᠤ ᠰᠢᠶᠠᠨ ᠰᠣᠩᠭᠤᠭᠳᠠᠭᠰᠠᠨ ᠪᠥᠭᠡᠳ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠨᠢᠭᠡ ᠪᠦᠷᠢ ᠳᠤ 3960 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠤᠷᠢᠳᠴᠢᠯᠠᠨ ᠣᠯᠭᠤᠬᠤ ᠪᠠᠷ ᠪᠠᠶᠢᠨ᠎ᠠ ᠃
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|