ᠴᠠᠭ ᠲᠥᠷᠥ ᠶᠢ ᠨᠠᠷᠢᠨ ᠠᠵᠢᠭᠯᠠᠬᠤᠢ | ︽ᠲᠡᠦᠬᠡ ᠶᠢᠨ ᠪᠤᠤᠬᠢᠶ᠎ᠠ ᠪᠠᠨ ᠰᠠᠶᠢᠲᠤᠷ ᠵᠠᠯᠭᠠᠶ᠎ᠠ︾
ᠨᠡᠶᠢᠲᠡᠯᠡᠭᠰᠡᠨ ᠴᠠᠭ᠄
2025/5/7

  ︽ᠵᠠᠯᠠᠭᠤᠴᠤᠳ ᠪᠣᠯ ᠤᠯᠤᠰ ᠤᠨ ᠢᠷᠡᠭᠡᠳᠦᠢ ᠪᠠ ᠦᠨᠳᠦᠰᠦᠲᠡᠨ ᠤ ᠬᠦᠰᠡᠯ ᠮᠥᠨ᠃︾ ᠶᠡᠷᠦᠩᠬᠡᠢ ᠱᠦᠵᠢ ᠰᠢ ᠶᠢᠨ ᠫᠢᠩ ᠤᠨ ᠰᠡᠳᠬᠢᠯ ᠳᠤ ᠵᠠᠯᠠᠭᠤᠴᠤᠳ ᠬᠡᠵᠢᠶᠡᠳᠡ ᠴᠢᠬᠤᠯᠠ ᠪᠠᠶᠢᠷᠢ ᠶᠢ ᠡᠵᠡᠯᠡᠵᠦ ᠪᠠᠶᠢᠳᠠᠭ᠃

  4 ᠳ᠋ᠦ᠋ᠭᠡᠷ ᠰᠠᠷ᠎ᠠ ᠶᠢᠨ 29 ᠤ ᠡᠳᠦᠷ᠂ ᠱᠠᠩᠬᠠᠢ ᠶᠢᠨ ︽ᠮᠥᠸᠧ ᠰᠦ᠋ ᠣᠷᠣᠨ ᠵᠠᠢ︾ ᠲᠣᠮᠣ ᠵᠠᠭᠪᠤᠷ ᠤᠨ ᠰᠢᠨ᠎ᠡ ᠶᠢ ᠡᠭᠦᠳᠬᠦ ᠠᠮᠢ ᠠᠬᠤᠢ ᠶᠢᠨ ᠨᠡᠶᠢᠭᠡᠮ ᠲᠣᠭᠤᠷᠢᠭ ᠲᠤ᠂ ᠶᠡᠷᠦᠩᠬᠡᠢ ᠱᠦᠵᠢ ᠰᠢᠨ᠎ᠡ ᠶᠢ ᠡᠭᠦᠳᠬᠦ ᠵᠠᠯᠠᠭᠤ ᠴᠢᠳᠠᠪᠤᠷᠢᠲᠠᠨ ᠲᠠᠢ ᠳᠣᠲᠣᠨᠣᠰᠤᠭ ᠢᠶᠠᠷ ᠶᠠᠷᠢᠯᠴᠠᠵᠤ᠂ ᠲᠡᠳᠡᠨ ᠢ ︽ᠬᠤᠪᠢ ᠬᠥᠮᠥᠨ ᠤ ᠴᠢᠷᠮᠠᠶᠢᠯᠭ᠎ᠠ ᠪᠠᠨ ᠤᠯᠤᠰ ᠤᠨ ᠢᠷᠡᠭᠡᠳᠦᠢ ᠲᠠᠢ ᠨᠢᠭᠲᠠ ᠬᠤᠯᠪᠣᠵᠤ᠂ ᠲᠡᠦᠬᠡ ᠶᠢᠨ ᠪᠤᠤᠬᠢᠶ᠎ᠠ ᠶᠢ ᠰᠠᠶᠢᠲᠤᠷ ᠵᠠᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠭᠤᠳᠠᠮ ᠲᠠᠪᠴᠠᠩ ᠳᠤ ᠵᠠᠯᠠᠭᠤ ᠨᠠᠰᠤᠨ ᠤ ᠬᠡᠷᠡᠯ ᠭᠢᠯᠪᠠᠭ᠎ᠠ ᠪᠠᠨ ᠰᠠᠴᠤᠷᠠᠭᠤᠯᠤᠭᠠᠷᠠᠢ︾ ᠭᠡᠵᠦ ᠵᠣᠷᠢᠭᠵᠢᠭᠤᠯᠪᠠ᠃

  ᠤᠯᠤᠰ ᠢᠶᠠᠨ ᠬᠠᠶᠢᠷᠠᠯᠠᠬᠤ ᠰᠡᠳᠬᠢᠯ ᠡᠪᠦᠷᠯᠡᠨᠡᠮ

  ︽ᠥᠷᠭᠡᠨ ᠤᠯᠠᠨ ᠵᠠᠯᠠᠭᠤᠴᠤᠳ ᠬᠦᠰᠡᠯ ᠪᠠ ᠢᠲᠡᠭᠡᠯ ᠢᠶᠠᠨ ᠪᠠᠲᠤᠳᠬᠠᠵᠤ᠂ ᠤᠯᠤᠰ ᠭᠡᠷ ᠤᠨ ᠰᠡᠳᠬᠢᠯᠭᠡ ᠪᠠᠨ ᠨᠡᠮᠡᠭᠳᠡᠭᠦᠯᠦᠨ᠂ ᠴᠠᠭᠠᠷᠠᠭᠰᠠᠨ ᠴᠢᠳᠠᠪᠤᠷᠢ ᠲᠠᠢ ᠪᠣᠯᠬᠤ ᠪᠠᠷ ᠪᠣᠯᠪᠠᠰᠤᠷᠠᠵᠤ᠂ ᠴᠢᠷᠮᠠᠶᠢᠨ ᠲᠡᠮᠡᠴᠡᠬᠦ ᠵᠣᠷᠢᠭ ᠰᠠᠨᠠᠭ᠎ᠠ ᠪᠠᠨ ᠪᠠᠳᠠᠷᠠᠭᠤᠯᠤᠨ᠂ ᠡᠬᠡ ᠤᠯᠤᠰ ᠪᠠ ᠠᠷᠠᠳ ᠲᠦᠮᠡᠨ ᠤ ᠬᠠᠮᠤᠭ ᠤᠨ ᠬᠡᠷᠡᠭᠴᠡᠭᠡ ᠲᠠᠢ ᠭᠠᠵᠠᠷ ᠲᠤ ᠬᠦᠷᠴᠦ ᠡᠷᠳᠡᠮ ᠴᠢᠳᠠᠪᠤᠷᠢ ᠪᠠᠨ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃︾ ᠡᠨᠡ ᠵᠢᠯ ᠤᠨ ᠲᠠᠪᠤᠨ ᠰᠠᠷ᠎ᠠ ᠶᠢᠨ ᠳᠦᠷᠪᠡᠨ ᠤ ᠵᠠᠯᠠᠭᠤᠴᠤᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠶᠡᠷᠦᠩᠬᠡᠢ ᠱᠦᠵᠢ ᠰᠢ ᠶᠢᠨ ᠫᠢᠩ ᠰᠢᠨᠵᠢᠶᠠᠩ ᠤᠨ ᠠᠲ᠋ᠦ᠋ᠱ ᠬᠤᠲᠠ ᠶᠢᠨ ᠺᠠᠷᠠ ᠵᠢᠶᠦ᠋ᠨ ᠰᠢᠶᠠᠩ ᠤᠨ ᠰᠢᠶ᠋ᠸᠶ᠋ᠢᠲ᠋ᠧ ᠪᠠᠭ᠎ᠠ ᠰᠤᠷᠭᠠᠭᠤᠯᠢ ᠶᠢᠨ ᠬᠢᠯᠢ ᠬᠢᠵᠠᠭᠠᠷ ᠢ ᠰᠠᠬᠢᠨ ᠬᠠᠮᠠᠭᠠᠯᠠᠵᠤ ᠰᠤᠷᠭᠠᠨ ᠬᠥᠮᠦᠵᠢᠯ ᠤᠨ ᠦᠢᠯᠡᠰ ᠢ ᠳᠡᠮᠵᠢᠬᠦ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷᠠᠴᠤᠳ ᠤᠨ ᠦᠢᠯᠡᠴᠢᠯᠡᠭᠡᠨ ᠤ ᠠᠩᠭᠢ ᠶᠢᠨ ᠪᠦᠬᠦ ᠭᠡᠰᠢᠭᠦᠳ ᠲᠤ ᠬᠠᠷᠢᠭᠤ ᠵᠠᠬᠢᠳᠠᠯ ᠪᠢᠴᠢᠵᠦ᠂ ᠪᠦᠬᠦ ᠤᠯᠤᠰ ᠤᠨ ᠥᠷᠭᠡᠨ ᠤᠯᠠᠨ ᠵᠠᠯᠠᠭᠤᠴᠤᠳ ᠲᠤ ᠪᠠᠶᠠᠷ ᠬᠦᠷᠭᠡᠭᠰᠡᠨ ᠤ ᠬᠠᠮᠲᠤ ᠴᠢᠩ ᠰᠡᠳᠬᠢᠯ ᠠᠴᠠ ᠪᠠᠨ ᠬᠦᠰᠡᠯ ᠨᠠᠶᠢᠳᠠᠯᠭ᠎ᠠ ᠲᠠᠯᠪᠢᠵᠠᠢ᠃

  ᠤᠯᠤᠰ ᠲᠤ ᠪᠠᠨ ᠵᠢᠳᠬᠦᠬᠦ ᠵᠣᠷᠢᠭ ᠢᠶᠠᠨ ᠡᠷᠴᠢᠯᠡᠨᠡᠮ

  ︽ᠵᠣᠬᠢᠶᠠᠮᠠᠯ ᠣᠶᠤᠨ ᠪᠣᠯ ᠰᠢᠨ᠎ᠡ ᠪᠠᠷ ᠥᠷᠨᠢᠵᠦ ᠪᠠᠶᠢᠭ᠎ᠠ ᠠᠵᠢᠯ ᠦᠢᠯᠡᠰ ᠮᠥᠷᠲᠡᠭᠡᠨ ᠵᠠᠯᠠᠭᠤᠴᠤᠳ ᠤᠨ ᠠᠵᠢᠯ ᠦᠢᠯᠡᠰ ᠪᠣᠯᠣᠨ᠎ᠠ︾᠃ ᠶᠡᠷᠦᠩᠬᠡᠢ ᠱᠦᠵᠢ ᠰᠢ ᠶᠢᠨ ᠫᠢᠩ ᠬᠡᠯᠡᠬᠦ ᠳᠤ ᠪᠠᠨ᠂ ︽ᠪᠢᠳᠡ ᠶᠠᠭ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠵᠤ ᠪᠠᠶᠢᠨ᠎ᠠ᠂ ᠡᠨᠡ ᠨᠢ ᠶᠠᠭ ᠵᠠᠯᠠᠭᠤ ᠨᠢᠭᠡ ᠦᠶ᠎ᠡ ᠶᠢᠨ ᠬᠢᠨ ᠤ ᠠᠪᠢᠶᠠᠰ ᠢᠶᠠᠨ ᠭᠠᠶᠢᠬᠠᠭᠤᠯᠵᠤ᠂ ᠡᠷᠳᠡᠮ ᠢᠶᠠᠨ ᠪᠠᠳᠠᠷᠠᠭᠤᠯᠬᠤ ᠰᠠᠶᠢᠨ ᠴᠠᠭ ᠮᠥᠨ︾ ᠭᠡᠵᠡᠢ᠃

  ᠤᠯᠤᠰ ᠢᠶᠠᠨ ᠬᠦᠴᠦᠷᠬᠡᠭᠵᠢᠭᠦᠯᠬᠦ ᠴᠢᠳᠠᠪᠤᠷᠢ ᠪᠠᠨ ᠴᠢᠩᠭᠠᠷᠠᠭᠤᠯᠤᠨᠠᠮ

  ︽ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠠᠷᠠᠯᠲᠠ ᠳᠤ ᠲᠡᠦᠬᠡᠨ ᠳᠡᠭᠡᠷᠡᠬᠢ ᠠᠯᠢ ᠨᠢᠭᠡ ᠦᠶ᠎ᠡ ᠠᠴᠠ ᠴᠦ ᠨᠡᠩ ᠢᠯᠡᠭᠦᠦ ᠣᠶᠢᠷᠠᠳᠴᠤ ᠪᠣᠢ᠂ ᠶᠡᠷᠦ ᠠᠴᠠ ᠣᠳᠣ ᠶᠢᠨ ᠬᠢ ᠰᠢᠭ ᠢᠩᠭᠢᠵᠦ ᠣᠶᠢᠷᠠᠲᠤᠵᠤ ᠦᠵᠡᠭᠡ ᠦᠭᠡᠢ ᠶᠤᠮ᠃ ᠵᠠᠯᠠᠭᠤᠴᠤᠳ ᠲᠠ ᠨᠠᠷ ᠠᠭᠤᠤ ᠶᠡᠭᠡ ᠴᠠᠭ ᠦᠶ᠎ᠡ ᠳᠤ ᠣᠷᠣᠰᠢᠵᠤ᠂ ᠡᠶᠢᠮᠦ ᠠᠭᠤᠤ ᠶᠡᠭᠡ ᠬᠠᠷᠠᠯᠲᠠ ᠲᠠᠢ ᠪᠠᠶᠢᠨ᠎ᠠ᠂ ᠴᠠᠭ ᠤᠨ ᠰᠠᠶᠢᠨ ᠢ ᠠᠮᠵᠢᠨ ᠲᠡᠭᠦᠨ ᠤ ᠲᠥᠯᠥᠭᠡ ᠲᠡᠮᠡᠴᠡᠭᠡᠷᠡᠢ︕︾

  ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠨᠢ ᠰᠢᠨ᠎ᠡ ᠴᠠᠭ ᠦᠶ᠎ᠡ ᠶᠢᠨ ᠵᠠᠯᠠᠭᠤᠴᠤᠳ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠠᠵᠢᠯ ᠤᠨ ᠳᠤᠮᠳᠠ ᠡᠷᠡᠰ ᠰᠢᠭᠤᠷᠬᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠢᠯᠡᠷᠡᠭᠦᠯᠬᠦ ᠶᠢ ᠵᠣᠷᠢᠭᠵᠢᠭᠤᠯᠤᠭᠰᠠᠨ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ