ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 7 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 7 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ᠂ ᠤᠷᠤᠰ ᠤᠨ ᠶᠡᠷᠦᠩᠬᠡᠶᠢᠯᠡᠭᠴᠢ ᠫᠦᠲ᠋ᠢᠨ ᠤ ᠤᠷᠢᠯᠭ᠎ᠠ ᠪᠠᠷ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠤᠯᠴᠠᠬᠤ ᠪᠠᠷ ᠲᠤᠰᠬᠠᠢ ᠨᠢᠰᠬᠡᠯ ᠢᠶᠠᠷ ᠮᠣᠰᠺᠸᠠ ᠳᠤ ᠭᠦᠷᠪᠠ᠃

ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 7 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠤᠰ ᠤᠨ ᠶᠡᠷᠦᠩᠬᠡᠶᠢᠯᠡᠭᠴᠢ ᠫᠦᠲ᠋ᠢᠨ ᠤ ᠤᠷᠢᠯᠭ᠎ᠠ ᠪᠠᠷ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠤᠯᠴᠠᠬᠤ ᠪᠠᠷ ᠲᠤᠰᠬᠠᠢ ᠨᠢᠰᠬᠡᠯ ᠢᠶᠠᠷ ᠮᠣᠰᠺᠸᠠ ᠳᠤ ᠭᠦᠷᠪᠠ᠃ ᠤᠷᠤᠰ ᠤᠨ ᠲᠠᠯ᠎ᠠ ᠶᠢᠨ ᠬᠢᠨ ᠨᠢᠰᠬᠡᠯ ᠤᠨ ᠪᠠᠭᠤᠳᠠᠯ ᠳᠤ ᠦᠪᠡᠳᠡᠭᠰᠢ ᠶᠡᠭᠡ ᠤᠭᠲᠤᠬᠤ ᠶᠣᠰᠣᠯᠠᠯ ᠶᠠᠪᠤᠭᠤᠯᠪᠠ᠃ ᠵᠢᠷᠤᠭ ᠪᠣᠯ ᠰᠢ ᠶᠢᠨ ᠫᠢᠩ ᠶᠣᠰᠣᠯᠠᠯ ᠤᠨ ᠠᠩᠭᠢ ᠶᠢ ᠰᠢᠯᠭᠠᠨ ᠦᠵᠡᠵᠦ ᠪᠠᠶᠢᠭ᠎ᠠ ᠨᠢ᠃
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ
ᠰᠢ ᠶᠢᠨ ᠫᠢᠩ ᠤᠨ ᠰᠠᠭᠤᠭᠰᠠᠨ ᠲᠤᠰᠬᠠᠢ ᠨᠢᠰᠬᠡᠯ ᠤᠷᠤᠰ ᠤᠨ ᠬᠠᠷᠢᠶ᠎ᠠ ᠣᠭᠲᠠᠷᠭᠤᠢ ᠳᠤ ᠣᠷᠣᠭᠰᠠᠨ ᠤ ᠳᠠᠷᠠᠭ᠎ᠠ᠂ ᠤᠷᠤᠰ ᠤᠨ ᠠᠭᠠᠷ ᠤᠨ ᠴᠡᠷᠢᠭ ᠤᠨ ᠪᠠᠶᠢᠯᠳᠤᠭᠠᠨ ᠤ ᠨᠢᠰᠬᠡᠯ ᠠᠭᠠᠷ ᠤᠨ ᠠᠶᠠᠯᠠᠯ ᠢ ᠬᠠᠮᠠᠭᠠᠯᠠᠪᠠ᠃
ᠰᠢ ᠶᠢᠨ ᠫᠢᠩ ᠮᠣᠰᠺᠸᠠ ᠶᠢᠨ ᠹᠦᠨᠦ᠋ᠺᠸᠧᠸ᠋ ᠲᠤᠰᠬᠠᠢ ᠨᠢᠰᠬᠡᠯ ᠤᠨ ᠪᠠᠭᠤᠳᠠᠯ ᠳᠤ ᠬᠦᠷᠬᠦ ᠦᠶ᠎ᠡ ᠳᠤ᠂ ᠤᠷᠤᠰ ᠤᠨ ᠳᠡᠳ᠋ ᠶᠡᠷᠦᠩᠬᠡᠢ ᠰᠠᠶᠢᠳ ᠭᠧᠯᠢᠺᠸᠧᠠ ᠵᠡᠷᠭᠡ ᠵᠠᠰᠠᠭ ᠤᠨ ᠣᠷᠳᠣᠨ ᠤ ᠳᠡᠭᠡᠳᠦ ᠲᠡᠰ ᠤᠨ ᠠᠯᠪᠠᠨ ᠲᠤᠰᠢᠶᠠᠯᠲᠠᠨ ᠬᠠᠯᠠᠭᠤᠨ ᠢᠶᠠᠷ ᠤᠭᠲᠤᠨ ᠠᠪᠤᠪᠠ᠃
ᠤᠷᠤᠰ ᠤᠨ ᠲᠠᠯ᠎ᠠ ᠶᠢᠨ ᠬᠢᠨ ᠨᠢᠰᠬᠡᠯ ᠤᠨ ᠪᠠᠭᠤᠳᠠᠯ ᠳᠤ ᠦᠪᠡᠳᠡᠭᠰᠢ ᠶᠡᠭᠡ ᠤᠭᠲᠤᠬᠤ ᠶᠣᠰᠣᠯᠠᠯ ᠶᠠᠪᠤᠭᠤᠯᠪᠠ᠃ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠤᠷᠤᠰ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠰᠢ ᠶᠢᠨ ᠫᠢᠩ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃
ᠰᠢ ᠶᠢᠨ ᠫᠢᠩ ᠪᠢᠴᠢᠭ ᠤᠨ ᠭᠡᠯᠪᠡᠷᠢ ᠪᠠᠷ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠤᠷᠤᠰ ᠤᠨ ᠵᠠᠰᠠᠭ ᠤᠨ ᠣᠷᠳᠣᠨ ᠪᠣᠯᠣᠨ ᠤᠷᠤᠰ ᠤᠨ ᠠᠷᠠᠳ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃
ᠰᠢ ᠶᠢᠨ ᠫᠢᠩ᠂ ᠳᠤᠮᠳᠠᠳᠤ ᠤᠯᠤᠰ ᠪᠣᠯᠣᠨ ᠤᠷᠤᠰ ᠪᠣᠯ ᠰᠢᠯᠵᠢᠰᠢ ᠦᠭᠡᠢ ᠰᠠᠶᠢᠨ ᠬᠥᠷᠰᠢ᠂ ᠵᠣᠪᠠᠭᠤᠷᠢ ᠵᠦᠳᠡᠭᠦᠷᠢ ᠪᠠᠨ ᠬᠠᠮᠲᠤᠳᠬᠠᠭᠰᠠᠨ ᠵᠢᠩᠬᠢᠨᠢ ᠨᠠᠶᠢᠵᠠ᠂ ᠬᠠᠷᠢᠯᠴᠠᠨ ᠠᠮᠵᠢᠯᠲᠠ ᠣᠯᠬᠤ ᠶᠢ ᠠᠬᠢᠭᠤᠯᠤᠭᠰᠠᠨ ᠰᠠᠶᠢᠨ ᠬᠠᠨᠢᠲᠠᠨ ᠶᠤᠮ᠃ ᠬᠤᠶᠠᠷ ᠲᠠᠯ᠎ᠠ ᠪᠠᠷ ᠢᠶᠠᠨ ᠬᠥᠷᠰᠢ ᠵᠡᠷᠭᠡᠯᠡᠳᠡᠭᠡ ᠲᠣᠮᠣ ᠤᠯᠤᠰ ᠤᠨ ᠵᠥᠪ ᠣᠨᠣᠪᠴᠢᠲᠠᠢ ᠬᠠᠷᠢᠯᠴᠠᠬᠤ ᠵᠠᠮ ᠢ ᠨᠢᠭᠡᠨᠲᠡ ᠰᠦᠪᠡᠭᠴᠢᠯᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠷᠤᠰ ᠤᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠵᠣᠷᠢᠭ ᠰᠠᠨᠠᠭ᠎ᠠ ᠶᠢ ᠴᠣᠭᠴᠠᠯᠠᠪᠠ᠃ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠪᠣᠯᠪᠠᠰᠤᠷᠠᠩᠭᠤᠢ ᠪᠥᠭᠡᠳ ᠳᠠᠭᠠᠭᠠᠮᠠᠭᠠᠢ ᠳᠤᠮᠳᠠᠳᠤ ᠣᠷᠣᠰ ᠤᠨ ᠬᠠᠷᠢᠯᠴᠠᠭ᠎ᠠ ᠨᠢ ᠬᠤᠶᠠᠷ ᠤᠯᠤᠰ ᠤᠨ ᠠᠷᠠᠳ ᠲᠦᠮᠡᠨ ᠳᠤ ᠯᠤᠲᠤ ᠶᠡᠭᠡ ᠠᠵᠠ ᠵᠢᠷᠭᠠᠯ ᠣᠯᠭᠤᠭᠰᠠᠨ ᠪᠥᠭᠡᠳ ᠪᠠᠰᠠ ᠪᠦᠭᠦ ᠪᠥᠮᠪᠥᠷᠴᠡᠭ ᠤᠨ ᠪᠠᠶᠢᠯᠳᠤᠬᠤ ᠪᠣᠳᠣᠯᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠣᠯᠠᠨ ᠲᠤᠶᠢᠯᠵᠢᠯᠳᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠡᠨᠡ ᠵᠢᠯ ᠪᠣᠯ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ 80 ᠵᠢᠯ ᠤᠨ ᠤᠢ ᠪᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠪᠣᠯᠣᠨ᠎ᠠ᠃ ᠳᠤᠮᠳᠠᠳᠤ ᠤᠷᠤᠰ ᠳᠡᠯᠡᠬᠡᠢ ᠶᠢᠨ ᠭᠤᠣᠯ ᠪᠤᠯᠬᠤ ᠲᠣᠮᠣ ᠤᠯᠤᠰ ᠪᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠭᠢᠯᠡᠭᠴᠢ ᠤᠯᠤᠰ ᠪᠣᠯᠤᠭᠰᠠᠨ ᠤ ᠬᠤᠪᠢ ᠳᠤ᠂ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠭᠠᠷ ᠬᠤᠯᠪᠣᠨ ᠬᠠᠮᠠᠭᠠᠯᠠᠵᠤ᠂ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠨᠡᠩ ᠲᠥᠪ ᠭᠤᠣᠯᠴᠢ ᠵᠦᠢ ᠵᠣᠬᠢᠰᠲᠠᠢ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ᠃ ᠪᠢ ᠶᠡᠷᠦᠩᠬᠡᠶᠢᠯᠡᠭᠴᠢ ᠫᠦᠲ᠋ᠢᠨ ᠯᠦᠭᠡ ᠬᠤᠶᠠᠷ ᠲᠠᠯ᠎ᠠ ᠶᠢᠨ ᠬᠠᠷᠢᠯᠴᠠᠭ᠎ᠠ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠵᠢᠴᠢ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠭᠦᠨᠵᠡᠭᠡᠢ ᠣᠯᠣᠯᠴᠠᠵᠤ᠂ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ︔ ᠣᠯᠠᠨ ᠤᠯᠤᠰ ᠤᠨ ᠤᠳᠤᠷᠢᠳᠬᠤ ᠬᠥᠮᠥᠰ ᠪᠣᠯᠣᠨ ᠣᠷᠣᠰ ᠤᠨ ᠠᠷᠠᠳ ᠲᠦᠮᠡᠨ ᠲᠠᠢ ᠬᠠᠮᠲᠤ ᠪᠠᠷ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠤ ᠢᠯᠠᠯᠲᠠ ᠶᠢᠨ ᠲᠥᠯᠥᠭᠡ ᠡᠷᠡᠯᠬᠡᠭ ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ ᠪᠠᠭᠠᠲᠤᠷᠴᠤᠳ ᠢ ᠭᠦᠨ ᠮᠥᠷᠥᠭᠡᠳᠦᠨ ᠰᠠᠨᠠᠭᠠᠯᠵᠠᠵᠤ᠂ ᠣᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠴᠠᠭ ᠦᠶ᠎ᠡ ᠶᠢᠨ ᠬᠦᠴᠦᠷᠬᠡᠭ ᠳᠠᠭᠤᠨ ᠢ ᠬᠠᠮᠲᠤ ᠪᠠᠷ ᠴᠤᠤᠷᠢᠶᠠᠲᠤᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
ᠼᠠᠢ ᠴᠢ᠂ ᠸᠠᠩ ᠢ ᠵᠡᠷᠭᠡ ᠪᠠᠷ᠎ᠠ ᠪᠣᠯᠣᠭᠰᠠᠳ ᠨᠢᠰᠬᠡᠯ ᠢᠶᠠᠷ ᠬᠠᠮᠲᠤ ᠭᠦᠷᠪᠡ᠃
ᠤᠷᠤᠰ ᠲᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠵᠠᠩ ᠬᠠᠨ ᠬᠤᠢ ᠪᠠᠰᠠ ᠨᠢᠰᠬᠡᠯ ᠤᠨ ᠪᠠᠭᠤᠳᠠᠯ ᠳᠤ ᠬᠦᠷᠴᠦ ᠤᠭᠲᠤᠵᠠᠢ᠃
ᠰᠢ ᠶᠢᠨ ᠫᠢᠩ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠪᠠᠭᠤᠳᠠᠯᠯᠠᠬᠤ ᠵᠣᠴᠢᠳ ᠤᠨ ᠪᠠᠭᠤᠳᠠᠯ ᠳᠠᠭᠠᠨ ᠬᠦᠷᠬᠦ ᠵᠠᠮ ᠵᠠᠭᠤᠷ᠎ᠠ᠂ ᠲᠤᠬᠠᠢ ᠶᠢᠨ ᠭᠠᠵᠠᠷ ᠤᠨ ᠠᠷᠠᠳ ᠤᠯᠠᠨ ᠵᠢᠴᠢ ᠳᠤᠮᠳᠠᠳᠤ ᠶᠢᠨ ᠪᠡᠯᠡ ᠣᠷᠣᠭᠤᠯᠤᠭᠰᠠᠨ ᠠᠵᠤ ᠠᠬᠤᠶᠢᠯᠠᠯ ᠪᠣᠯᠣᠨ ᠭᠠᠳᠠᠭᠠᠳᠤ ᠳᠤ ᠰᠤᠷᠤᠯᠴᠠᠵᠤ ᠪᠠᠶᠢᠭ᠎ᠠ ᠰᠤᠷᠤᠬᠴᠢᠳ ᠤᠨ ᠲᠥᠯᠥᠭᠡᠯᠡᠭᠴᠢ ᠵᠠᠮ ᠤᠨ ᠬᠤᠶᠠᠷ ᠲᠠᠯ᠎ᠠ ᠳᠤ ᠴᠤᠭᠯᠠᠷᠠᠵᠤ᠂ ︽ᠲᠡᠷᠢᠭᠦᠯᠡᠭᠴᠢ ᠰᠢ ᠶᠢᠨ ᠫᠢᠩ ᠤᠨ ᠤᠷᠤᠰ ᠲᠤ ᠠᠶᠢᠯᠴᠢᠯᠠᠷ᠎ᠠ ᠢᠷᠡᠭᠰᠡᠨ ᠢ ᠪᠠᠶᠠᠷᠯᠠᠨ ᠤᠭᠲᠤᠶ᠎ᠠ︾ ᠭᠡᠬᠦ ᠮᠡᠲᠦ ᠶᠢᠨ ᠤᠯᠠᠭᠠᠨ ᠥᠩᠭᠡ ᠶᠢᠨ ᠬᠥᠨᠳᠡᠯᠡᠨ ᠪᠢᠴᠢᠭᠡᠰᠦ ᠡᠷᠭᠦᠵᠦ᠂ ᠳᠤᠮᠳᠠᠳᠤ ᠤᠷᠤᠰ ᠬᠤᠶᠠᠷ ᠤᠯᠤᠰ ᠤᠨ ᠤᠯᠤᠰ ᠤᠨ ᠲᠤᠭ ᠢ ᠬᠤᠷᠤᠶᠢᠯᠠᠵᠤ᠂ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ᠃