​ᠥᠪᠥᠷ ᠮᠣᠩᠭᠤᠯ ᠴᠢᠬᠤᠯᠠ ᠶᠡᠭᠡ ᠲᠦᠷᠦᠯ ᠵᠦᠢᠯ ᠢ ᠠᠳᠬᠤᠵᠤ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠨᠢᠭᠲᠠᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/5/8


ᠥᠨᠥ ᠵᠢᠯ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠴᠢᠬᠤᠯᠠ ᠶᠡᠭᠡ ᠲᠥᠷᠥᠯ ᠵᠦᠢᠯ︾ ᠭᠡᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ ᠂ ︽ ᠤᠬᠠᠭᠠᠯᠠᠨ ᠲᠥᠯᠥᠪᠯᠡᠬᠦ ᠶᠢ ᠠᠳᠬᠤᠬᠤ ᠂ ᠨᠥᠭᠡᠴᠡᠯᠡᠬᠦ ᠶᠢ ᠠᠳᠬᠤᠬᠤ ᠂ ᠡᠮᠦᠨᠡᠬᠢ ᠬᠤᠭᠤᠴᠠᠭ᠎ᠠ ᠶᠢ ᠠᠳᠬᠤᠬᠤ ᠂ ᠠᠵᠢᠯ ᠡᠬᠢᠯᠡᠭᠦᠯᠬᠦ ᠶᠢ ᠠᠳᠬᠤᠬᠤ ᠂ ᠠᠬᠢᠴᠠ ᠶᠢ ᠠᠳᠬᠤᠬᠤ ᠂ ᠠᠰᠢᠭᠯᠠᠯᠲᠠ ᠳᠤ ᠣᠷᠣᠭᠤᠯᠬᠤ ᠶᠢ ᠠᠳᠬᠤᠬᠤ︾ ᠠᠵᠢᠯ ᠤᠨ ᠪᠠᠶᠢᠷᠢᠰᠢᠯ ᠢ ᠪᠣᠶ ᠪᠣᠯᠭᠠᠪᠠ ᠃ ᠨᠢᠭᠡᠳᠦᠭᠡᠷ ᠤᠯᠠᠷᠢᠯ ᠳᠤ ᠂ ᠪᠥᠬᠦ ᠣᠷᠣᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠶᠢᠲᠡ 1079 ᠴᠢᠬᠤᠯᠠ ᠶᠡᠭᠡ ᠲᠥᠷᠥᠯ ᠵᠦᠢᠯ ᠢ ᠠᠵᠢᠯ ᠡᠬᠢᠯᠡᠭᠦᠯᠦᠭᠰᠡᠨ ᠪᠠ ᠰᠡᠷᠭᠦᠭᠡᠵᠦ᠂ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠶᠡᠷᠦᠩᠬᠡᠢ ᠨᠣᠷᠮ᠎ᠠ 77.2% ᠲᠤ ᠬᠦᠷᠴᠡᠢ ︔ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠵᠦ ᠬᠡᠷᠡᠭᠵᠢᠭᠦᠯᠦᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ 20% ᠪᠠᠷ ᠨᠡᠮᠡᠭᠳᠡᠬᠦ ᠶᠢ ᠲᠤᠯᠭᠠᠭᠤᠷᠢᠯᠠᠭᠤᠯᠤᠨ ᠂ ︽ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ︾ ᠶᠢᠨ ᠬᠤᠭᠤᠴᠠᠭᠠᠨ ᠳᠤ 5 ᠵᠢᠯ ᠳᠠᠷᠠᠭᠠᠯᠠᠨ ᠨᠢᠭᠡᠳᠦᠭᠡᠷ ᠤᠯᠠᠷᠢᠯ ᠳᠤ ᠪᠠᠨ ᠰᠠᠶᠢᠨ ᠡᠬᠢᠯᠡᠯᠲᠡ ᠲᠠᠢ ᠪᠠᠶᠢᠬᠤ ᠶᠢ ᠪᠡᠶᠡᠯᠡᠭᠦᠯᠪᠡ ᠃ 

ᠣᠷᠳᠣᠰ ᠬᠤᠳᠠ ᠶᠢᠨ ᠲᠠᠯᠠᠳ ᠤᠨ ᠠᠵᠤ ᠠᠬᠤᠢ ᠶᠢᠨ ᠨᠡᠭᠡᠭᠡᠨ ᠬᠥᠭᠵᠢᠭᠦᠯᠬᠦ ᠲᠣᠭᠤᠷᠢᠭ ᠲᠤ ᠂ ᠷᠦᠩ ᠰᠢᠨ ᠬᠢᠮᠢ ᠶᠢᠨ ᠠᠵᠤ ᠦᠢᠯᠡᠳᠪᠦᠷᠢ ᠶᠢᠨ ᠵᠢᠯ ᠳᠤ 80 ᠲᠦᠮᠡᠨ ᠲᠣᠨ ᠠᠯᠺᠧᠨ ᠦᠢᠯᠡᠳᠪᠦᠷᠢᠯᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠠᠭ ᠬᠥᠭᠵᠢᠶᠡᠨᠲᠡᠢ ᠶᠠᠪᠤᠭᠳᠠᠵᠤ ᠪᠤᠢ ᠃ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠪᠣᠯᠬᠤ ᠲᠥᠷᠥᠯ ᠵᠦᠢᠯ ᠪᠣᠯᠤᠭᠰᠠᠨ ᠤ ᠬᠤᠪᠢ ᠳᠤ ᠂ ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 98.3 ᠳ᠋ᠦᠩᠰᠢᠭᠤᠷ ᠲᠥᠭᠦᠷᠢᠭ ᠪᠣᠯᠣᠨ᠎ᠠ ᠃ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠂ ᠵᠢᠯ ᠪᠦᠷᠢ ᠶᠢᠨ ᠰᠢᠨ᠎ᠡ ᠪᠠᠷ ᠨᠡᠮᠡᠭᠳᠡᠬᠦ ᠦᠢᠯᠡᠳᠬᠦᠨ ᠤ ᠥᠷᠲᠡᠭ 67 ᠳ᠋ᠦᠩᠰᠢᠭᠤᠷ ᠲᠥᠭᠦᠷᠢᠭ ᠰᠢᠬᠠᠮ ᠪᠣᠯᠬᠤ ᠪᠣᠯᠣᠨ᠎ᠠ᠃ ᠡᠨᠡ ᠵᠢᠯ ᠂ ᠠᠯᠠᠱᠠ ᠠᠶᠢᠮᠠᠭ 141 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠂ ᠣᠨ ᠤ ᠪᠡᠯᠡ ᠣᠷᠤᠭᠤᠯᠤᠯᠲᠠ ᠶᠢᠨ ᠲᠥᠯᠥᠪᠯᠡᠭᠡ  ᠨᠢ 418.7 ᠳ᠋ᠦᠩᠰᠢᠭᠤᠷ ᠲᠥᠭᠦᠷᠢᠭ ᠪᠣᠯᠣᠨ᠎ᠠ᠃ ᠦᠬᠠᠢ ᠬᠤᠳᠠ ᠶᠢᠨ ᠬᠢᠨ ᠡᠨᠡ ᠵᠢᠯ ᠬᠤᠳᠠ ᠶᠢᠨ ᠲᠡᠰ ᠤᠨ 233 ᠭᠤᠣᠯᠳᠠᠯᠭ᠎ᠠ ᠪᠣᠯᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠬᠦ ᠪᠠᠷ ᠤᠬᠠᠭᠠᠯᠠᠨ ᠲᠥᠯᠥᠪᠯᠡᠵᠦ ᠪᠠᠶᠢᠨ᠎ᠠ᠂ ᠡᠭᠦᠨ ᠳᠤ ᠶᠡᠷᠦᠩᠬᠡᠢ ᠪᠡᠯᠡ ᠣᠷᠣᠭᠤᠯᠤᠯᠲᠠ  ᠨᠢ 1170.9 ᠳ᠋ᠦᠩᠰᠢᠭᠤᠷ ᠲᠥᠭᠦᠷᠢᠭ ᠪᠠᠶᠢᠵᠤ᠂ ᠵᠢᠯ ᠳᠤ 218.4 ᠳ᠋ᠦᠩᠰᠢᠭᠤᠷ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠂ ᠪᠠᠰᠠ ᠥᠨᠥ ᠵᠢᠯ ᠳᠤ 120 ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠪᠠᠷ ᠵᠢᠱᠢᠵᠦ᠂ ᠲᠡᠳᠡᠭᠡᠷ ᠲᠤ ᠬᠤᠯᠪᠣᠭᠳᠠᠬᠤ ᠶᠡᠷᠦᠩᠬᠡᠢ ᠪᠡᠯᠡ ᠣᠷᠣᠭᠤᠯᠤᠯᠲᠠ  ᠨᠢ 391.2 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ᠃ 

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠾᠧ ᠵᠢᠶᠧ ᠲᠠᠨᠢᠯᠴᠠᠭᠤᠯᠤᠭᠰᠠᠨ ᠢᠶᠠᠷ ᠂ ᠣᠳᠣᠬᠠᠨ ᠳᠤ ᠨᠢᠭᠡᠨᠲᠡ 2025 ᠣᠨ ᠳᠤ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ ᠵᠠᠰᠠᠭ ᠤᠨ ᠣᠷᠳᠣᠨ ᠤ 5000 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠪᠠ ᠠᠵᠤ ᠠᠬᠤᠶᠢᠯᠠᠯ ᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ  ᠲᠠᠢ 3352 ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠵᠦ ᠨᠥᠭᠡᠴᠡᠯᠡᠭᠡᠳ ᠪᠠᠶᠢᠨ᠎ᠠ᠂ ᠲᠡᠳᠡᠭᠡᠷ ᠤᠨ ᠶᠡᠷᠦᠩᠬᠡᠢ ᠪᠡᠯᠡ ᠣᠷᠣᠭᠤᠯᠤᠯᠲᠠ  ᠨᠢ 3.6 ᠲᠦᠮᠡᠨ ᠳ᠋ᠦᠩᠰᠢᠭᠤᠷ ᠲᠥᠭᠦᠷᠢᠭ ᠪᠠᠶᠢᠵᠤ᠂ ᠣᠨ ᠤ ᠲᠥᠯᠥᠪᠯᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ  ᠨᠢ ᠲᠦᠮᠡᠨ ᠳ᠋ᠦᠩᠰᠢᠭᠤᠷ ᠲᠥᠭᠦᠷᠢᠭ ᠲᠤ ᠬᠥᠷᠥᠭᠰᠡᠨ ᠪᠠᠶᠢᠨ᠎ᠠ ᠃


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ