​ᠡᠯᠡᠰᠦᠨ ᠴᠦᠯ ᠳᠠᠬᠢ ᠤᠰᠤ ᠬᠠᠩᠭᠠᠬᠤ ᠹᠷᠣᠨᠲ ᠤᠨ ︽ᠡᠷᠭᠢ ᠱᠤᠷᠠᠭ︾ - ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠠᠯᠠᠱᠠ ᠠᠶᠢᠮᠠᠭ ᠤᠨ ᠱᠧᠩ ᠱᠢ ᠤᠰᠤᠨ ᠤ ᠶᠠᠪᠤᠳᠠᠯ ᠤᠨ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠦᠢᠯᠡᠳᠪᠦᠷᠢᠯᠡᠯ ᠤᠨ ᠮᠡᠷᠭᠡᠵᠢᠯ ᠤᠨ ᠬᠡᠯᠲᠡᠰ ᠤᠨ ᠳᠡᠳ᠋ ᠳᠠᠷᠤᠭ᠎ᠠ ᠵᠢᠶᠣᠣ ᠰᠢᠩ ᠯᠢ ᠶᠢ ᠲᠡᠮᠳᠡᠭᠯᠡᠪᠡ
ᠨᠡᠶᠢᠲᠡᠯᠡᠭᠰᠡᠨ ᠴᠠᠭ᠄
2025/5/8


4 ᠰᠠᠷ᠎ᠠ ᠶᠢᠨ 28 ᠤ ᠥᠷᠯᠥᠭᠡ ᠶᠢᠨ 8 ᠴᠠᠭ ᠭᠠᠷᠤᠢ ᠳᠤ᠂ ᠵᠢᠶᠣᠣ ᠰᠢᠩ ᠯᠢ ᠺᠤᠮᠫᠠᠨᠢ ᠶᠢᠨ ᠢᠶᠠᠨ ᠬᠤᠷᠠᠯ ᠤᠨ ᠭᠡᠷ ᠲᠤ ᠬᠦᠷᠴᠦ᠂ ᠬᠤᠭᠤᠯᠠᠢ ᠱᠤᠭᠤᠮ ᠤᠨ ᠲᠠᠷᠬᠠᠯᠲᠠ ᠶᠢᠨ ᠵᠢᠷᠤᠭ ᠢ ᠬᠠᠷᠠᠵᠤ᠂ ᠬᠠᠮᠲᠤ ᠠᠵᠢᠯᠯᠠᠭᠰᠠᠳ ᠲᠠᠭᠠᠨ ᠨᠢᠭᠡ ᠭᠠᠷᠠᠭ ᠤᠨ ᠲᠣᠭᠤᠷᠢᠨ ᠪᠠᠶᠢᠴᠠᠭᠠᠬᠤ ᠠᠵᠢᠯ ᠢ ᠪᠠᠶᠢᠷᠢᠯᠠᠭᠤᠯᠪᠠ᠃ ᠠᠵᠢᠯ ᠢᠶᠠᠨ ᠪᠠᠶᠢᠷᠢᠯᠠᠭᠤᠯᠵᠤ ᠪᠠᠷᠠᠭᠰᠠᠨ ᠤ ᠳᠠᠷᠠᠭ᠎ᠠ᠂ ᠲᠡᠷᠡ ᠰᠡᠯᠪᠢᠨ ᠵᠠᠰᠠᠬᠤ ᠪᠠᠭᠠᠵᠢ ᠬᠡᠷᠡᠭᠰᠡᠯ ᠤᠨ ᠬᠠᠶᠢᠷᠴᠠᠭ ᠢᠶᠠᠨ ᠠᠪᠴᠤ᠂ ᠬᠠᠮᠲᠤ ᠠᠵᠢᠯᠯᠠᠭᠰᠠᠳ ᠲᠠᠢ ᠪᠠᠨ ᠳᠤᠭᠤᠶᠢᠯᠠᠩ ᠬᠤᠪᠢᠶᠠᠨ ᠥᠪᠡᠷ ᠥᠪᠡᠷ ᠤᠨ ᠬᠠᠷᠢᠭᠤᠴᠠᠵᠤ ᠪᠠᠶᠢᠭ᠎ᠠ ᠤᠰᠤ ᠬᠠᠩᠭᠠᠬᠤ ᠬᠤᠭᠤᠯᠠᠢ ᠲᠣᠣᠷ ᠤᠨ ᠣᠷᠣᠨ ᠪᠦᠰᠡ ᠳᠤ ᠬᠦᠷᠴᠦ᠂ ᠨᠢᠭᠡ ᠡᠳᠦᠷ ᠤᠨ ᠲᠣᠭᠤᠷᠢᠨ ᠪᠠᠶᠢᠴᠠᠭᠠᠵᠤ ᠰᠡᠯᠪᠢᠨ ᠵᠠᠰᠠᠬᠤ ᠠᠵᠢᠯ ᠢᠶᠠᠨ ᠡᠬᠢᠯᠡᠭᠦᠯᠪᠡ᠃

︽ᠣᠶᠢᠷ᠎ᠠ ᠳᠤ ᠤᠰᠤ ᠬᠠᠩᠭᠠᠬᠤ ᠣᠷᠭᠢᠯ ᠬᠤᠭᠤᠴᠠᠭᠠᠨ ᠳᠤ ᠣᠷᠣᠵᠤ᠂ ᠮᠠᠨ ᠤ ᠬᠠᠷᠢᠭᠤᠴᠠᠵᠤ ᠪᠠᠶᠢᠭ᠎ᠠ ᠣᠷᠣᠨ ᠪᠦᠰᠡ ᠶᠢᠨ ᠣᠷᠴᠢᠨ ᠨᠥᠬᠦᠴᠡᠯ ᠮᠠᠰᠢ ᠪᠠᠷᠤᠭᠲᠠᠢ᠂ ᠠᠰᠠᠭᠤᠳᠠᠯ ᠪᠤᠳᠤᠯᠢᠶᠠᠨᠲᠠᠢ ᠪᠠᠶᠢᠵᠤ᠂ ᠡᠷᠬᠡᠪᠰᠢ ᠲᠣᠭᠤᠷᠢᠨ ᠪᠠᠶᠢᠴᠠᠭᠠᠬᠤ ᠠᠵᠢᠯ ᠢ ᠬᠢᠨᠠᠮᠠᠭᠠᠢ ᠰᠠᠶᠢᠲᠤᠷ ᠬᠢᠪᠡᠯ ᠰᠠᠶ᠋ᠢ ᠡᠯ᠎ᠡ ᠨᠢᠭᠡᠴᠢ᠂ ᠠᠵᠤ ᠠᠬᠤᠶᠢᠯᠠᠯ ᠪᠣᠯᠣᠨ ᠰᠠᠭᠤᠭᠠᠯᠢ ᠠᠷᠠᠳ ᠤᠨ ᠤᠰᠤ ᠬᠠᠩᠭᠠᠬᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ ᠴᠢᠳᠠᠨ᠎ᠠ︾ ᠭᠡᠵᠦ ᠵᠢᠶᠣᠣ ᠰᠢᠩ ᠯᠢ ᠳᠠᠮᠵᠢᠭᠤᠯᠬᠤ ᠬᠤᠭᠤᠯᠠᠢ ᠶᠢᠨ ᠨᠠᠷᠢᠨ ᠵᠦᠢᠯᠡᠰ ᠢ ᠲᠣᠭᠤᠷᠢᠨ ᠪᠠᠶᠢᠴᠠᠭᠠᠬᠤ ᠶᠢᠨ ᠳᠠᠭᠠᠤ ᠰᠤᠷᠪᠤᠯᠵᠢᠯᠠᠬᠴᠢ ᠳᠤ ᠬᠡᠯᠡᠪᠡ᠃

ᠵᠢᠶᠣᠣ ᠰᠢᠩ ᠯᠢ ᠪᠣᠯ ᠠᠯᠠᠱᠠ ᠠᠶᠢᠮᠠᠭ ᠤᠨ ᠱᠧᠩ ᠱᠢ ᠤᠰᠤᠨ ᠤ ᠶᠠᠪᠤᠳᠠᠯ ᠤᠨ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠦᠢᠯᠡᠳᠪᠦᠷᠢᠯᠡᠯ ᠤᠨ ᠮᠡᠷᠭᠡᠵᠢᠯ ᠤᠨ ᠬᠡᠯᠲᠡᠰ ᠤᠨ ᠳᠡᠳ᠋ ᠳᠠᠷᠤᠭ᠎ᠠ ᠪᠣᠯᠣᠨ᠎ᠠ᠃ 16 ᠵᠢᠯ ᠤᠨ ᠲᠤᠷᠰᠢ᠂ ᠲᠡᠷᠡ ᠠᠯᠠᠱᠠ ᠠᠶᠢᠮᠠᠭ ᠤᠨ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠤᠰᠤ ᠬᠠᠩᠭᠠᠬᠤ ᠡᠮᠦᠨ᠎ᠡ ᠹᠷᠣᠨᠲ ᠲᠤ ᠦᠨᠳᠦᠰᠦᠯᠡᠵᠦ᠂ ᠬᠦᠷᠢᠶᠡᠯᠡᠩ ᠲᠣᠭᠤᠷᠢᠭ ᠤᠨ ᠤᠰᠤᠨ ᠬᠤᠭᠤᠯᠠᠢ ᠶᠢ ᠪᠦᠷ ᠲᠣᠭᠤᠷᠢᠨ ᠪᠠᠶᠢᠴᠠᠭᠠᠵᠤ ᠥᠩᠭᠡᠷᠡᠵᠦ᠂ ᠬᠦᠴᠦ ᠬᠥᠯᠥᠰᠦ ᠪᠠᠷ ᠢᠶᠠᠨ ᠲᠦᠭ ᠲᠦᠮᠡᠨ ᠠᠶᠢᠯ ᠡᠷᠦᠭᠡ ᠶᠢᠨ ᠤᠰᠤ ᠬᠡᠷᠡᠭᠯᠡᠬᠦ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠤᠰᠤᠨ ᠤ ᠶᠠᠪᠤᠳᠠᠯ ᠤᠨ ᠠᠵᠢᠯᠲᠠᠨ ᠤ ᠬᠠᠷᠢᠭᠤᠴᠠᠯᠭ᠎ᠠ ᠪᠠ ᠡᠭᠦᠷᠭᠡᠯᠡᠯ ᠢ ᠡᠭᠦᠷᠭᠡᠯᠡᠵᠦ᠂ ᠬᠠᠮᠲᠤ ᠠᠵᠢᠯᠯᠠᠭᠰᠠᠳ ᠨᠢ ᠲᠡᠭᠦᠨ ᠢ  ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠹᠷᠣᠨᠲ ᠤᠨ  ︽ᠡᠷᠭᠢ ᠱᠤᠷᠠᠭ︾ ᠬᠡᠮᠡᠨ ᠳᠣᠲᠣᠨᠣᠴᠢᠯᠠᠨ ᠳᠠᠭᠤᠳᠠᠳᠠᠭ ᠪᠣᠯᠵᠠᠢ᠃

2009 ᠣᠨ ᠳᠤ᠂ ᠵᠢᠶᠣᠣ ᠰᠢᠩ ᠯᠢ ᠶᠡᠭᠡ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ᠂ ᠠᠯᠠᠱᠠ ᠠᠶᠢᠮᠠᠭ ᠤᠨ ᠱᠧᠩ ᠱᠢ ᠤᠰᠤᠨ ᠤ ᠶᠠᠪᠤᠳᠠᠯ ᠤᠨ ᠬᠢᠵᠠᠭᠠᠷᠲᠤ ᠺᠤᠮᠫᠠᠨᠢ ᠳᠤ ᠪᠠᠶᠢᠴᠠᠭᠠᠨ ᠵᠠᠰᠠᠬᠤ ᠠᠵᠢᠯᠴᠢᠨ ᠪᠣᠯᠪᠠ᠃ ᠲᠡᠷᠡ ᠰᠠᠶ᠋ᠢᠬᠠᠨ ᠠᠵᠢᠯ ᠳᠤ ᠣᠷᠣᠵᠤ᠂ ᠲᠤᠬᠠᠶᠢᠯᠠᠭᠰᠠᠨ ᠠᠵᠢᠯ ᠢᠶᠠᠨ ᠳᠠᠷᠤᠢ ᠲᠦᠷᠭᠡᠨ ᠪᠣᠯᠪᠠᠰᠤᠷᠠᠩᠭᠤᠢ ᠡᠵᠡᠮᠰᠢᠬᠦ ᠶᠢᠨ ᠲᠥᠯᠥᠭᠡ᠂ ᠨᠢᠭᠡ ᠲᠠᠯ᠎ᠠ ᠪᠠᠷ ᠲᠤᠰᠬᠠᠢ ᠮᠡᠷᠭᠡᠵᠢᠯ ᠤᠨ ᠨᠣᠮ ᠪᠢᠴᠢᠭ ᠢ ᠰᠢᠮᠳᠠᠨ ᠤᠩᠰᠢᠵᠤ᠂ ᠨᠦᠭᠦᠭᠡ ᠲᠠᠯ᠎ᠠ ᠪᠠᠷ ᠠᠬᠠᠮᠠᠳ ᠪᠠᠭᠰᠢ ᠨᠠᠷ ᠠᠴᠠ ᠰᠤᠷᠤᠯᠴᠠᠵᠤ᠂ ᠤᠳᠠᠭ᠎ᠠ ᠪᠦᠷᠢ ᠶᠢᠨ ᠲᠤᠨᠤᠭ ᠲᠥᠬᠦᠭᠡᠷᠦᠮᠵᠢ ᠶᠢ ᠰᠡᠯᠪᠢᠨ ᠵᠠᠰᠠᠬᠤ᠂ ᠤᠳᠠᠭ᠎ᠠ ᠪᠦᠷᠢ ᠶᠢᠨ ᠬᠠᠷᠰᠢ ᠰᠠᠭᠠᠳ ᠢ ᠠᠷᠢᠯᠭᠠᠬᠤ ᠨᠢ ᠴᠥᠮ ᠲᠡᠭᠦᠨ ᠤ ᠰᠤᠷᠤᠯᠴᠠᠬᠤ ᠲᠣᠭᠢᠶᠠᠯ ᠪᠣᠯᠤᠭᠰᠠᠨ ᠪᠠᠶᠢᠪᠠ︔ ᠠᠮᠠᠷᠠᠬᠤ ᠴᠠᠭ ᠲᠠᠭᠠᠨ ᠴᠦ ᠲᠡᠷᠡ ᠠᠬᠠᠮᠠᠳ ᠪᠠᠭᠰᠢ ᠶᠢᠨ ᠢᠶᠠᠨ ᠳᠡᠷᠭᠡᠳᠡ ᠣᠴᠢᠨ ᠳᠠᠷᠤᠤ ᠬᠢᠴᠢᠶᠡᠩᠭᠦᠢ ᠪᠠᠷ ᠠᠰᠠᠭᠤᠨ ᠯᠠᠪᠯᠠᠵᠤ᠂ ᠠᠬᠠᠮᠠᠳ ᠪᠠᠭᠰᠢ ᠨᠠᠷ ᠤᠨ ᠲᠠᠶᠢᠯᠪᠤᠷᠢᠯᠠᠭᠰᠠᠨ ᠪᠠᠶᠢᠴᠠᠭᠠᠨ ᠵᠠᠰᠠᠬᠤ ᠶᠢᠨ ᠭᠤᠣᠯᠳᠠᠯᠭ᠎ᠠ ᠪᠠ ᠠᠷᠭ᠎ᠠ ᠤᠬᠠᠭᠠᠨ ᠢ ᠨᠠᠷᠢᠨ ᠬᠢᠨᠠᠮᠠᠭᠠᠢ ᠴᠡᠭᠡᠵᠢᠯᠡᠪᠡ᠃ ᠤᠴᠢᠷ ᠶᠠᠪᠤᠳᠠᠯ ᠬᠢᠬᠦ ᠳᠡᠭᠡᠨ ᠦᠨᠡᠨ ᠬᠦ ᠬᠦᠴᠦ ᠣᠷᠣᠭᠤᠯᠵᠤ᠂ ᠴᠥᠬᠦᠷᠡᠰᠢ ᠦᠭᠡᠢ ᠰᠤᠷᠤᠯᠴᠠᠨ ᠰᠤᠳᠤᠯᠬᠤ ᠪᠠᠷ ᠳᠡᠮᠵᠢᠨ᠂ ᠵᠢᠶᠣᠣ ᠰᠢᠩ ᠯᠢ ᠮᠠᠰᠢ ᠲᠦᠷᠭᠡᠨ ᠢᠶᠠᠷ ᠤᠰᠤ ᠬᠠᠩᠭᠠᠯᠲᠠ ᠶᠢᠨ ᠪᠠᠶᠢᠴᠠᠭᠠᠨ ᠰᠡᠯᠪᠢᠬᠦ ︽ᠮᠡᠷᠭᠡᠵᠢᠯᠲᠡᠨ︾ ᠪᠣᠯᠤᠭᠰᠠᠨ ᠪᠠᠶᠢᠨ᠎ᠠ᠃

 ︽ᠡᠨᠡ ᠠᠵᠢᠯ ᠢ ᠰᠣᠩᠭᠤᠭᠰᠠᠨ ᠶᠤᠮ ᠴᠢᠨᠢ ᠠᠵᠢᠯ ᠢᠶᠠᠨ ᠰᠠᠶᠢᠲᠤᠷ ᠬᠢᠵᠦ᠂ ᠬᠡᠷᠡᠭᠯᠡᠭᠴᠢᠳ ᠲᠤ ᠰᠠᠶᠢᠲᠤᠷ ᠦᠢᠯᠡᠴᠢᠯᠡᠬᠦ ᠬᠡᠷᠡᠭᠲᠡᠢ᠃ ᠲᠣᠭᠤᠷᠢᠨ ᠪᠠᠶᠢᠴᠠᠭᠠᠬᠤ ᠪᠦᠷᠢ ᠪᠢ ᠪᠦᠷ ︿ᠠᠰᠠᠭᠤᠳᠠᠯ ᠰᠢᠢᠳᠪᠦᠷᠢᠯᠡᠬᠦ﹀ ᠰᠡᠳᠬᠢᠬᠦᠢ ᠲᠠᠢ ᠶᠠᠪᠤᠵᠤ᠂ ᠱᠠᠯᠠᠪᠳᠠᠨ ᠵᠠᠰᠠᠬᠤ ᠤᠳᠠᠭ᠎ᠠ ᠪᠣᠯᠭᠠᠨ ᠢ ᠮᠡᠷᠭᠡᠵᠢᠯ ᠤᠨ ᠪᠣᠯᠪᠠᠰᠤᠷᠠᠯ ᠢᠶᠠᠷ ᠦᠵᠡᠳᠡᠭ᠃ ᠪᠢ ᠬᠤᠷᠳᠤᠨ ᠠᠵᠢᠯᠯᠠᠪᠠᠯ ᠰᠠᠶ᠋ᠢ ᠬᠡᠷᠡᠭᠯᠡᠭᠴᠢ ᠬᠤᠷᠳᠤᠨ ᠤᠰᠤ ᠬᠡᠷᠡᠭᠯᠡᠵᠦ ᠪᠣᠯᠣᠨ᠎ᠠ︾ ᠭᠡᠵᠦ ᠵᠢᠶᠣᠣ ᠰᠢᠩ ᠯᠢ ᠬᠡᠯᠡᠪᠡ᠃

ᠬᠡᠷᠡᠭᠯᠡᠭᠴᠢᠳ ᠲᠤ ᠲᠥᠭᠦᠮ ᠦᠵᠡᠭᠦᠯᠭᠦ ᠶᠢᠨ ᠲᠥᠯᠥᠭᠡ ᠵᠢᠶᠣᠣ ᠰᠢᠩ ᠯᠢ ᠶᠢᠨ ᠭᠠᠷ ᠤᠲᠠᠰᠤ ᠵᠢᠯᠵᠢᠨ 24 ᠴᠠᠭ ᠢᠶᠠᠷ ᠨᠡᠭᠡᠭᠡᠯᠲᠡ ᠲᠠᠢ ᠪᠠᠶᠢᠳᠠᠭ᠃ ᠲᠡᠭ ᠠᠴᠠ ᠳᠣᠷᠣᠭᠰᠢ 20 ᠭᠠᠷᠤᠢ ᠭᠷᠡᠳᠦ᠋ᠰ ᠤᠨ ᠡᠪᠦᠯ ᠤᠨ ᠡᠳᠦᠷ ᠴᠦ ᠲᠡᠷᠡ᠂ ᠰᠥᠨᠢ ᠳᠦᠯᠢ ᠴᠦ ᠲᠡᠷᠡ᠂ ᠰᠡᠯᠪᠢᠨ ᠵᠠᠰᠠᠬᠤ᠂ ᠵᠠᠪᠳᠤᠨ ᠵᠠᠰᠠᠬᠤ ᠤᠲᠠᠰᠤ ᠶᠢ ᠲᠤᠰᠳᠠᠭ ᠯᠠ ᠶᠤᠮ ᠪᠣᠯ ᠲᠡᠷᠡ ᠳᠠᠷᠤᠢ ᠲᠦᠷᠭᠡᠨ ᠲᠤᠬᠠᠢ ᠶᠢᠨ ᠲᠠᠯᠠᠪᠠᠢ ᠳᠤ ᠣᠴᠢᠳᠠᠭ᠃

2017 ᠣᠨ ᠤ 7 ᠰᠠᠷ᠎ᠠ ᠶᠢᠨ ᠨᠢᠭᠡᠨ ᠣᠷᠣᠢ ᠶᠡᠭᠡ ᠪᠣᠷᠣᠭᠠᠨ ᠣᠷᠣᠪᠠ᠃ ᠵᠢᠶᠣᠣ ᠰᠢᠩ ᠯᠢ ᠬᠢᠮᠤᠷᠠᠭᠰᠠᠨ ᠠᠴᠠ ᠪᠡᠶ᠎ᠡ ᠨᠢ ᠮᠠᠰᠢ ᠡᠪ ᠦᠭᠡᠢ ᠪᠠᠶᠢᠯ᠎ᠠ᠃ ᠡᠨᠡ ᠦᠶ᠎ᠡ ᠳᠤ ᠨᠢᠭᠡᠨ ᠰᠠᠭᠤᠭᠠᠯᠢ ᠠᠷᠠᠳ ᠤᠲᠠᠰᠤ ᠢᠷᠡᠭᠦᠯᠵᠦ᠂ ᠭᠡᠷ ᠤᠨ ᠬᠢᠨᠢ ᠤᠰᠤ ᠳᠠᠮᠵᠢᠭᠤᠯᠬᠤ ᠬᠤᠭᠤᠯᠠᠢ ᠬᠠᠭᠠᠷᠠᠪᠠ ᠭᠡᠵᠡᠢ᠃ ᠲᠡᠷᠡ ᠶᠠᠭᠤ ᠴᠤ ᠬᠡᠯᠡᠭᠰᠡᠨ ᠦᠭᠡᠢ᠂ ᠬᠤᠷᠳᠤᠨ ᠭᠡᠭᠴᠢ ᠠᠵᠢᠯ ᠤᠨ ᠬᠤᠪᠴᠠᠰᠤ ᠪᠠᠨ ᠡᠮᠦᠰᠴᠦ᠂ ᠪᠠᠭᠠᠵᠢ ᠬᠡᠷᠡᠭᠰᠡᠯ ᠢᠶᠠᠨ ᠠᠪᠤᠭᠠᠳ ᠬᠡᠷᠡᠭᠯᠡᠭᠴᠢ ᠶᠢᠨ ᠭᠡᠷ ᠲᠤ ᠣᠴᠢᠪᠠ᠃ ᠶᠠᠭᠠᠷᠠᠭᠠᠳ ᠡᠬᠢᠯᠡᠪᠡᠯ ᠭᠤᠷᠪᠠ ᠳᠥᠷᠪᠡᠨ ᠴᠠᠭ ᠴᠤ ᠬᠤᠷᠳᠤᠨ ᠥᠩᠭᠡᠷᠡᠵᠦ᠂ ᠳᠠᠮᠵᠢᠭᠤᠯᠬᠤ ᠬᠤᠭᠤᠯᠠᠢ ᠶᠢ ᠵᠠᠰᠠᠵᠤ ᠪᠠᠷᠠᠬᠤ ᠦᠶᠡᠰ ᠨᠢᠭᠡᠨᠲᠡ ᠰᠥᠨᠢ ᠳᠦᠯᠢ ᠪᠣᠯᠵᠠᠢ᠃ ᠬᠡᠷᠡᠭᠯᠡᠭᠴᠢ ᠠᠴᠠ ᠲᠠᠯᠠᠷᠬᠠᠯ ᠤᠨ ᠰᠡᠳᠬᠢᠯ ᠢᠶᠠᠨ ᠢᠯᠡᠳᠬᠡᠬᠦ ᠳᠤ᠂ ᠲᠡᠷᠡ ᠢᠨᠢᠶᠡᠭᠰᠡᠭᠡᠷ᠄ ︽ᠬᠠᠮᠢᠶ᠎ᠠ ᠦᠭᠡᠢ᠂ ᠡᠨᠡ ᠪᠣᠯ ᠮᠢᠨᠤ ᠬᠢᠬᠦ ᠶᠣᠰᠣᠲᠠᠢ ᠠᠵᠢᠯ︾ ᠭᠡᠪᠡ᠃

ᠵᠢᠯ ᠪᠦᠷᠢ ᠶᠢᠨ ᠴᠠᠭᠠᠨ ᠰᠠᠷ᠎ᠠ ᠶᠢᠨ ᠬᠤᠭᠤᠴᠠᠭᠠᠨ ᠳᠤ᠂ ᠵᠢᠶᠣᠣ ᠰᠢᠩ ᠯᠢ ᠪᠦᠷ ᠠᠵᠢᠯ ᠤᠨ ᠪᠠᠶᠢᠷᠢ ᠪᠠᠨ ᠪᠠᠲᠤ ᠰᠠᠬᠢᠵᠤ ᠲᠣᠭᠤᠷᠢᠨ ᠴᠠᠭᠳᠠᠵᠤ ᠵᠢᠵᠢᠭᠦᠷᠯᠡᠳᠡᠭ᠃

2019 ᠣᠨ ᠤ ᠴᠠᠭᠠᠨ ᠰᠠᠷ᠎ᠠ ᠶᠢᠨ ᠰᠢᠨ᠎ᠡ ᠶᠢᠨ ᠭᠤᠷᠪᠠᠨ ᠤ ᠰᠥᠨᠢ ᠭᠡᠨᠡᠳᠲᠡ ᠶᠡᠭᠡ ᠬᠦᠢᠲᠡᠷᠡᠵᠦ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠭᠤᠷᠪᠠᠳᠤᠭᠠᠷ ᠳᠡᠰ ᠤᠨ ᠬᠥᠭᠡᠷᠭᠡ ᠶᠢᠨ ᠥᠷᠲᠡᠭᠡ ᠪᠠ B ᠭᠠᠵᠠᠷ ᠣᠷᠣᠨ ᠳᠤ ᠴᠥᠮ ᠤᠰᠤᠨ ᠬᠤᠭᠤᠯᠠᠢ ᠳᠡᠯᠪᠡᠷᠡᠵᠦ ᠤᠰᠤ ᠭᠤᠭᠤᠵᠢᠭᠰᠠᠨ ᠬᠦᠨᠳᠦ ᠨᠣᠴᠢᠲᠠᠢ ᠠᠰᠠᠭᠤᠳᠠᠯ ᠭᠠᠷᠴᠤ᠂ ᠤᠰᠤ ᠴᠠᠭᠢᠯᠭᠠᠨ ᠪᠦᠷ ᠵᠣᠭᠰᠣᠪᠠ᠃ ᠠᠳᠡᠯ ᠭᠠᠷᠤᠭᠰᠠᠨ ᠤ ᠳᠠᠷᠠᠭ᠎ᠠ᠂ ᠵᠢᠶᠣᠣ ᠰᠢᠩ ᠯᠢ ᠬᠠᠮᠲᠤ ᠠᠵᠢᠯᠯᠠᠭᠰᠠᠳ ᠢᠶᠠᠨ ᠳᠠᠭᠠᠭᠤᠯᠤᠨ ᠲᠤᠬᠠᠢ ᠶᠢᠨ ᠲᠠᠯᠠᠪᠠᠶ ᠳᠤ ᠬᠦᠷᠴᠦ᠂ ᠭᠠᠵᠠᠷ ᠳᠡᠭᠡᠷᠡᠬᠢ ᠮᠥᠰᠥ ᠶᠢ ᠲᠦᠷᠭᠡᠨ ᠴᠡᠪᠡᠷᠯᠡᠵᠦ᠂ ᠬᠠᠭᠠᠷᠠᠭᠰᠠᠨ ᠤᠰᠤᠨ ᠬᠤᠭᠤᠯᠠᠢ ᠶᠢ ᠵᠠᠪᠳᠤᠨ ᠵᠠᠰᠠᠵᠤ᠂ ᠥᠷᠯᠥᠭᠡ ᠶᠢᠨ 4 ᠴᠠᠭ ᠭᠠᠷᠤᠢ ᠪᠤᠯᠲᠠᠯ᠎ᠠ ᠶᠠᠭᠠᠷᠠᠭᠠᠳ ᠤᠰᠤᠨ ᠬᠤᠭᠤᠯᠠᠢ ᠶᠢ ᠵᠠᠰᠠᠵᠤ ᠪᠠᠷᠠᠭᠰᠠᠨ ᠤ ᠳᠠᠷᠠᠭ᠎ᠠ ᠰᠠᠶ᠋ᠢ ᠬᠠᠷᠢᠵᠠᠢ᠃

2016 ᠣᠨ ᠠᠴᠠ 2019 ᠣᠨ ᠪᠤᠯᠲᠠᠯᠠᠭᠢ ᠬᠤᠭᠤᠴᠠᠭ᠎ᠠ ᠪᠣᠯ ᠵᠢᠶᠣᠣ ᠰᠢᠩ ᠯᠢ ᠶᠢᠨ ᠰᠡᠯᠪᠢᠨ ᠵᠠᠰᠠᠬᠤ ᠡᠭᠦᠷᠭᠡ ᠬᠠᠮᠤᠭ ᠤᠨ ᠬᠦᠨᠳᠦ 3 ᠵᠢᠯ ᠪᠣᠯᠣᠨ᠎ᠠ᠃ ᠲᠤᠬᠠᠢ ᠶᠢᠨ ᠦᠶ᠎ᠡ ᠳᠤ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠵᠠᠷᠢᠮ ᠤᠰᠤ ᠬᠠᠩᠭᠠᠬᠤ ᠬᠤᠭᠤᠯᠠᠢ ᠱᠤᠭᠤᠮ ᠤᠨ ᠬᠡᠷᠡᠭᠯᠡᠭᠰᠡᠨ ᠵᠢᠯ ᠬᠤᠭᠤᠴᠠᠭ᠎ᠠ ᠬᠡᠲᠦᠷᠬᠡᠢ ᠣᠷᠳᠣ᠂ ᠬᠤᠭᠤᠯᠠᠢ ᠪᠥᠭᠯᠡᠷᠡᠬᠦ᠂ ᠢᠯᠵᠢᠷᠡᠵᠦ ᠤᠰᠤ ᠭᠤᠭᠤᠵᠢᠬᠤ᠂ ᠤᠰᠤᠨ ᠤ ᠴᠢᠨᠠᠷ ᠢ ᠨᠥᠯᠥᠭᠡᠯᠡᠬᠦ ᠪᠠᠶᠢᠳᠠᠯ ᠪᠠᠶᠢᠨ ᠳᠠᠭᠢᠨ ᠭᠠᠷᠴᠤ ᠪᠠᠶᠢᠪᠠ᠃ ᠨᠦᠰᠡᠷ ᠶᠡᠭᠡ ᠳᠠᠷᠤᠯᠲᠠ ᠶᠢᠨ ᠡᠮᠦᠨ᠎ᠡ᠂ ᠵᠢᠶᠣᠣ ᠰᠢᠩ ᠯᠢ ᠬᠦᠨᠳᠦ ᠡᠭᠦᠷᠭᠡ ᠶᠢ ᠡᠭᠦᠷᠭᠡᠯᠡᠵᠦ᠂ ᠮᠡᠷᠭᠡᠵᠢᠯ ᠤᠨ ᠪᠣᠭᠤᠮᠲᠠ ᠰᠢᠪᠲᠤᠯᠬᠤ ᠳᠤᠭᠤᠶᠢᠯᠠᠩ ᠢ ᠲᠦᠷᠦᠭᠦᠯᠡᠨ ᠪᠠᠶᠢᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠶᠠᠪᠤᠴᠠ ᠶᠢ ᠲᠣᠭᠲᠠᠭᠠᠨ ᠲᠡᠭᠦᠯᠳᠡᠷᠵᠢᠭᠦᠯᠵᠦ᠂ ᠡᠳᠦᠷ ᠪᠦᠷᠢ ᠤᠰᠤ ᠬᠠᠩᠭᠠᠬᠤ ᠬᠤᠭᠤᠯᠠᠢ ᠶᠢ ᠰᠡᠯᠪᠢᠨ ᠵᠠᠰᠠᠬᠤ ᠡᠮᠦᠨ᠎ᠡ ᠹᠷᠣᠨᠲ ᠲᠤ ᠶᠠᠭᠠᠷᠠᠨ ᠠᠵᠢᠯᠯᠠᠪᠠ᠃

ᠬᠡᠲᠦᠷᠬᠡᠢ ᠶᠠᠳᠠᠷᠠᠵᠤ ᠠᠵᠢᠯᠯᠠᠭᠰᠠᠨ ᠠᠴᠠ ᠪᠣᠯᠵᠤ ᠵᠢᠶᠣᠣ ᠰᠢᠩ ᠯᠢ ᠶᠢᠨ ᠨᠢᠷᠤᠭᠤ ᠰᠡᠭᠡᠷ ᠤᠨ ᠮᠦᠭᠡᠷᠡᠰᠦᠨ ᠲᠠᠪᠠᠭ ᠨᠢ ᠭᠡᠮᠲᠦᠵᠦ ᠪᠤᠯᠴᠢᠩ ᠨᠢ ᠰᠢᠷᠬᠠᠲᠤᠵᠠᠢ᠂ ᠭᠡᠪᠡᠴᠦ ᠡᠭᠦᠷᠭᠡ ᠪᠠᠨ ᠲᠦᠷᠭᠡᠨ ᠪᠡᠶᠡᠯᠡᠭᠦᠯᠬᠦ ᠶᠢᠨ ᠲᠥᠯᠥᠭᠡ᠂ ᠲᠡᠷᠡ ᠰᠢᠳᠦ ᠵᠠᠭᠤᠵᠤ ᠡᠪᠡᠳᠬᠦ ᠪᠠᠨ ᠲᠡᠰᠪᠦᠷᠢᠯᠡᠨ᠂ ᠰᠡᠯᠪᠢᠨ ᠵᠠᠰᠠᠬᠤ ᠪᠦᠯᠭᠦᠮ ᠤᠨ ᠬᠢᠨ ᠢᠶᠠᠨ ᠳᠠᠭᠠᠭᠤᠯᠤᠨ᠂ ᠬᠠᠮᠢᠭ᠎ᠠ ᠠᠰᠠᠭᠤᠳᠠᠯ ᠭᠠᠷᠪᠠᠯ ᠲᠡᠨᠳᠡ ᠬᠦᠷᠴᠦ ᠪᠠᠶᠢᠪᠠ᠃ ᠲᠡᠷᠡ ᠪᠦᠯᠭᠦᠮ ᠤᠨ ᠬᠢᠨ ᠲᠠᠢ ᠪᠠᠨ 3 ᠵᠢᠯ ᠴᠢᠷᠮᠠᠶᠢᠵᠤ ᠪᠠᠶᠢᠭᠠᠳ ᠶᠡᠭᠡ ᠰᠠᠶᠢᠨ ᠦᠷ᠎ᠡ ᠪᠦᠲᠦᠮᠵᠢ ᠣᠯᠪᠠ᠄ ᠤᠰᠤ ᠬᠠᠩᠭᠠᠬᠤ ᠬᠤᠭᠤᠯᠠᠢ ᠱᠤᠭᠤᠮ ᠤᠨ ᠭᠡᠮ ᠭᠠᠷᠬᠤ ᠨᠤᠷᠮ᠎ᠠ ᠪᠠᠭᠤᠷᠠᠵᠤ᠂ ᠠᠵᠤ ᠠᠬᠤᠶᠢᠯᠠᠯ ᠪᠣᠯᠣᠨ ᠰᠠᠭᠤᠭᠠᠯᠢ ᠠᠷᠠᠳ ᠬᠡᠪ ᠢᠶᠠᠷ ᠤᠰᠤ ᠬᠡᠷᠡᠭᠯᠡᠬᠦ ᠪᠣᠯᠪᠠ᠃

ᠣᠶᠢᠷ᠎ᠠ ᠶᠢᠨ ᠵᠢᠯ ᠠᠴᠠ ᠵᠢᠶᠣᠣ ᠰᠢᠩ ᠯᠢ ᠪᠠᠰᠠ ᠵᠠᠩᠭᠢᠯᠠᠭ᠎ᠠ ᠶᠢᠨ ᠴᠢᠬᠤᠯᠠ ᠲᠤᠨᠤᠭ ᠲᠥᠬᠦᠭᠡᠷᠦᠮᠵᠢ ᠶᠢ ᠰᠡᠯᠪᠢᠨ ᠵᠠᠰᠠᠬᠤ᠂ ᠳᠠᠮᠵᠢᠭᠤᠯᠬᠤ ᠬᠤᠭᠤᠯᠠᠢ ᠶᠢᠨ ᠲᠥᠬᠦᠭᠡᠷᠦᠮᠵᠢ ᠶᠢ ᠴᠡᠪᠡᠷᠯᠡᠬᠦ᠂ ᠤᠰᠤᠨ ᠤ ᠴᠢᠨᠠᠷ ᠢ ᠪᠠᠶᠢᠴᠠᠭᠠᠨ ᠬᠡᠮᠵᠢᠵᠦ ᠦᠯᠢᠭᠡᠷ ᠠᠪᠬᠤ ᠵᠡᠷᠭᠡ ᠭᠤᠭᠴᠤᠭ᠎ᠠ ᠠᠴᠠ ᠭᠠᠷᠳᠠᠵᠤ᠂ ᠡᠯ᠎ᠡ ᠵᠦᠢᠯ ᠤᠨ ᠠᠵᠢᠯ ᠤᠨ ᠳᠦᠷᠢᠮ᠂ ᠪᠠᠷᠢᠯᠭ᠎ᠠ ᠶᠢᠨ ᠠᠵᠢᠯ ᠢ ᠱᠠᠯᠠᠪᠳᠠᠨ ᠵᠠᠰᠠᠬᠤ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠲᠣᠭᠲᠠᠭᠠᠨ ᠲᠡᠭᠦᠯᠳᠡᠷᠵᠢᠭᠦᠯᠵᠦ᠂ ᠲᠣᠭᠤᠷᠢᠨ ᠪᠠᠶᠢᠴᠠᠭᠠᠵᠤ ᠰᠡᠯᠪᠢᠨ ᠵᠠᠰᠠᠬᠤ ᠠᠵᠢᠯ ᠤᠨ ᠵᠢᠷᠤᠮᠵᠢᠯ ᠪᠠ ᠶᠠᠪᠤᠴᠠ ᠶᠢ ᠲᠠᠰᠤᠷᠠᠯᠳᠠ ᠦᠭᠡᠢ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠬᠤᠭᠤᠯᠠᠢ ᠲᠣᠣᠷ ᠤᠨ ᠬᠡᠷᠡᠭᠯᠡᠬᠦ ᠵᠢᠯ ᠬᠤᠭᠤᠴᠠᠭ᠎ᠠ ᠪᠣᠯᠣᠨ ᠬᠤᠭᠤᠯᠠᠢ ᠲᠣᠣᠷ ᠤᠨ ᠤᠷᠳᠤ ᠶᠢ ᠲᠠᠰᠤᠷᠠᠯᠳᠠ ᠦᠭᠡᠢ ᠨᠡᠮᠡᠭᠳᠡᠭᠦᠯᠵᠦ᠂ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠠᠮᠤᠷ ᠲᠦᠪᠰᠢᠨ ᠢ ᠬᠦᠴᠦᠲᠡᠢ ᠪᠠᠲᠤᠯᠠᠪᠠ᠃ 2024 ᠣᠨ ᠳᠤ᠂ ᠵᠢᠶᠣᠣ ᠰᠢᠩ ᠯᠢ ᠬᠠᠮᠲᠤ ᠠᠵᠢᠯᠯᠠᠭᠰᠠᠳ ᠲᠠᠢ ᠪᠠᠨ ᠪᠦᠭᠦ ᠵᠢᠯ ᠳᠤ 700 ᠭᠠᠷᠤᠢ ᠤᠳᠠᠭ᠎ᠠ ᠲᠣᠭᠤᠷᠢᠨ ᠪᠠᠶᠢᠴᠠᠭᠠᠵᠤ᠂ 108 ᠤᠳᠠᠭ᠎ᠠ ᠦᠯᠢᠭᠡᠷ ᠠᠪᠤᠪᠠ᠃ ᠣᠳᠣᠬᠠᠨ ᠳᠤ᠂ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠬᠤᠭᠤᠯᠠᠢ ᠶᠢᠨ ᠤᠰᠤᠨ ᠤ ᠴᠢᠨᠠᠷ ᠨᠢ ᠴᠥᠮ ᠪᠠᠷᠢᠮᠵᠢᠶ᠎ᠠ ᠳᠤ ᠬᠦᠷᠴᠦ᠂ ᠤᠰᠤ ᠬᠠᠩᠭᠠᠬᠤ ᠦᠷ᠎ᠡ ᠪᠦᠲᠦᠮᠵᠢ ᠨᠢ ᠢᠮᠠᠭᠲᠠ 95% ᠠᠴᠠ ᠳᠡᠭᠡᠭᠰᠢ ᠪᠠᠶᠢᠬᠤ ᠶᠢ ᠪᠠᠲᠤᠯᠠᠪᠠ᠃

ᠪᠦᠷᠢᠳᠬᠡᠯ ᠢ ᠦᠨᠳᠦᠰᠦᠯᠡᠪᠡᠯ᠂ ᠵᠢᠶᠣᠣ ᠰᠢᠩ ᠯᠢ ᠲᠣᠭᠤᠷᠢᠨ ᠬᠠᠮᠠᠭᠠᠯᠠᠬᠤ ᠪᠦᠭᠦ ᠠᠵᠢᠯᠲᠠᠨ ᠢᠶᠠᠨ ᠳᠠᠭᠠᠭᠤᠯᠤᠨ ᠰᠠᠭᠤᠭᠠᠯᠢ ᠠᠷᠠᠳ ᠤᠨ ᠤᠰᠤᠨ ᠬᠡᠮᠵᠢᠭᠦᠷ ᠢ 4000 ᠭᠠᠷᠤᠢ ᠡᠷᠦᠭᠡ ︵ᠤᠳᠠᠭ᠎ᠠ︶ ᠰᠡᠯᠪᠢᠨ ᠬᠠᠮᠠᠭᠠᠯᠠᠵᠤ᠂ 300 ᠭᠠᠷᠤᠢ ᠭᠡᠷ ᠤᠨ ᠭᠠᠳᠠᠨᠠᠬᠢ ᠬᠤᠭᠤᠯᠠᠢ ᠶᠢᠨ ᠨᠡᠭᠡᠯᠡᠭᠡᠢ ᠶᠢ ᠰᠡᠯᠪᠢᠨ ᠵᠠᠰᠠᠵᠤ᠂ 200 ᠭᠠᠷᠤᠢ ᠤᠳᠠᠭ᠎ᠠ ᠬᠤᠭᠤᠯᠠᠢ ᠶᠢ ᠵᠠᠯᠭᠠᠵᠤ᠂ 1000 ᠭᠠᠷᠤᠢ ᠤᠳᠠᠭ᠎ᠠ ᠤᠰᠤᠨ ᠬᠤᠳᠳᠤᠭ ᠢ ᠴᠡᠪᠡᠷᠯᠡᠵᠦ᠂ ᠡᠳᠦᠷ ᠳᠤᠮᠳᠠᠴᠢ ᠪᠠᠷ 120 ᠭᠠᠷᠤᠢ ᠺᠢᠯᠣᠮᠧᠲᠷ ᠲᠣᠭᠤᠷᠢᠨ ᠪᠠᠶᠢᠴᠠᠭᠠᠵᠤ᠂ ᠵᠢᠯ ᠪᠦᠷᠢ 800 ᠭᠠᠷᠤᠢ ᠤᠳᠠᠭ᠎ᠠ ᠲᠣᠭᠤᠷᠢᠨ ᠪᠠᠶᠢᠴᠠᠭᠠᠵᠠᠢ᠃ ᠡᠳᠦᠭᠡ᠂ ᠲᠡᠷᠡ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠬᠤᠭᠤᠯᠠᠢ ᠱᠤᠭᠤᠮ ᠢ ᠠᠯᠠᠭᠠᠨ ᠤ ᠪᠠᠨ ᠵᠢᠷᠤᠭᠠᠰᠤ ᠰᠢᠭ᠋ ᠴᠡᠭᠡᠵᠢᠯᠡᠵᠦ᠂ ᠡᠯ᠎ᠡ ᠵᠦᠢᠯ ᠤᠨ ᠮᠠᠲ᠋ᠧᠷᠢᠶᠠᠯ ᠨᠢ ᠲᠡᠭᠦᠨ ᠤ ᠲᠠᠷᠢᠬᠢᠨ ᠳᠤ ︽ᠭᠤᠷᠪᠠᠨ ᠬᠡᠮᠵᠢᠯᠲᠦ ᠵᠢᠷᠤᠭ︾ ᠪᠣᠯᠵᠤ᠂ ᠡᠯ᠎ᠡ ᠨᠡᠭᠡᠯᠡᠭᠡᠢ ᠶᠢᠨ ᠣᠷᠣᠨ ᠪᠠᠶᠢᠷᠢ ᠶᠢ ᠣᠨᠣᠪᠴᠢᠲᠠᠶ ᠲᠣᠭᠲᠠᠭᠠᠵᠤ ᠴᠢᠳᠠᠬᠤ ᠪᠣᠯᠵᠠᠢ᠃

ᠰᠠᠶᠢᠨ ᠦᠨᠡᠯᠡᠯᠲᠡ ᠶᠢ ᠪᠣᠯ ᠬᠢᠵᠦ ᠪᠠᠶᠢᠭᠠᠳ ᠣᠯᠣᠭᠰᠠᠨ ᠶᠤᠮ᠃ 16 ᠵᠢᠯ ᠢ ᠨᠢᠭᠡ ᠯᠡ ᠡᠳᠦᠷ ᠮᠡᠲᠦ ᠪᠠᠷ ᠡᠮᠦᠨ᠎ᠡ ᠹᠷᠣᠨᠲ ᠢ ᠪᠠᠲᠤ ᠰᠠᠬᠢᠵᠤ᠂ ᠡᠭᠦᠷᠭᠡ ᠪᠠᠨ ᠲᠤᠭ᠎ᠠ ᠶᠣᠰᠣᠭᠠᠷ ᠴᠢᠨᠠᠷ ᠰᠠᠶᠢᠲᠠᠢ ᠪᠡᠶᠡᠯᠡᠭᠦᠯᠵᠦ᠂ ᠵᠢᠶᠣᠣ ᠰᠢᠩ ᠯᠢ ᠬᠡᠷᠡᠭᠯᠡᠭᠴᠢ ᠪᠣᠯᠣᠨ ᠬᠠᠮᠲᠤ ᠠᠵᠢᠯᠯᠠᠭᠰᠠᠳ ᠤᠨ ᠢᠶᠠᠨ ᠨᠡᠶᠢᠳᠡᠮ ᠤᠨ ᠬᠦᠷᠢᠶᠡᠯᠡᠯ ᠢ ᠣᠯᠪᠠ᠃

︽ᠵᠢᠶᠣᠣ ᠪᠠᠭᠰᠢ ᠠᠵᠢᠯ ᠬᠢᠬᠦ ᠳᠡᠭᠡᠨ ᠨᠠᠷᠢᠨ ᠬᠢᠨᠠᠮᠠᠭᠠᠢ᠂ ᠬᠠᠯᠠᠭᠤᠮᠰᠤᠭ᠂ ᠶᠠᠮᠠᠷ ᠠᠰᠠᠭᠤᠳᠠᠯ ᠪᠠᠶᠢᠪᠠᠯ ᠳᠠᠭᠤᠳᠠᠮᠠᠭᠴᠠ ᠢᠷᠡᠵᠤ᠂ ᠳᠠᠷᠤᠶᠢᠬᠠᠨ ᠰᠢᠢᠳᠪᠦᠷᠢᠯᠡᠵᠦ ᠥᠭᠳᠡᠭ︾ ᠭᠡᠵᠦ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠠᠭᠤᠭᠠᠯᠢ ᠠᠷᠠᠳ ᠵᠠᠩ ᠬᠠᠢ ᠶᠠᠨ ᠬᠡᠯᠡᠪᠡ᠃

︽ᠵᠢᠶᠣᠣ ᠬᠡᠯᠲᠡᠰ ᠤᠨ ᠳᠠᠷᠤᠭ᠎ᠠ ᠪᠣᠯ ᠪᠢᠳᠡᠨ ᠤ ᠰᠤᠷᠤᠯᠴᠠᠬᠤ ᠳᠠᠭᠤᠷᠢᠶᠠᠯ ᠮᠥᠨ᠂ ᠤᠳᠠᠭ᠎ᠠ ᠪᠦᠷᠢ ᠲᠡᠭᠦᠨ ᠲᠠᠢ ᠬᠠᠮᠲᠤ ᠰᠡᠯᠪᠢᠨ ᠵᠠᠰᠠᠬᠤ ᠳᠤ ᠴᠥᠮ ᠲᠡᠭᠦᠨ ᠤ ᠪᠡᠶ᠎ᠡ ᠳᠡᠭᠡᠷ᠎ᠡ ᠠᠴᠠ ᠡᠷᠡᠮᠡᠬᠡᠶᠢᠯᠡᠨ ᠤᠷᠤᠭᠰᠢᠯᠠᠬᠤ ᠵᠣᠷᠢᠭ ᠰᠠᠨᠠᠭ᠎ᠠ᠂ ᠰᠡᠯᠪᠢᠨ ᠵᠠᠰᠠᠬᠤ ᠮᠡᠳᠡᠯᠭᠡ ᠶᠢ ᠰᠤᠷᠳᠠᠭ︾ ᠭᠡᠵᠦ ᠬᠠᠮᠲᠤ ᠠᠵᠢᠯᠯᠠᠭᠴᠢ ᠯᠢᠦ ᠹᠧᠩ ᠭᠤᠸᠠᠩ ᠬᠡᠯᠡᠪᠡ᠃

16 ᠵᠢᠯ ᠤᠨ ᠲᠤᠷᠰᠢ᠂ ᠵᠢᠶᠣᠣ ᠰᠢᠩ ᠯᠢ ᠶᠠᠭ ᠯᠠ ᠪᠠᠲᠤ ᠪᠠᠬᠢ ᠡᠷᠭᠢ ᠱᠤᠷᠠᠭ ᠰᠢᠭ᠋ ᠢᠶᠠᠷ ᠡᠩ ᠤᠨ ᠤᠰᠤ ᠬᠠᠩᠭᠠᠬᠤ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠠᠷᠢᠮᠲᠠᠯᠠᠯ ᠪᠠ ᠴᠢᠷᠮᠠᠶᠢᠯᠭ᠎ᠠ ᠪᠠᠷ ᠢᠶᠠᠨ ᠶᠡᠷᠦ ᠪᠤᠰᠤ ᠶᠢᠨ ᠥᠯᠢᠭᠡᠷ ᠢ ᠪᠢᠴᠢᠭᠯᠡᠵᠦ᠂ ᠠᠵᠢᠯ ᠦᠢᠯᠡᠰ ᠢᠶᠠᠨ ᠳᠡᠭᠡᠳᠦᠯᠡᠬᠦ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠤᠰᠤᠨ ᠤ ᠶᠠᠪᠤᠳᠠᠯ ᠤᠨ ᠠᠵᠢᠯᠲᠠᠨ ᠤ ᠲᠠᠩᠭᠠᠷᠢᠭ ᠢ ᠦᠢᠯᠡᠳᠦᠯᠭᠡᠵᠢᠭᠦᠯᠵᠦ ᠪᠠᠶᠢᠨ᠎ᠠ᠃ 2013 ᠣᠨ ᠳᠤ᠂ ᠵᠢᠶᠣᠣ ᠰᠢᠩ ᠯᠢ ᠪᠦᠭᠦ ᠤᠯᠤᠰ ᠤᠨ ︽5·1︾ ᠤ ᠭᠦᠳᠡᠯᠮᠦᠷᠢ ᠶᠢᠨ ᠱᠠᠩᠨᠠᠯ ᠬᠦᠷᠲᠡᠵᠦ᠂ ᠡᠨᠡ ᠵᠢᠯ ᠤᠨ ︽5·1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠠᠴᠠ ᠡᠮᠦᠨᠡᠬᠡᠨ᠂ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠠᠷ ᠦᠨᠡᠯᠡᠭᠳᠡᠪᠡ᠃

︽ᠬᠤᠶᠢᠰᠢᠳᠠ ᠪᠢ ᠪᠠᠰᠠ ᠥᠩᠭᠡᠷᠡᠭᠰᠡᠨ ᠲᠠᠢ ᠪᠠᠨ ᠠᠳᠠᠯᠢ ᠪᠠᠷ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠥᠪᠡᠷ ᠤᠨ ᠮᠡᠷᠭᠡᠵᠢᠯ ᠤᠨ ᠴᠢᠳᠠᠪᠤᠷᠢ ᠪᠠᠷ ᠢᠶᠠᠨ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠠᠮᠤᠷ ᠲᠦᠪᠰᠢᠨ ᠢ ᠰᠠᠶᠢᠲᠤᠷ ᠰᠠᠬᠢᠨ ᠬᠠᠮᠠᠭᠠᠯᠠᠨ᠎ᠠ᠃ ᠤᠯᠠᠮᠵᠢᠯᠠᠬᠤ ᠬᠠᠪᠰᠤᠷᠬᠤ ᠳᠠᠭᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠯᠠᠪᠳᠠᠭᠤᠨ ᠪᠠᠲᠤᠲᠠᠢ ᠠᠵᠢᠯᠯᠠᠬᠤ᠂ ᠮᠡᠷᠭᠡᠵᠢᠯ ᠳᠡᠭᠡᠨ ᠴᠠᠭᠠᠷᠠᠭᠰᠠᠨ ᠰᠡᠯᠪᠢᠨ ᠵᠠᠰᠠᠬᠤ ᠠᠵᠢᠯᠲᠠᠨ ᠢ ᠢᠯᠡᠭᠦᠬᠡᠨ ᠬᠥᠮᠥᠵᠢᠭᠦᠯᠵᠦ᠂ ᠤᠰᠤᠨ ᠤ ᠶᠠᠪᠤᠳᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠵᠢᠶᠣᠣ ᠰᠢᠩ ᠯᠢ ᠬᠡᠯᠡᠪᠡ᠃


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ