ᠯᠢ ᠴᠢᠶᠠᠩ ᠮᠦᠸᠧᠽᠢ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠠᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 6 ᠤ ᠴᠠᠭᠢᠯᠭᠠᠨ ᠮᠡᠳᠡᠭᠡ 5 ᠰᠠᠷ᠎ᠠ ᠶᠢᠨ 6 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠹᠷᠢᠳ᠋ᠷᠢᠰᠢ · ᠮᠦᠸᠧᠽᠢ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠠ ᠨᠠᠶᠢᠷᠠᠮᠳᠠᠬᠤ ᠬᠤᠯᠪᠣᠭᠠᠨ ᠤ ᠭᠧᠷᠮᠠᠨ ᠤᠯᠤᠰ ᠤᠨ ᠶᠡᠷᠦᠩᠬᠡᠢ ᠰᠠᠶᠢᠳ ᠢᠶᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃
ᠰᠢ ᠶᠢᠨ ᠫᠢᠩ᠂ ᠳᠤᠮᠳᠠᠳᠤ ᠭᠧᠷᠮᠠᠨ ᠪᠣᠯ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 53 ᠵᠢᠯ ᠤᠨ ᠲᠤᠷᠰᠢ᠂ ᠬᠤᠶᠠᠷ ᠤᠯᠤᠰ ᠢᠶᠠᠷ ᠢᠶᠠᠨ ᠬᠠᠷᠢᠯᠴᠠᠨ ᠭᠦᠨᠳᠦᠳᠭᠡᠵᠦ ᠬᠠᠷᠢᠯᠴᠠᠨ ᠢᠲᠡᠭᠡᠯᠴᠡᠬᠦ᠂ ᠡᠷᠬᠡ ᠲᠡᠭᠰᠢ ᠪᠠᠷ ᠬᠠᠨᠳᠤᠬᠤ ᠬᠠᠷᠢᠯᠴᠠᠭᠠᠨ ᠤ ᠵᠠᠮ ᠢ ᠪᠠᠷᠢᠮᠲᠠᠯᠠᠵᠤ᠂ ᠢᠮᠠᠭᠲᠠ ᠬᠠᠷᠢᠯᠴᠠᠨ ᠠᠰᠢᠭᠲᠠᠢ ᠬᠠᠷᠢᠯᠴᠠᠨ ᠬᠠᠷᠠᠭᠠᠯᠵᠠᠬᠤ᠂ ᠬᠠᠮᠲᠤ ᠪᠠᠷ ᠠᠰᠢᠭ ᠬᠦᠷᠲᠡᠵᠦ ᠬᠥᠭᠵᠢᠬᠦ ᠬᠠᠮᠲᠤᠷᠠᠯᠴᠠᠭᠠᠨ ᠤ ᠵᠠᠮ ᠢᠶᠠᠷ ᠵᠠᠮᠨᠠᠵᠤ᠂ ᠭᠠᠷ ᠬᠤᠯᠪᠣᠨ ᠵᠡᠷᠭᠡ ᠪᠠᠷ ᠤᠷᠤᠭᠰᠢᠯᠠᠬᠤ᠂ ᠬᠠᠷᠢᠯᠴᠠᠨ ᠠᠮᠵᠢᠯᠲᠠ ᠣᠯᠬᠤ ᠰᠠᠶᠢᠨ ᠬᠠᠨᠢᠲᠠᠨ ᠪᠣᠯᠵᠤ᠂ ᠥᠨᠳᠥᠷ ᠲᠦᠪᠰᠢᠨ ᠪᠦᠬᠦᠢ ᠬᠠᠮᠲᠤᠷᠠᠯᠴᠠᠭ᠎ᠠ ᠪᠠᠷ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃ ᠣᠳᠣᠬᠠᠨ ᠤ ᠳᠡᠯᠡᠬᠡᠢ ᠶᠢᠷᠲᠢᠨᠴᠦ ᠤᠷᠪᠠᠭᠠᠨ ᠬᠥᠷᠪᠡᠭᠡᠨ ᠬᠤᠪᠢᠷᠠᠯᠲᠠ ᠰᠤᠯᠪᠢᠴᠠᠨ ᠣᠷᠣᠰᠢᠵᠤ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠤᠷᠤᠰᠬᠠᠯ ᠰᠥᠷᠦᠨ ᠥᠨᠳᠡᠯᠵᠡᠵᠦ ᠪᠠᠶᠢᠭ᠎ᠠ ᠪᠤᠯᠪᠠᠴᠤ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠳᠡᠭᠦ ᠪᠣᠯ ᠮᠥᠨ ᠬᠦ ᠬᠥᠮᠥᠨ ᠤ ᠶᠢᠷᠲᠢᠨᠴᠦ ᠶᠢᠨ ᠵᠥᠪ ᠵᠠᠮ ᠪᠠ ᠬᠤᠷᠢᠭᠯᠠᠭᠳᠠᠰᠢ ᠦᠭᠡᠢ ᠴᠠᠭ ᠦᠶ᠎ᠡ ᠶᠢᠨ ᠤᠷᠤᠰᠬᠠᠯ ᠪᠣᠯᠣᠨ᠎ᠠ᠃ ᠳᠡᠯᠡᠬᠡᠢ ᠶᠢᠨ ᠬᠤᠶᠠᠳᠤᠭᠠᠷ᠂ ᠭᠤᠷᠪᠠᠳᠤᠭᠠᠷ ᠶᠡᠭᠡ ᠠᠵᠤ ᠠᠬᠤᠢ ᠶᠢᠨ ᠴᠣᠭᠴᠠ ᠪᠣᠯᠣᠨ ᠪᠦᠭᠦ ᠪᠥᠮᠪᠥᠷᠴᠡᠭ ᠲᠤ ᠨᠥᠯᠥᠭᠡ ᠲᠠᠢ ᠲᠣᠮᠣ ᠤᠯᠤᠰ ᠪᠣᠯᠤᠭᠰᠠᠨ ᠤ ᠬᠤᠪᠢ ᠳᠤ᠂ ᠳᠤᠮᠳᠠᠳᠤ ᠭᠧᠷᠮᠠᠨ ᠬᠤᠶᠠᠷ ᠤᠯᠤᠰ ᠲᠡᠦᠬᠡ ᠶᠢᠨ ᠶᠡᠭᠡ ᠬᠠᠨᠳᠤᠰᠢ ᠳᠤ ᠵᠣᠬᠢᠴᠠᠵᠤ᠂ ᠲᠥᠪ ᠭᠤᠣᠯᠴᠢ ᠰᠢᠳᠤᠷᠭᠤ ᠶᠣᠰᠣ ᠶᠢ ᠪᠠᠲᠤ ᠰᠠᠬᠢᠵᠤ᠂ ᠰᠣᠯᠢᠯᠴᠠᠯ ᠲᠣᠯᠢᠳᠠᠯ ᠢᠶᠠᠨ ᠭᠦᠨᠵᠡᠭᠡᠶᠢᠷᠡᠭᠦᠯᠵᠦ᠂ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠤᠬᠰᠢᠨ ᠰᠠᠯᠬᠢ ᠰᠢᠷᠦᠭᠦᠨ ᠪᠣᠷᠣᠭᠠᠨ ᠢ ᠭᠠᠷ ᠬᠤᠯᠪᠣᠨ ᠬᠠᠮᠲᠤ ᠪᠠᠷ ᠲᠤᠭᠤᠯᠵᠤ᠂ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠵᠦ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠤᠶᠢᠯᠵᠢᠯᠲᠠ ᠪᠣᠯᠣᠨ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠬᠠᠮᠲᠤ ᠪᠠᠷ ᠠᠬᠢᠭᠤᠯᠪᠠᠯ ᠵᠣᠬᠢᠨ᠎ᠠ᠃ ᠪᠢ ᠳᠤᠮᠳᠠᠳᠤ ᠭᠧᠷᠮᠠᠨ ᠤ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠳᠤᠷᠠᠲᠠᠶ᠎ᠠ ᠶᠡᠷᠦᠩᠬᠡᠢ ᠰᠠᠶᠢᠳ ᠠᠪᠤᠭᠠᠢ ᠲᠠᠢ ᠬᠠᠮᠲᠤ ᠪᠠᠷ ᠴᠢᠷᠮᠠᠶᠢᠵᠤ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ ᠪᠠᠷᠢᠮᠲᠠᠯᠠᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠭᠧᠷᠮᠠᠨ ᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠰᠢᠨ᠎ᠡ ᠪᠠᠶᠢᠳᠠᠯ ᠢ ᠡᠭᠦᠳᠴᠦ᠂ ᠳᠤᠮᠳᠠᠳᠤ ᠡᠸᠦ᠋ᠷᠦᠫᠡ ᠶᠢᠨ ᠬᠠᠮᠲᠤᠷᠠᠯᠴᠠᠭᠠᠨ ᠤ ᠵᠥᠪ ᠴᠢᠭᠯᠡᠯ ᠢ ᠬᠥᠲᠥᠯᠥᠨ ᠳᠠᠭᠠᠭᠤᠯᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠ ᠬᠥᠭᠵᠢᠯ ᠴᠡᠴᠡᠭᠯᠡᠯ ᠢ ᠬᠠᠮᠲᠤ ᠪᠠᠷ ᠠᠬᠢᠭᠤᠯᠤᠨ᠎ᠠ ᠭᠡᠵᠦ ᠵᠢᠭᠠᠵᠤ ᠭᠠᠷᠭᠠᠪᠠ᠃
ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠠᠭᠢᠯᠭᠠᠨ ᠴᠢᠮᠡᠭᠡ ᠶᠠᠪᠤᠭᠤᠯᠵᠤ᠂ ᠮᠦᠸᠧᠽᠢ ᠶᠢᠨ ᠭᠧᠷᠮᠠᠨ ᠤ ᠶᠡᠷᠦᠩᠬᠡᠢ ᠰᠠᠶᠢᠳ ᠢᠶᠠᠷ ᠰᠣᠩᠭᠤᠭᠳᠠᠭᠰᠠᠨ ᠳᠤ ᠪᠠᠶᠠᠷ ᠬᠦᠷᠭᠡᠵᠦ᠂ ᠳᠤᠮᠳᠠᠳᠤ ᠭᠧᠷᠮᠠᠨ ᠪᠣᠯ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ᠂ ᠬᠤᠶᠠᠷ ᠲᠠᠯ᠎ᠠ ᠶᠢᠨ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠦᠷ᠎ᠡ ᠪᠦᠲᠦᠭᠡᠯ ᠦᠯᠡᠮᠵᠢ᠂ ᠭᠡᠭᠡᠨ ᠰᠠᠷᠠᠭᠤᠯ ᠠᠯᠤᠰ ᠢᠷᠡᠭᠡᠳᠦᠢ ᠲᠠᠢ᠃ ᠡᠷᠬᠡ ᠲᠡᠭᠰᠢ ᠬᠠᠷᠢᠯᠴᠠᠨ ᠠᠰᠢᠭᠲᠠᠢ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠪᠣᠯ ᠬᠤᠶᠠᠷ ᠤᠯᠤᠰ ᠤᠨ ᠬᠠᠮᠲᠤ ᠶᠢᠨ ᠲᠡᠦᠬᠡ ᠶᠢᠨ ᠰᠣᠩᠭᠤᠯᠲᠠ ᠮᠥᠨ᠂ ᠪᠠᠰᠠ ᠴᠤ ᠳᠤᠮᠳᠠᠳᠤ ᠭᠧᠷᠮᠠᠨ ᠤ ᠬᠠᠷᠢᠯᠴᠠᠭ᠎ᠠ ᠶᠢᠨ ᠬᠠᠮᠤᠭ ᠤᠨ ᠢᠯᠡ ᠲᠣᠳᠣ ᠣᠨᠴᠠᠯᠢᠭ ᠪᠠᠶᠢᠵᠤ᠂ ᠬᠤᠶᠠᠷ ᠲᠠᠯ᠎ᠠ ᠪᠠᠷ ᠢᠶᠠᠨ ᠨᠠᠷᠢᠨ ᠨᠢᠮᠪᠠᠢ ᠬᠥᠭᠵᠢᠭᠦᠯᠦᠨ ᠬᠠᠮᠠᠭᠠᠯᠠᠵᠤ ᠤᠯᠠᠮᠵᠢᠯᠠᠨ ᠪᠠᠳᠠᠷᠠᠭᠤᠯᠤᠭᠤᠰᠢᠲᠠᠢ ᠶᠤᠮ᠃ ᠪᠢ ᠲᠠᠨ ᠲᠠᠢ ᠬᠠᠮᠲᠤ ᠰᠠᠶᠢᠨ ᠰᠠᠶᠢᠬᠠᠨ ᠠᠵᠢᠯ ᠤᠨ ᠬᠠᠷᠢᠯᠴᠠᠭ᠎ᠠ ᠪᠠᠶᠢᠭᠤᠯᠵᠤ᠂ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠬᠥᠭᠵᠢᠯᠲᠡ ᠶᠢ ᠠᠬᠢᠭᠤᠯᠵᠤ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠳᠤᠮᠳᠠᠳᠤ ᠭᠧᠷᠮᠠᠨ ᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠠᠭᠤᠯᠬᠤᠨ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠳᠤᠮᠳᠠᠳᠤ ᠭᠧᠷᠮᠠᠨ᠂ ᠳᠤᠮᠳᠠᠳᠤ ᠡᠸᠦ᠋ᠷᠦᠫᠡ ᠶᠢᠨ ᠬᠠᠮᠲᠤᠷᠠᠯᠴᠠᠭᠠᠨ ᠤ ᠵᠥᠪ ᠴᠢᠭᠯᠡᠯ ᠢ ᠬᠥᠲᠥᠯᠥᠨ ᠳᠠᠭᠠᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃