ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 7 ᠤ ᠴᠠᠭᠢᠯᠭᠠᠨ ᠮᠡᠳᠡᠭᠡ 5 ᠰᠠᠷ᠎ᠠ ᠶᠢᠨ 7 ᠤ ᠡᠳᠦᠷ᠂ ᠮᠣᠰᠺᠸᠠ ᠳᠤ ᠬᠦᠷᠴᠦ ᠣᠷᠣᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠡᠶᠢᠨ ᠢᠯᠠᠯᠲᠠ ᠣᠯᠣᠭᠰᠠᠨ 80 ᠵᠢᠯ ᠤᠨ ᠣᠶ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠤᠯᠴᠠᠬᠤ ᠲᠠᠰᠢᠷᠠᠮ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ︽ᠣᠷᠣᠰ ᠰᠣᠨᠢᠨ︾ ᠳᠤ ︽ᠲᠡᠦᠬᠡ ᠪᠠᠷ ᠲᠣᠯᠢ ᠪᠤᠯᠭᠠᠵᠤ ᠬᠠᠮᠲᠤ ᠪᠠᠷ ᠢᠷᠡᠭᠡᠳᠦᠢ ᠪᠠᠨ ᠴᠣᠭᠴᠠᠯᠠᠶ᠎ᠠ︾ ᠭᠡᠬᠦ ᠭᠠᠷᠴᠠᠭ ᠲᠠᠢ ᠨᠡᠷ᠎ᠡ ᠬᠠᠲᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠭᠦ ᠠᠭᠤᠯᠭ᠎ᠠ ᠨᠢ ᠳᠣᠣᠷᠠᠬᠢ ᠮᠡᠲᠦ᠄
ᠲᠡᠦᠬᠡ ᠪᠠᠷ ᠲᠣᠯᠢ ᠪᠤᠯᠭᠠᠵᠤ ᠬᠠᠮᠲᠤ ᠪᠠᠷ ᠢᠷᠡᠭᠡᠳᠦᠢ ᠪᠠᠨ ᠴᠣᠭᠴᠠᠯᠠᠶ᠎ᠠ
ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ
ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠣᠶ ᠪᠤᠯᠬᠤ ᠪᠥᠭᠡᠳ ᠪᠠᠰᠠ ᠴᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ᠃ ᠡᠨᠡ ᠬᠦ ︽ᠠᠯᠢᠮᠠᠨ ᠴᠡᠴᠡᠭᠡᠰ ᠲᠡᠭᠷᠢ ᠶᠢᠨ ᠬᠠᠶᠠᠭ᠎ᠠ ᠲᠤᠯᠲᠠᠯ᠎ᠠ ᠮᠢᠷᠠᠯᠵᠠᠨ ᠳᠡᠯᠭᠡᠷᠡᠭᠰᠡᠨ︾ ᠤᠯᠠᠷᠢᠯ ᠳᠤ᠂ ᠪᠢ ᠤᠳᠠᠯ ᠦᠭᠡᠢ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠣᠯᠴᠠᠵᠤ᠂ ᠪᠠᠭᠠᠲᠤᠷᠯᠢᠭ ᠤᠷᠤᠰ ᠤᠨ ᠠᠷᠠᠳ ᠲᠦᠮᠡᠨ ᠲᠠᠢ ᠬᠠᠮᠲᠤ ᠪᠠᠷ ᠲᠡᠦᠬᠡ ᠶᠢ ᠲᠠᠭᠢᠨ ᠡᠷᠭᠢᠴᠡᠭᠦᠯᠵᠦ᠂ ᠦᠷᠡᠭᠳᠡᠭᠰᠡᠨ ᠪᠠᠭᠠᠲᠤᠷᠴᠤᠳ ᠢ ᠳᠤᠷᠠᠰᠤᠨ ᠰᠠᠨᠠᠭᠠᠯᠵᠠᠨ᠎ᠠ᠃
10 ᠵᠢᠯ ᠤᠨ ᠡᠮᠦᠨᠡᠬᠢ ᠡᠨᠡ ᠦᠶ᠎ᠡ ᠳᠤ᠂ ᠪᠢ ᠤᠷᠤᠰ ᠲᠤ ᠬᠦᠷᠴᠦ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 70 ᠵᠢᠯ ᠤᠨ ᠤᠢ ᠶᠢ ᠪᠡᠯᠭᠡᠯᠡᠬᠦ ᠶᠣᠰᠣᠯᠠᠯ ᠳᠤ ᠣᠷᠣᠯᠴᠠᠵᠤ᠂ ᠤᠷᠤᠰ ᠤᠨ 18 ᠠᠬᠠᠮᠠᠳ ᠪᠠᠶᠢᠯᠳᠤᠭᠴᠢ ᠶᠢᠨ ᠲᠥᠯᠥᠭᠡᠯᠡᠭᠴᠢ ᠲᠠᠢ ᠲᠤᠰᠬᠠᠶᠢᠯᠠᠨ ᠠᠭᠤᠯᠵᠠᠪᠠ᠂ ᠲᠡᠳᠡ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ ᠤ ᠲᠠᠯᠠᠪᠤᠷ ᠲᠤ ᠴᠢᠰᠤ ᠪᠠᠨ ᠤᠷᠤᠰᠬᠠᠨ ᠪᠠᠶᠢᠯᠳᠤᠵᠤ ᠥᠩᠭᠡᠷᠡᠪᠡ᠃ ᠠᠬᠠᠮᠠᠳ ᠪᠠᠶᠢᠯᠳᠤᠭᠴᠢᠳ ᠤᠨ ᠬᠠᠳᠠᠨ ᠵᠣᠷᠢᠭ ᠪᠠ ᠡᠷᠡᠰ ᠪᠠᠲᠤ ᠴᠤᠭ ᠵᠢᠪᠬᠤᠭ᠎ᠠ ᠶᠢ ᠪᠢ ᠤᠳᠤ ᠪᠤᠯᠲᠠᠯ᠎ᠠ ᠮᠠᠷᠲᠠᠭ᠎ᠠ ᠦᠭᠡᠢ᠃ ᠥᠩᠭᠡᠷᠡᠭᠰᠡᠨ ᠬᠡᠳᠦᠨ ᠵᠢᠯ ᠳᠤ᠂ ᠵᠢᠶᠠᠯᠢᠶᠧᠹ ᠠᠬᠠᠯᠠᠭᠴᠢ ᠭᠧᠨᠧᠷᠡᠯ᠂ ᠱᠦᠳᠧᠯᠦᠸᠧ ᠬᠤᠰᠢᠭᠤᠴᠢ ᠭᠧᠨᠧᠷᠡᠯ ᠵᠡᠷᠭᠡ ᠠᠬᠠᠮᠠᠳ ᠪᠠᠶᠢᠯᠳᠤᠭᠴᠢ ᠤᠷᠢᠳ ᠬᠤᠵᠢᠳ ᠨᠠᠰᠤ ᠪᠠᠷᠠᠵᠠᠢ᠂ ᠪᠢ ᠲᠡᠳᠡᠨ ᠢ ᠲᠤᠶᠢᠯ ᠢᠶᠠᠷ ᠳᠤᠷᠠᠰᠤᠨ ᠰᠠᠨᠠᠭᠠᠯᠵᠠᠵᠤ ᠪᠠᠶᠢᠨ᠎ᠠ᠃ ᠭᠧᠨᠧᠷᠡᠯ ᠠᠴᠠ ᠠᠪᠤᠭᠠᠳ ᠡᠩ ᠤᠨ ᠪᠠᠶᠢᠯᠳᠤᠭᠴᠢ ᠭᠦᠷᠲᠡᠯ᠎ᠡ᠂ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠶᠢ ᠣᠯᠬᠤ ᠳᠤ ᠭᠠᠷᠮᠠᠭᠠᠢ ᠭᠠᠪᠢᠶ᠎ᠠ ᠪᠠᠶᠢᠭᠤᠯᠤᠭᠰᠠᠨ ᠪᠤᠢ ᠪᠦᠬᠦᠢ ᠠᠬᠠᠮᠠᠳ ᠪᠠᠶᠢᠯᠳᠤᠭᠴᠢ ᠶᠢ ᠪᠢᠳᠡ ᠬᠡᠵᠢᠶᠡᠳᠡ ᠮᠠᠷᠲᠠᠬᠤ ᠦᠭᠡᠢ ᠶᠤᠮ︕ ᠪᠠᠭᠠᠲᠤᠷᠴᠤᠳ ᠪᠠᠯᠠᠷᠠᠰᠢ ᠦᠭᠡᠢ᠂ ᠲᠥᠪ ᠶᠣᠰᠣ ᠮᠥᠩᠬᠡ ᠣᠷᠣᠰᠢᠨ᠎ᠠ︕
ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠤ ᠳᠤᠮᠳᠠ᠂ ᠳᠤᠮᠳᠠᠳᠤ ᠣᠷᠣᠰ ᠬᠤᠶᠠᠷ ᠤᠯᠤᠰ ᠤᠨ ᠠᠷᠠᠳ ᠲᠦᠮᠡᠨ ᠮᠥᠷᠥ ᠵᠡᠷᠭᠡᠴᠡᠨ ᠪᠠᠶᠢᠯᠳᠤᠵᠤ᠂ ᠬᠠᠷᠢᠯᠴᠠᠨ ᠳᠡᠮᠵᠢᠯᠴᠡᠪᠡ᠃ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ ᠤ ᠬᠦᠴᠢᠷ ᠪᠡᠷᠬᠡᠰᠢᠶᠡᠯᠲᠦ ᠴᠠᠭ ᠮᠥᠴᠡ ᠳᠤ᠂ ᠵᠥᠪᠯᠡᠯᠲᠦ ᠶᠢᠨ ᠳᠤᠮᠳᠠᠳᠤ ᠶᠢ ᠲᠤᠰᠠᠯᠠᠭᠰᠠᠨ ᠠᠭᠠᠷ ᠤᠨ ᠠᠩᠭᠢ ᠨᠠᠨᠵᠢᠩ᠂ ᠦᠬᠠᠨ᠂ ᠴᠦᠩᠴᠢᠩ ᠵᠡᠷᠭᠡ ᠭᠠᠵᠠᠷ ᠲᠤ ︽ᠡᠷᠡᠯᠬᠡᠭ ᠪᠦᠷᠭᠦᠳ ᠮᠡᠲᠦ ᠪᠠᠷ ᠣᠭᠲᠠᠷᠭᠤᠢ ᠳᠤ ᠳᠡᠭᠦᠯᠢᠨ ᠨᠢᠰᠴᠦ︾᠂ ᠶᠠᠫᠤᠨ ᠳᠡᠭᠡᠷᠡᠮ ᠢ ᠬᠤᠷᠢᠭᠯᠠᠨ ᠴᠣᠬᠢᠵᠤ᠂ ᠮᠠᠰᠢ ᠤᠯᠠᠨ ᠨᠢᠰᠬᠡᠯᠴᠢ ᠡᠷᠬᠢᠮ ᠨᠠᠨᠳᠢᠨ ᠠᠮᠢ ᠨᠠᠰᠤ ᠪᠠᠨ ᠵᠣᠷᠢᠭᠤᠯᠪᠠ᠃ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠳᠠᠶᠢᠨ ᠤ ᠬᠠᠮᠤᠭ ᠤᠨ ᠲᠦᠭᠰᠢᠭᠦᠷᠢᠲᠡᠢ ᠵᠠᠩᠭᠢᠯᠠᠭ᠎ᠠ ᠶᠢᠨ ᠦᠶ᠎ᠡ ᠳᠤ᠂ ︽ᠳᠣᠷᠣᠨᠠᠳᠠᠬᠢᠨ ᠤ ᠽᠦᠷᠭᠧ︾ — ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠤᠴᠠ ᠪᠠᠷ ᠲᠡᠮᠡᠴᠡᠭᠰᠡᠨ ᠰᠢᠯᠢᠳᠡᠭ ᠠᠵᠢᠯᠲᠠᠨ ᠶᠠᠨ ᠪᠦᠦ ᠬᠠᠩ ᠵᠥᠪᠯᠡᠯᠲᠦ ᠳᠤ ᠠᠩᠬᠠᠨ ᠤ ᠨᠢᠭᠤᠴᠠ ᠮᠡᠳᠡᠭᠡ ᠶᠢ ᠬᠠᠩᠭᠠᠵᠤ ᠪᠠᠶᠢᠪᠠ᠃ ᠳᠠᠶᠢᠨ ᠤ ᠭᠠᠯ ᠳᠦᠷᠡᠯᠵᠡᠭᠰᠡᠨ ᠣᠨ ᠵᠢᠯ ᠤᠳ ᠲᠤ᠂ ᠵᠥᠪᠯᠡᠯᠲᠦ ᠠᠴᠠ ᠳᠤᠮᠳᠠᠳᠤ ᠤᠯᠤᠰ ᠲᠤ ᠶᠡᠭᠡ ᠬᠡᠮᠵᠢᠶᠡᠨ ᠤ ᠵᠡᠪᠰᠡᠭ ᠲᠣᠨᠣᠭᠯᠠᠯ ᠬᠠᠩᠭᠠᠭᠰᠠᠨ ᠪᠥᠭᠡᠳ ᠳᠤᠮᠳᠠᠳᠤ ᠤᠯᠤᠰ ᠴᠤ ᠵᠥᠪᠯᠡᠯᠲᠦ ᠳᠤ ᠪᠠᠴᠢᠮ ᠬᠡᠷᠡᠭᠰᠡᠬᠦ ᠪᠠᠶᠢᠯᠳᠤᠬᠤ ᠪᠣᠳᠣᠯᠭ᠎ᠠ ᠶᠢᠨ ᠡᠳ᠋ ᠪᠣᠳᠠᠰ ᠬᠦᠷᠭᠡᠵᠦ᠂ ᠬᠤᠶᠠᠷ ᠤᠯᠤᠰ ᠭᠠᠷ ᠬᠤᠯᠪᠣᠨ ᠶᠡᠭᠡ ᠡᠯᠡᠰᠦᠨ ᠭᠤᠪᠢ ᠳᠤ ᠨᠢᠭᠡᠨ ᠵᠤᠷᠪᠤᠰ ᠤᠯᠠᠨ ᠤᠯᠤᠰ ᠤᠨ ︽ᠠᠮᠢ ᠨᠠᠰᠤᠨ ᠤ ᠵᠠᠮ︾ ᠢ ᠨᠡᠭᠡᠭᠡᠵᠦ᠂ ᠲᠤᠰ ᠲᠤᠰ ᠤᠨ ᠢᠶᠠᠨ ᠹᠠᠱᠢᠰ ᠢ ᠡᠰᠡᠷᠭᠦᠴᠡᠬᠦ ᠲᠠᠶᠢᠨ ᠢ ᠬᠠᠷᠢᠯᠴᠠᠨ ᠳᠡᠮᠵᠢᠬᠦ ᠳᠤ ᠴᠢᠬᠤᠯᠠ ᠦᠢᠯᠡᠳᠦᠯ ᠦᠵᠡᠭᠦᠯᠪᠡ᠃ ᠬᠤᠶᠠᠷ ᠤᠯᠤᠰ ᠤᠨ ᠠᠷᠠᠳ ᠲᠦᠮᠡᠨ ᠤ ᠠᠷᠢᠭᠤᠨ ᠴᠢᠰᠤ ᠠᠮᠢ ᠨᠠᠰᠤ ᠪᠠᠷ ᠢᠶᠠᠨ ᠪᠠᠶᠢᠭᠤᠯᠤᠭᠰᠠᠨ ᠭᠦᠨ ᠵᠤᠵᠠᠭᠠᠨ ᠨᠥᠬᠦᠷᠯᠡᠯ ᠨᠢ ᠬᠠᠳᠤᠨ ᠭᠤᠣᠯ ᠤᠨ ᠤᠰᠤ ᠰᠢᠭ᠋ ᠰᠢᠷᠭᠢᠰᠢ ᠦᠭᠡᠢ ᠳᠠᠪᠠᠯᠭᠠᠯᠠᠨ ᠤᠷᠤᠰᠴᠤ᠂ ᠸᠣᠯᠭ᠎ᠠ ᠮᠥᠷᠡᠨ ᠤ ᠤᠰᠤ ᠮᠡᠲᠦ ᠥᠷᠭᠡᠨ ᠠᠭᠤᠳᠠᠮ ᠭᠦᠨ ᠪᠠᠶᠢᠵᠤ᠂ ᠳᠤᠮᠳᠠᠳᠤ ᠤᠷᠤᠰ ᠤᠨ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠶᠢᠨ ᠰᠢᠷᠭᠢᠰᠢ ᠦᠭᠡᠢ ᠡᠬᠢ ᠪᠤᠯᠠᠭ ᠪᠣᠯᠤᠭᠰᠠᠨ ᠪᠠᠶᠢᠨ᠎ᠠ᠃
80 ᠵᠢᠯ ᠤᠨ ᠡᠮᠦᠨ᠎ᠡ᠂ ᠳᠤᠮᠳᠠᠳᠤ ᠤᠯᠤᠰ᠂ ᠵᠥᠪᠯᠡᠯᠲᠦ ᠶᠢ ᠪᠠᠭᠲᠠᠭᠠᠭᠰᠠᠨ ᠪᠦᠭᠦ ᠳᠡᠯᠡᠬᠡᠢ ᠶᠢᠨ ᠰᠢᠳᠤᠷᠭᠤ ᠶᠣᠰᠣᠨ ᠤ ᠬᠦᠴᠦᠨ ᠬᠠᠷᠭᠢᠰ ᠳᠠᠶᠢᠰᠤᠨ ᠢ ᠬᠠᠮᠲᠤ ᠪᠠᠷ ᠡᠰᠡᠷᠭᠦᠴᠡᠵᠦ᠂ ᠡᠷᠡᠯᠬᠡᠭ ᠪᠠᠭᠠᠲᠤᠷᠯᠢᠭ ᠢᠶᠠᠷ ᠪᠠᠶᠢᠯᠳᠤᠵᠤ᠂ ᠮᠥᠷᠥ ᠵᠡᠷᠭᠡᠴᠡᠨ ᠨᠢᠭᠡ ᠦᠶ᠎ᠡ ᠰᠠᠭᠰᠠᠭᠤᠷᠠᠨ ᠠᠭᠠᠰᠢᠯᠠᠵᠤ ᠪᠠᠶᠢᠭᠰᠠᠨ ᠹᠠᠱᠢᠰ ᠤᠨ ᠬᠦᠴᠦᠨ ᠢ ᠪᠠᠶᠢᠯᠳᠤᠨ ᠢᠯᠠᠪᠠ᠃ 80 ᠵᠢᠯ ᠤᠨ ᠳᠠᠷᠠᠭᠠᠬᠢ ᠥᠨᠥᠳᠥᠷ᠂ ᠭᠠᠭᠴᠠ ᠲᠠᠯᠠᠲᠤ ᠦᠵᠡᠯ᠂ ᠡᠵᠡᠷᠬᠡᠬᠦ ᠦᠵᠡᠯ᠂ ᠡᠵᠡᠷᠬᠡᠭ ᠶᠣᠰᠣᠨ ᠤ ᠡᠵᠡᠷᠬᠡᠭ ᠠᠵᠢᠯᠯᠠᠭ᠎ᠠ ᠶᠢᠨ ᠬᠤᠣᠷ ᠬᠥᠨᠥᠭᠡᠯ ᠬᠦᠨᠳᠦ ᠨᠣᠴᠢᠲᠠᠢ ᠪᠠᠶᠢᠵᠤ᠂ ᠬᠥᠮᠥᠨ ᠲᠥᠷᠥᠯᠬᠢᠲᠡᠨ ᠪᠠᠰᠠ ᠨᠢᠭᠡ ᠤᠳᠠᠭ᠎ᠠ ᠪᠦᠯᠬᠦᠮᠳᠡᠬᠦ ᠦᠦ ᠡᠰᠡᠬᠦᠯ᠎ᠡ ᠬᠠᠭᠠᠴᠠᠬᠤ ᠤᠤ᠂ ᠶᠠᠷᠢᠯᠴᠠᠬᠤ ᠦᠦ ᠡᠰᠡᠬᠦᠯ᠎ᠡ ᠡᠰᠡᠷᠭᠦᠴᠡᠯᠳᠦᠬᠦ ᠤᠤ᠂ᠬᠠᠮᠲᠤ ᠪᠠᠷ ᠠᠰᠢᠭ ᠭᠦᠷᠳᠡᠭᠦ ᠦᠦ ᠡᠰᠡᠬᠦᠯ᠎ᠡ ᠦᠯᠤ ᠡᠪᠰᠡᠬᠦ ᠤᠤ ᠭᠡᠬᠦ ᠠᠰᠠᠭᠤᠯᠳᠠ ᠶᠢᠨ ᠲᠣᠨᠣᠯᠵᠢᠨ ᠵᠠᠮ ᠳᠤ ᠵᠣᠭᠰᠣᠪᠠ᠃ ᠤᠷᠤᠰ ᠤᠨ ᠠᠭᠤᠤ ᠶᠡᠭᠡ ᠵᠣᠬᠢᠶᠠᠯᠴᠢ ᠯᠧ · ᠲᠤᠯᠰᠲ᠋ᠤᠢ ︽ᠳᠠᠶᠢᠨ ᠪᠠ ᠡᠩᠬᠡ ᠲᠠᠶᠢᠪᠤᠩ︾ ᠭᠡᠬᠦ ᠵᠣᠬᠢᠶᠠᠯ ᠳᠠᠭᠠᠨ᠄ ︽ᠲᠡᠦᠬᠡ ᠪᠣᠯ ᠤᠯᠤᠰ ᠪᠠ ᠬᠥᠮᠥᠨ ᠲᠥᠷᠥᠯᠬᠢᠲᠡᠨ ᠤ ᠨᠠᠮᠲᠠᠷ ᠮᠥᠨ︾ ᠭᠡᠵᠦ ᠪᠢᠴᠢᠭᠰᠡᠨ ᠪᠢᠯᠡ᠃ ᠲᠡᠦᠬᠡ ᠶᠢᠨ ᠳᠤᠷᠠᠰᠤᠮᠵᠢ ᠪᠣᠯᠣᠨ ᠦᠨᠡᠨ ᠬᠡᠷᠡᠭ ᠶᠠᠪᠤᠳᠠᠯ ᠨᠢ ᠣᠨ ᠰᠠᠷ᠎ᠠ ᠶᠢᠨ ᠥᠩᠭᠡᠷᠡᠬᠦ ᠶᠢ ᠳᠠᠭᠠᠯᠳᠤᠨ ᠥᠩᠭᠡ ᠬᠤᠪᠢᠷᠠᠬᠤ ᠦᠭᠡᠢ ᠶᠤᠮ᠂ ᠪᠢᠳᠡᠨ ᠳᠤ ᠥᠭᠭᠦᠭᠰᠡᠨ ᠰᠡᠩᠬᠡᠷᠡᠭᠦᠯᠦᠯ ᠨᠢ ᠥᠨᠢ ᠡᠭᠦᠷᠢᠳᠡ ᠪᠣᠳᠠᠲᠤ ᠠᠬᠤᠢ ᠶᠢ ᠲᠤᠰᠬᠠᠵᠤ᠂ ᠢᠷᠡᠭᠡᠳᠦᠢ ᠶᠢ ᠪᠡᠯᠭᠡᠳᠡᠵᠦ ᠪᠠᠶᠢᠳᠠᠭ᠃ ᠪᠢᠳᠡ ᠲᠡᠦᠬᠡ ᠪᠠᠷ ᠲᠣᠯᠢ ᠪᠤᠯᠭᠠᠵᠤ᠂ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠭᠦᠨᠵᠡᠭᠡᠢ ᠰᠤᠷᠭᠠᠮᠵᠢ ᠪᠣᠯᠣᠨ ᠹᠠᠱᠢᠰ ᠢ ᠡᠰᠡᠷᠭᠦᠴᠡᠬᠦ ᠲᠠᠶᠢᠨ ᠤ ᠠᠭᠤᠤ ᠶᠡᠭᠡ ᠢᠯᠠᠯᠲᠠ ᠠᠴᠠ ᠤᠶᠤᠨ ᠤᠬᠠᠭᠠᠨ ᠪᠠ ᠬᠦᠴᠦᠨ ᠴᠢᠳᠠᠯ ᠣᠯᠵᠤ᠂ ᠠᠯᠢᠪᠠ ᠭᠡᠯᠪᠡᠷᠢ ᠶᠢᠨ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ᠃
— ᠪᠢᠳᠡ ᠳᠡᠯᠡᠬᠡᠢ ᠶᠢᠨ ᠬᠤᠶᠠᠳᠤᠭᠠᠷ ᠶᠡᠭᠡ ᠳᠠᠶᠢᠨ ᠤ ᠲᠤᠬᠠᠢ ᠵᠥᠪ ᠲᠡᠦᠬᠡ ᠶᠢᠨ ᠦᠵᠡᠯᠲᠡ ᠶᠢ ᠪᠠᠷᠢᠮᠲᠠᠯᠠᠶ᠎ᠠ᠃ ᠳᠤᠮᠳᠠᠳᠤ ᠤᠯᠤᠰ᠂ ᠵᠥᠪᠯᠡᠯᠲᠦ ᠲᠤᠰ ᠲᠤᠰ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠠᠽᠢᠶ᠎ᠠ ᠲᠢᠪ ᠪᠣᠯᠣᠨ ᠡᠸᠦ᠋ᠷᠦᠫᠡ ᠲᠢᠪ ᠤᠨ ᠭᠤᠣᠯ ᠲᠠᠶᠢᠨ ᠤ ᠲᠠᠯᠠᠪᠤᠷ ᠪᠣᠯᠤᠭᠰᠠᠨ ᠤ ᠬᠤᠪᠢ ᠳᠤ᠂ ᠶᠠᠫᠤᠨ ᠤ ᠴᠡᠷᠢᠭᠯᠡᠬᠦ ᠦᠵᠡᠯ ᠪᠣᠯᠣᠨ ᠭᠧᠷᠮᠠᠨ ᠤ ᠨᠠᠼᠢᠰ ᠦᠵᠡᠯ ᠢ ᠡᠰᠡᠷᠭᠦᠴᠡᠬᠦ ᠭᠤᠣᠯ ᠲᠤᠯᠭᠠᠭᠤᠷᠢ ᠪᠣᠯᠵᠤ᠂ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠣᠯᠬᠤ ᠳᠤ ᠰᠢᠢᠳᠪᠦᠷᠢᠯᠡᠭᠴᠢ ᠴᠢᠨᠠᠷᠲᠠᠢ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠡᠬᠢᠯᠡᠭᠰᠡᠨ ᠴᠠᠭ ᠨᠢ ᠬᠠᠮᠤᠭ ᠤᠨ ᠡᠷᠲᠡ᠂ ᠦᠷᠭᠦᠯᠵᠢᠯᠡᠭᠰᠡᠨ ᠴᠠᠭ ᠨᠢ ᠬᠠᠮᠤᠭ ᠤᠨ ᠤᠷᠲᠤ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠨᠠᠭᠠᠴᠢᠯᠠᠨ ᠪᠠᠶᠢᠭᠤᠯᠤᠭᠰᠠᠨ ᠶᠠᠫᠤᠨ ᠢ ᠡᠰᠡᠷᠭᠦᠴᠡᠬᠦ ᠦᠨᠳᠦᠰᠦᠲᠡᠨ ᠤ ᠨᠢᠭᠡᠳᠦᠮᠡᠯ ᠹᠷᠣᠨᠲ ᠤᠨ ᠲᠤᠭ ᠤᠨ ᠳᠣᠣᠷ᠎ᠠ᠂ ᠳᠤᠮᠳᠠᠳᠤ ᠶᠢᠨ ᠬᠥᠪᠡᠭᠦᠳ ᠥᠬᠢᠳ ᠡᠮᠦᠨᠡᠬᠢ ᠨᠢ ᠤᠨᠠᠲᠠᠯ᠎ᠠ ᠬᠤᠶᠢᠨᠠᠬᠢ ᠨᠢ ᠵᠠᠯᠭᠠᠮᠵᠢᠯᠠᠵᠤ᠂ ᠰᠡᠳᠬᠢᠯ ᠢᠶᠠᠨ ᠨᠢᠭᠡᠳᠬᠡᠵᠦ᠂ ᠯᠤᠲᠤ ᠶᠡᠭᠡ ᠦᠷᠡᠭᠳᠡᠯ ᠭᠠᠷᠭᠠᠵᠤ ᠲᠤᠶᠢᠯ ᠤᠨ ᠬᠠᠷᠭᠢᠰ ᠬᠡᠷᠴᠡᠭᠡᠢ ᠶᠠᠫᠤᠨ ᠤ ᠴᠡᠷᠢᠭᠯᠡᠬᠦ ᠦᠵᠡᠯᠲᠡᠳ ᠢ ᠴᠣᠬᠢᠨ ᠢᠯᠠᠵᠤ᠂ ᠶᠠᠫᠤᠨ ᠢ ᠡᠰᠡᠷᠭᠦᠴᠡᠬᠦ ᠳᠠᠶᠢᠨ ᠤ ᠢᠯᠠᠯᠲᠠ ᠶᠢᠨ ᠠᠭᠤᠤ ᠶᠡᠭᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ ᠡᠸᠦ᠋ᠷᠦᠫᠡ ᠲᠢᠪ ᠤᠨ ᠲᠠᠶᠢᠨ ᠤ ᠲᠠᠯᠠᠪᠤᠷ ᠲᠤ᠂ ᠵᠥᠪᠯᠡᠯᠲᠦ ᠶᠢᠨ ᠤᠯᠠᠭᠠᠨ ᠴᠡᠷᠢᠭ ᠬᠠᠳᠠᠨ ᠪᠠᠲᠤ ᠵᠣᠷᠢᠭ ᠢᠶᠠᠷ ᠪᠣᠯᠣᠳ ᠲᠡᠮᠦᠷ ᠮᠡᠲᠦ ᠬᠦᠴᠦᠲᠦ ᠤᠷᠤᠰᠬᠠᠯ ᠢ ᠳᠠᠪᠲᠠᠨ ᠪᠤᠯᠪᠠᠰᠤᠷᠠᠭᠤᠯᠵᠤ᠂ ᠨᠠᠼᠢᠰ ᠤᠨ ᠲᠦᠷᠢᠮᠡᠬᠡᠶᠢᠯᠡᠭᠴᠢᠳ ᠤᠨ ᠵᠡᠷᠯᠢᠭ ᠰᠠᠨᠠᠭ᠎ᠠ ᠶᠢ ᠰᠦᠢᠷᠡᠭᠦᠯᠵᠦ᠂ ᠭᠧᠷᠮᠠᠨ ᠤ ᠹᠠᠱᠢᠰ ᠲᠤ ᠪᠣᠭᠤᠯᠴᠢᠯᠠᠭᠳᠠᠭᠰᠠᠨ ᠠᠷᠠᠳ ᠲᠦᠮᠡᠨ ᠢ ᠴᠢᠯᠦᠭᠡᠯᠡᠵᠦ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ ᠢᠯᠠᠯᠲᠠ ᠶᠢᠨ ᠢᠷᠠᠭᠤ ᠭᠠᠶᠢᠬᠠᠮᠰᠢᠭᠲᠤ ᠲᠤᠤᠯᠢᠰ ᠢ ᠪᠢᠴᠢᠭᠯᠡᠪᠡ᠃
ᠭᠡᠭᠡᠨ ᠰᠠᠷᠠᠭᠤᠯ ᠯᠠᠪᠲᠠᠢ ᠪᠠᠯᠠᠷ ᠬᠠᠷᠠᠩᠭᠤᠢ ᠶᠢ ᠦᠯᠳᠠᠵᠤ᠂ ᠰᠢᠳᠤᠷᠭᠤ ᠶᠣᠰᠣ ᠡᠴᠦᠰ ᠲᠡᠭᠡᠨ ᠭᠠᠵᠢᠭᠤ ᠪᠤᠷᠤᠭᠤ ᠶᠢ ᠢᠯᠠᠨ᠎ᠠ ᠭᠡᠳᠡᠭ ᠢ ᠲᠡᠦᠬᠡ ᠪᠢᠳᠡᠨ ᠳᠤ ᠬᠡᠯᠡᠵᠦ ᠥᠭᠪᠡ᠃ ᠨᠢᠦᠶᠢᠷᠧᠨ᠋ᠪᠦ᠋ᠷᠡᠭ ᠤᠨ ᠤᠯᠠᠨ ᠤᠯᠤᠰ ᠤᠨ ᠴᠡᠷᠢᠭ ᠤᠨ ᠶᠠᠪᠤᠳᠠᠯ ᠤᠨ ᠰᠢᠭᠦᠬᠦ ᠲᠢᠩᠬᠢᠮ᠂ ᠠᠯᠤᠰ ᠳᠣᠷᠣᠨᠠᠲᠤ ᠶᠢᠨ ᠤᠯᠠᠨ ᠤᠯᠤᠰ ᠤᠨ ᠴᠡᠷᠢᠭ ᠤᠨ ᠶᠠᠪᠤᠳᠠᠯ ᠤᠨ ᠰᠢᠭᠦᠬᠦ ᠲᠢᠩᠬᠢᠮ ᠲᠠᠶᠢᠨ ᠤ ᠶᠠᠯᠠᠳᠡᠨ ᠢ ᠲᠡᠦᠬᠡ ᠶᠢᠨ ᠭᠤᠲᠤᠮᠰᠢᠭ ᠤᠨ ᠪᠠᠭᠠᠨ᠎ᠠ ᠳᠡᠭᠡᠷ᠎ᠡ ᠡᠭᠦᠷᠢᠳᠡ ᠬᠠᠳᠠᠵᠤ ᠲᠠᠯᠪᠢᠪᠠ᠂ ᠡᠨᠡ ᠬᠤᠶᠠᠷ ᠤᠳᠠᠭ᠎ᠠ ᠶᠢᠨ ᠶᠡᠭᠡ ᠰᠢᠭᠦᠨ ᠲᠠᠰᠤᠯᠤᠯᠳᠠ ᠶᠢᠨ ᠰᠢᠳᠤᠷᠭᠤ ᠶᠣᠰᠣᠨ ᠤ ᠰᠢᠨᠵᠢ ᠴᠢᠨᠠᠷ᠂ ᠲᠡᠦᠬᠡ ᠶᠢᠨ ᠦᠨ᠎ᠡ ᠦᠷᠳᠡᠭ᠂ ᠴᠠᠭ ᠦᠶ᠎ᠡ ᠶᠢᠨ ᠠᠴᠢ ᠬᠤᠯᠪᠣᠭᠳᠠᠯ ᠪᠣᠯ ᠭᠤᠶᠢᠪᠢᠰᠢ ᠦᠭᠡᠢ ᠶᠤᠮ︕ ᠳᠡᠯᠡᠬᠡᠢ ᠶᠢᠨ ᠬᠤᠶᠠᠳᠤᠭᠠᠷ ᠲᠠᠶᠢᠨ ᠤ ᠲᠡᠦᠬᠡ ᠶᠢᠨ ᠦᠨᠡᠨ ᠢ ᠭᠠᠵᠢᠭᠤᠳᠠᠭᠤᠯᠵᠤ᠂ ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠦᠭᠡᠶᠢᠰᠬᠡᠵᠦ᠂ ᠳᠤᠮᠳᠠᠳᠤ ᠵᠥᠪᠯᠡᠯᠲᠦ ᠶᠢᠨ ᠲᠡᠦᠬᠡᠨ ᠭᠠᠪᠢᠶ᠎ᠠ ᠵᠢᠳᠬᠦᠯ ᠢ ᠭᠤᠲᠤᠭᠠᠬᠤ ᠭᠡᠰᠡᠨ ᠠᠯᠢᠪᠠ ᠭᠤᠷᠢᠳᠠᠯᠭ᠎ᠠ ᠴᠥᠮ ᠪᠡᠶᠡᠯᠡᠭᠳᠡᠬᠦ ᠦᠭᠡᠢ ᠶᠤᠮ︕ ᠲᠡᠦᠬᠡ ᠶᠢ ᠤᠬᠤᠷᠢᠭᠤᠯᠬᠤ ᠶᠠᠮᠠᠷᠪᠠ ᠠᠵᠢᠯᠯᠠᠭ᠎ᠠ ᠶᠢ ᠳᠤᠮᠳᠠᠳᠤ ᠤᠷᠤᠰ ᠬᠤᠶᠠᠷ ᠤᠯᠤᠰ ᠤᠨ ᠠᠷᠠᠳ ᠲᠦᠮᠡᠨ ᠵᠥᠪᠰᠢᠶᠡᠷᠡᠬᠦ ᠦᠭᠡᠢ ᠪᠠᠷ ᠪᠠᠷᠠᠬᠤ ᠦᠭᠡᠢ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠴᠦ ᠵᠥᠪᠰᠢᠶᠡᠷᠡᠬᠦ ᠦᠭᠡᠢ ᠶᠤᠮ︕
— ᠪᠢᠲᠠ ᠳᠠᠶᠢᠨ ᠤ ᠳᠠᠷᠠᠭᠠᠬᠢ ᠣᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠶ᠎ᠠ᠃ ᠳᠡᠯᠡᠬᠡᠢ ᠶᠢᠨ ᠬᠤᠶᠠᠳᠤᠭᠠᠷ ᠲᠠᠶᠢᠨ ᠳᠠᠭᠤᠰᠬᠤ ᠠᠴᠠ ᠡᠮᠦᠨ᠎ᠡ ᠬᠤᠶᠢᠨᠠᠬᠢ ᠳᠡᠯᠡᠬᠡᠢ ᠨᠡᠶᠢᠲᠡ ᠶᠢᠨ ᠲᠣᠭᠲᠠᠭᠠᠭᠰᠠᠨ ᠬᠠᠮᠤᠭ ᠤᠨ ᠴᠢᠬᠤᠯᠠ ᠲᠣᠭᠲᠠᠭᠠᠯ ᠪᠣᠯ ᠳᠠᠷᠤᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢ ᠪᠠᠶᠢᠭᠤᠯᠬᠤ ᠶᠠᠪᠤᠳᠠᠯ ᠪᠣᠯᠣᠨ᠎ᠠ᠃ ᠳᠤᠮᠳᠠᠳᠤ ᠤᠯᠤᠰ ᠪᠣᠯᠣᠨ ᠵᠥᠪᠯᠡᠯᠲᠦ ᠬᠠᠮᠤᠭ ᠤᠨ ᠲᠦᠷᠦᠭᠦᠨ ᠳᠤ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ︾ ᠳᠡᠭᠡᠷ᠎ᠡ ᠭᠠᠷ ᠤᠨ ᠦᠰᠦᠭ ᠵᠢᠷᠤᠪᠠ᠂ ᠬᠤᠶᠠᠷ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠳᠠᠬᠢ ᠪᠠᠶᠢᠩᠭᠤ ᠶᠢᠨ ᠬᠡᠷᠡᠭ ᠡᠷᠭᠢᠯᠡᠭᠴᠢ ᠤᠯᠤᠰ ᠪᠤᠯᠬᠤ ᠪᠠᠶᠢᠷᠢ ᠰᠠᠭᠤᠷᠢ ᠪᠣᠯ ᠲᠡᠦᠬᠡ ᠠᠴᠠ ᠪᠦᠷᠢᠯᠳᠦᠭᠰᠡᠨ ᠶᠤᠮ᠂ ᠠᠷᠢᠭᠤᠨ ᠴᠢᠰᠤ ᠪᠠ ᠠᠮᠢ ᠨᠠᠰᠤ ᠪᠠᠷ ᠢᠶᠠᠨ ᠰᠣᠯᠢᠵᠤ ᠠᠪᠴᠢᠷᠠᠭᠰᠠᠨ ᠶᠤᠮ᠃ ᠳᠡᠯᠡᠬᠡᠢ ᠶᠢᠨ ᠪᠠᠶᠢᠳᠠᠯ ᠬᠡᠳᠦᠢ ᠤᠷᠪᠠᠭᠠᠨ ᠬᠥᠷᠪᠡᠭᠡᠨ ᠲᠠᠢ ᠪᠤᠯᠬᠤ ᠲᠤᠳᠤᠮ᠂ ᠪᠢᠳᠡ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠢ ᠤᠯᠠᠮ ᠪᠠᠷᠢᠮᠲᠠᠯᠠᠨ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ᠂ ᠤᠯᠠᠨ ᠤᠯᠤᠰ ᠤᠨ ᠬᠠᠤᠯᠢ ᠳᠤ ᠰᠠᠭᠤᠷᠢᠯᠠᠭᠰᠠᠨ ᠤᠯᠠᠨ ᠤᠯᠤᠰ ᠤᠨ ᠡᠮᠬᠢ ᠳᠢᠭᠯᠢᠮ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠤᠯᠭᠠᠬᠰᠠᠨ ᠤᠯᠠᠨ ᠤᠯᠤᠰ ᠤᠨ ᠬᠠᠷᠢᠴᠠᠭᠠᠨ ᠤ ᠦᠨᠳᠦᠰᠦᠨ ᠪᠠᠷᠢᠮᠵᠢᠶ᠎ᠠ ᠶᠢ ᠡᠷᠡᠰ ᠬᠠᠮᠠᠭᠠᠯᠠᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠤᠶᠢᠯᠵᠢᠯᠳᠠ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠦᠷᠭᠦᠯᠵᠢᠯᠡᠨ ᠠᠬᠢᠭᠤᠯᠤᠶ᠎ᠠ᠃
ᠡᠨᠡ ᠵᠢᠯ ᠪᠣᠯ ᠮᠥᠨ ᠴᠤ ᠲᠠᠶᠢᠸᠠᠨ ᠢ ᠡᠭᠡᠭᠦᠯᠦᠨ ᠠᠪᠤᠭᠰᠠᠨ 80 ᠵᠢᠯ ᠤᠨ ᠣᠶ ᠪᠣᠯᠣᠨ᠎ᠠ᠃ ᠲᠠᠶᠢᠸᠠᠨ ᠳᠤᠮᠳᠠᠳᠤ ᠤᠯᠤᠰ ᠲᠤ ᠪᠤᠴᠠᠵᠤ ᠢᠷᠡᠭᠰᠡᠨ ᠶᠠᠪᠤᠳᠠᠯ ᠪᠣᠯ ᠳᠡᠯᠡᠬᠡᠢ ᠶᠢᠨ ᠬᠤᠶᠠᠳᠤᠭᠠᠷ ᠳᠠᠶᠢᠨ ᠤ ᠢᠯᠠᠯᠲᠠ ᠶᠢᠨ ᠦᠷ᠎ᠡ ᠪᠦᠲᠦᠭᠡᠯ ᠪᠠ ᠳᠠᠶᠢᠨ ᠤ ᠳᠠᠷᠠᠭᠠᠬᠢ ᠣᠯᠠᠨ ᠤᠯᠤᠰ ᠤᠨ ᠡᠮᠬᠢ ᠳᠢᠭᠯᠢᠮ ᠤᠨ ᠴᠢᠬᠤᠯᠠ ᠪᠦᠷᠢᠯᠳᠦᠭᠦᠨ ᠬᠡᠰᠡᠭ ᠮᠥᠨ᠃ ︽ᠺᠠᠶᠢᠷᠤ᠋ ᠶᠢᠨ ᠲᠤᠩᠬᠠᠭ︾᠂ ︽ᠫᠤᠼᠳᠠᠮ ᠤᠨ ᠠᠯᠪᠠᠨ ᠵᠠᠷᠯᠠᠯ︾ ᠵᠡᠷᠭᠡ ᠤᠯᠠᠨ ᠤᠯᠤᠰ ᠤᠨ ᠬᠠᠤᠯᠢ ᠶᠢᠨ ᠬᠦᠴᠦᠨ ᠪᠦᠬᠦᠢ ᠠᠯᠢ ᠤᠯᠠᠨ ᠪᠢᠴᠢᠭ ᠮᠠᠲ᠋ᠧᠷᠢᠶᠠᠯ ᠳᠤ ᠴᠥᠮ ᠳᠤᠮᠳᠠᠳᠤ ᠤᠯᠤᠰ ᠤᠨ ᠲᠠᠶᠢᠸᠠᠨ ᠳᠠᠬᠢ ᠡᠷᠬᠡ ᠮᠡᠳᠡᠯ ᠢ ᠨᠤᠲᠠᠯᠠᠪᠠ᠂ ᠲᠡᠭᠦᠨ ᠤ ᠲᠡᠦᠬᠡ ᠪᠠ ᠬᠠᠤᠯᠢ ᠶᠣᠰᠣᠨ ᠤ ᠪᠣᠳᠠᠲᠤ ᠬᠡᠷᠡᠭ ᠨᠢ ᠰᠡᠵᠢᠭᠯᠡᠭᠳᠡᠰᠢ ᠦᠭᠡᠢ ᠶᠤᠮ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ 2758 ᠳ᠋ᠤᠭᠠᠷ ᠲᠣᠭᠠᠲᠤ ᠰᠢᠢᠳᠪᠦᠷᠢ ᠶᠢᠨ ᠡᠷᠬᠡ ᠰᠦᠷᠲᠦ ᠴᠢᠨᠠᠷ ᠲᠤ ᠬᠠᠯᠳᠠᠵᠤ ᠪᠣᠯᠣᠰᠢ ᠦᠭᠡᠢ ᠶᠤᠮ᠃ ᠲᠠᠶᠢᠸᠠᠨ ᠠᠷᠠᠯ ᠤᠨ ᠳᠣᠲᠣᠭᠠᠳᠤ ᠶᠢᠨ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ ᠴᠤ᠂ ᠭᠠᠳᠠᠭᠠᠳᠤ ᠶᠢᠨ ᠬᠦᠴᠦᠨ ᠶᠠᠭᠠᠬᠢᠵᠤ ᠲᠦᠢᠪᠡᠭᠡᠭᠰᠡᠨ ᠴᠦ᠂ ᠳᠤᠮᠳᠠᠳᠤ ᠤᠯᠤᠰ ᠡᠴᠦᠰ ᠲᠡᠭᠡᠨ ᠨᠢᠭᠡᠳᠦᠯ ᠢ ᠪᠡᠶᠡᠯᠡᠭᠦᠯᠬᠦ ᠪᠥᠭᠡᠳ ᠯᠠᠪᠲᠠᠢ ᠨᠢᠭᠡᠳᠦᠯ ᠢ ᠪᠡᠶᠡᠯᠡᠭᠦᠯᠬᠦ ᠲᠡᠦᠬᠡ ᠶᠢᠨ ᠶᠡᠭᠡ ᠬᠠᠨᠳᠤᠰᠢ ᠬᠤᠷᠢᠭᠯᠠᠭᠳᠠᠰᠢ ᠦᠭᠡᠢ ᠶᠤᠮ᠃
ᠳᠤᠮᠳᠠᠳᠤ ᠤᠷᠤᠰ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠢᠮᠠᠭᠲᠠ ᠡᠷᠡᠰ ᠳᠡᠮᠵᠢᠯᠴᠡᠪᠡ᠃ ᠤᠷᠤᠰ ᠤᠨ ᠲᠠᠯ᠎ᠠ ᠶᠢᠨ ᠬᠢᠨ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠢ ᠬᠢᠴᠢᠶᠡᠩᠭᠦᠶᠢᠯᠡᠨ ᠵᠢᠷᠤᠮᠯᠠᠨ᠎ᠠ᠂ ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ ᠮᠥᠨ᠂ ᠶᠠᠮᠠᠷᠪᠠ ᠭᠡᠯᠪᠡᠷᠢ ᠶᠢᠨ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠠ ᠳᠤᠮᠳᠠᠳᠤ ᠤᠯᠤᠰ ᠤᠨ ᠠᠷᠠᠳ ᠲᠦᠮᠡᠨ ᠤ ᠤᠯᠤᠰ ᠭᠡᠷ ᠤᠨ ᠢᠶᠠᠨ ᠨᠢᠭᠡᠳᠦᠯ ᠢ ᠪᠡᠶᠡᠯᠡᠭᠦᠯᠬᠦ ᠶᠢᠨ ᠲᠥᠯᠥᠭᠡ ᠠᠪᠤᠭᠰᠠᠨ ᠠᠯᠢᠪᠠ ᠠᠷᠭ᠎ᠠ ᠬᠡᠮᠵᠢᠶ᠎ᠡ ᠶᠢ ᠡᠷᠡᠰ ᠳᠡᠮᠵᠢᠨ᠎ᠡ ᠭᠡᠵᠦ ᠣᠯᠠᠨᠲᠠ ᠴᠢᠬᠤᠯᠠᠴᠢᠯᠠᠪᠠ᠃ ᠳᠤᠮᠳᠠᠳᠤ ᠤᠯᠤᠰ ᠡᠭᠦᠨ ᠢ ᠳᠡᠭᠡᠳᠦ ᠬᠡᠮᠵᠢᠶ᠎ᠡ ᠪᠠᠷ ᠦᠨᠡᠯᠡᠵᠦ ᠪᠠᠶᠢᠨ᠎ᠠ᠃
— ᠪᠢᠳᠠ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠶ᠎ᠠ᠃ ᠣᠳᠣᠬᠠᠨ ᠤ ᠳᠡᠯᠡᠬᠡᠢ ᠶᠢᠷᠲᠢᠨᠴᠦ ᠳᠤ᠂ ᠡᠩᠬᠡ ᠲᠠᠶᠢᠪᠤᠩ ᠤᠨ ᠤᠯᠠᠭᠠᠨ ᠲᠤᠭ᠎ᠠ᠂ ᠬᠥᠭᠵᠢᠯᠲᠡ ᠶᠢᠨ ᠤᠯᠠᠭᠠᠨ ᠲᠤᠭ᠎ᠠ᠂ ᠠᠮᠤᠷ ᠲᠦᠪᠰᠢᠨ ᠤ ᠤᠯᠠᠭᠠᠨ ᠲᠤᠭ᠎ᠠ᠂ ᠵᠠᠰᠠᠯᠲᠠ ᠶᠢᠨ ᠤᠯᠠᠭᠠᠨ ᠲᠤᠭ᠎ᠠ ᠨᠡᠮᠡᠭᠳᠡᠭᠰᠡᠨ ᠠᠴᠠ ᠪᠢᠰᠢ ᠬᠠᠰᠤᠭᠳᠠᠭᠰᠠᠨ ᠦᠭᠡᠢ᠃ ᠪᠢ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠤᠭᠰᠠᠨ ᠨᠢ ᠳᠠᠷᠤᠢ ᠳᠡᠭᠡᠷ᠎ᠡ ᠳᠤᠷᠠᠳᠤᠭᠰᠠᠨ ᠤᠯᠠᠭᠠᠨ ᠲᠤᠭ᠎ᠠ ᠶᠢ ᠰᠢᠢᠳᠪᠦᠷᠢᠯᠡᠵᠦ᠂ ᠲᠥᠪ ᠭᠤᠣᠯᠴᠢ ᠰᠢᠳᠤᠷᠭᠤ ᠶᠣᠰᠣ ᠪᠠᠷ ᠣᠶᠢᠯᠠᠭᠠᠭᠳᠠᠬᠤᠨ ᠪᠤᠯᠭᠠᠵᠤ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠬᠤᠪᠢᠰᠤᠯᠲᠠ ᠶᠢ ᠢᠳᠡᠪᠬᠢᠲᠡᠢ ᠬᠥᠲᠥᠯᠥᠨ ᠳᠠᠭᠠᠭᠤᠯᠬᠤ ᠶᠢᠨ ᠲᠥᠯᠥᠭᠡ ᠶᠤᠮ᠃
ᠳᠡᠯᠡᠬᠡᠢ ᠶᠢᠷᠲᠢᠨᠴᠦ ᠲᠥᠪ ᠭᠤᠣᠯᠴᠢ ᠪᠠᠶᠢᠬᠤ ᠬᠡᠷᠡᠭᠲᠡᠢ᠂ ᠬᠠᠷᠭᠢᠰ ᠬᠡᠷᠴᠡᠭᠡᠢ ᠪᠠᠶᠢᠵᠤ ᠪᠤᠯᠬᠤ ᠦᠭᠡᠢ᠃ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠬᠤ ᠳᠤ ᠡᠷᠬᠡᠪᠰᠢ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠪᠦᠭᠦ ᠪᠥᠮᠪᠥᠷᠴᠡᠭ ᠤᠨ ᠵᠠᠰᠠᠯᠲᠠ ᠶᠢᠨ ᠦᠵᠡᠯᠲᠡ ᠶᠢ ᠪᠠᠷᠢᠮᠲᠠᠯᠠᠵᠤ᠂ ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ ᠦᠭᠡᠢ᠂ ᠬᠠᠨᠢᠲᠠᠨ ᠪᠤᠯᠬᠤ ᠠᠴᠠ ᠪᠢᠰᠢ ᠬᠤᠯᠪᠤᠭ᠎ᠠ ᠪᠠᠶᠢᠭᠤᠯᠬᠤ ᠦᠭᠡᠢ᠂ ᠬᠠᠮᠲᠤ ᠪᠠᠷ ᠠᠰᠢᠭ ᠭᠦᠷᠳᠡᠭᠦ ᠠᠴᠠ ᠪᠢᠰᠢ ᠦᠯᠦ ᠡᠪᠰᠡᠬᠦ ᠦᠭᠡᠢ ᠪᠠᠶᠢᠬᠤ ᠶᠢ ᠪᠠᠷᠢᠮᠲᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠡᠯ᠎ᠡ ᠲᠠᠯ᠎ᠠ ᠶᠢᠨ ᠬᠢᠨ ᠤ ᠵᠦᠢ ᠶᠣᠰᠣᠨ ᠤ ᠠᠩᠬᠠᠷᠴᠤ ᠪᠠᠶᠢᠭ᠎ᠠ ᠠᠰᠠᠭᠤᠳᠠᠯ ᠢ ᠬᠠᠷᠠᠭᠠᠯᠵᠠᠵᠤ᠂ ᠤᠯᠠᠨ ᠤᠯᠤᠰ ᠤᠨ ᠳᠦᠷᠢᠮ ᠪᠠ ᠡᠮᠬᠢ ᠳᠢᠭᠯᠢᠮ ᠢ ᠬᠠᠮᠠᠭᠠᠯᠠᠬᠤ ᠶᠢ ᠪᠠᠷᠢᠮᠲᠠᠯᠠᠬᠤ ᠬᠡᠷᠡᠭᠲᠡᠢ ᠭᠡᠳᠡᠭ ᠢ ᠲᠡᠦᠬᠡ ᠪᠠ ᠪᠣᠳᠠᠲᠤ ᠠᠬᠤᠢ ᠴᠥᠮ ᠬᠠᠷᠠᠭᠤᠯᠵᠤ ᠪᠠᠶᠢᠨ᠎ᠠ᠃ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠪᠦᠷ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠲᠥᠪ ᠭᠤᠣᠯᠴᠢ ᠰᠢᠳᠤᠷᠭᠤ ᠶᠣᠰᠣᠨ ᠤ ᠲᠠᠯ᠎ᠠ ᠳᠤ ᠵᠣᠭᠰᠣᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ᠃
ᠳᠤᠮᠳᠠᠳᠤ ᠤᠯᠤᠰ ᠪᠣᠯᠣᠨ ᠤᠷᠤᠰ ᠪᠣᠯ ᠴᠥᠮ ᠴᠢᠬᠤᠯᠠ ᠨᠥᠯᠥᠭᠡᠯᠡᠬᠦ ᠬᠦᠴᠦᠨ ᠲᠠᠢ ᠲᠣᠮᠣ ᠤᠯᠤᠰ ᠮᠥᠨ᠂ ᠪᠦᠭᠦ ᠪᠥᠮᠪᠥᠷᠴᠡᠭ ᠤᠨ ᠪᠠᠶᠢᠯᠳᠤᠬᠤ ᠪᠣᠳᠣᠯᠭ᠎ᠠ ᠶᠢᠨ ᠲᠣᠭᠲᠠᠭᠤᠨ ᠢ ᠬᠠᠮᠠᠭᠠᠯᠠᠬᠤ᠂ ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠬᠦ ᠪᠦᠲᠦᠭᠡᠯᠴᠢ ᠴᠢᠨᠠᠷᠲᠠᠢ ᠬᠦᠴᠦᠨ ᠮᠥᠨ᠃ ᠳᠤᠮᠳᠠᠳᠤ ᠤᠷᠤᠰ ᠤᠨ ᠬᠠᠷᠢᠯᠴᠠᠭ᠎ᠠ ᠲᠣᠪ ᠲᠣᠳᠣᠷᠬᠠᠢ ᠲᠡᠦᠬᠡ ᠶᠢᠨ ᠯᠣᠭᠢᠭ᠂ ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ᠂ ᠭᠦᠨ ᠵᠤᠵᠠᠭᠠᠨ ᠪᠣᠯᠪᠠᠰᠤᠨ ᠤ ᠣᠣᠷ ᠲᠤᠨᠳᠠᠰᠤ ᠲᠠᠢ ᠶᠤᠮ᠂ ᠭᠤᠷᠪᠠᠳᠤᠭᠠᠷ ᠡᠲᠡᠭᠡᠳ ᠲᠤ ᠴᠢᠭᠯᠡᠭᠦᠯᠬᠦ ᠦᠭᠡᠢ ᠪᠥᠭᠡᠳ ᠶᠠᠮᠠᠷᠪᠠ ᠭᠤᠷᠪᠠᠳᠤᠭᠠᠷ ᠡᠲᠡᠭᠡᠳ ᠲᠤ ᠴᠦ ᠬᠢᠵᠠᠭᠠᠷᠯᠠᠭᠳᠠᠬᠤ ᠦᠭᠡᠢ᠃ ᠬᠤᠶᠠᠷ ᠲᠠᠯ᠎ᠠ ᠪᠠᠷ ᠢᠶᠠᠨ ᠳᠤᠮᠳᠠᠳᠤ ᠤᠷᠤᠰ ᠤᠨ ᠨᠥᠬᠦᠷᠯᠡᠯ ᠪᠣᠯᠣᠨ ᠢᠲᠡᠭᠡᠯᠴᠡᠭᠡ ᠶᠢ ᠡᠪᠳᠡᠬᠦ ᠶᠠᠮᠠᠷᠪᠠ ᠭᠤᠷᠢᠳᠠᠯᠭ᠎ᠠ ᠶᠢ ᠬᠠᠮᠲᠤ ᠪᠠᠷ ᠡᠰᠡᠷᠭᠦᠴᠡᠵᠦ᠂ ᠲᠦᠷ ᠴᠠᠭ ᠤᠨ ᠶᠠᠪᠤᠳᠠᠯ ᠳᠤ ᠲᠥᠭᠡᠷᠢᠭᠳᠡᠬᠦ ᠦᠭᠡᠢ᠂ ᠰᠢᠷᠦᠭᠦᠨ ᠰᠠᠯᠬᠢ ᠲᠤᠬᠰᠢᠨ ᠳᠠᠪᠠᠯᠭᠠᠨ ᠳᠤ ᠨᠥᠯᠥᠭᠡᠯᠡᠭᠳᠡᠬᠦ ᠦᠭᠡᠢ ᠪᠠᠶᠢᠵᠤ᠂ ᠳᠤᠮᠳᠠᠳᠤ ᠤᠷᠤᠰ ᠤᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠲᠣᠬᠲᠠᠭᠠᠯᠲᠤ ᠴᠢᠨᠠᠷ ᠪᠣᠯᠣᠨ ᠤᠶᠠᠨ ᠬᠠᠳᠠᠨ ᠴᠢᠨᠠᠷ ᠢᠶᠠᠷ ᠳᠡᠯᠡᠬᠡᠢ ᠶᠢᠨ ᠤᠯᠠᠨ ᠲᠤᠶᠢᠯᠵᠢᠯᠲᠠ ᠶᠢᠨ ᠠᠬᠢᠴᠠ ᠶᠢ ᠬᠠᠮᠲᠤ ᠪᠠᠷ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠠᠮᠲᠤ ᠪᠠᠷ ᠠᠬᠢᠭᠤᠯᠤᠶ᠎ᠠ᠃
ᠳᠤᠮᠳᠠᠳᠤ ᠤᠯᠤᠰ ᠪᠠ ᠤᠷᠤᠰ ᠪᠣᠯ ᠴᠥᠮ ᠭᠡᠷᠡᠯ ᠰᠠᠴᠤᠷᠠᠩᠭᠤᠢ ᠪᠣᠯᠪᠠᠰᠤᠨ ᠲᠠᠢ ᠠᠭᠤᠤ ᠶᠡᠭᠡ ᠤᠯᠤᠰ ᠮᠥᠨ᠂ ᠳᠤᠮᠳᠠᠳᠤ ᠤᠯᠤᠰ ᠤᠨ ᠠᠷᠠᠳ ᠲᠦᠮᠡᠨ ᠪᠠ ᠤᠷᠤᠰ ᠤᠨ ᠠᠷᠠᠳ ᠲᠦᠮᠡᠨ ᠪᠣᠯ ᠴᠥᠮ ᠪᠠᠭᠠᠲᠤᠷᠯᠢᠭ ᠤᠳᠤᠮᠰᠢᠯ ᠲᠠᠢ ᠠᠭᠤᠤ ᠶᠡᠭᠡ ᠠᠷᠠᠳ ᠲᠦᠮᠡᠨ ᠮᠥᠨ᠃ 80 ᠵᠢᠯ ᠤᠨ ᠡᠮᠦᠨ᠎ᠡ᠂ ᠪᠢᠳᠠ ᠡᠷᠡᠯᠬᠡᠭ ᠢᠶᠠᠷ ᠡᠰᠡᠷᠭᠦᠴᠡᠨ ᠲᠡᠮᠡᠴᠡᠵᠦ ᠹᠠᠱᠢᠰ ᠢ ᠡᠰᠡᠷᠭᠦᠴᠡᠬᠦ ᠲᠠᠶᠢᠨ ᠤ ᠠᠭᠤᠤ ᠶᠡᠭᠡ ᠢᠯᠠᠯᠲᠠ ᠶᠢ ᠣᠯᠪᠠ᠃ 80 ᠵᠢᠯ ᠤᠨ ᠳᠠᠷᠠᠭᠠᠬᠢ ᠥᠨᠥᠳᠥᠷ᠂ ᠪᠢᠳᠡ ᠠᠯᠢᠪᠠ ᠴᠢᠬᠤᠯᠠ ᠪᠦᠬᠦᠢ ᠠᠷᠭ᠎ᠠ ᠬᠡᠮᠵᠢᠶ᠎ᠡ ᠶᠢ ᠠᠪᠴᠤ᠂ ᠲᠤᠰ ᠪᠡᠶ᠎ᠡ ᠶᠢᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠡᠷᠡᠰ ᠬᠠᠮᠠᠭᠠᠯᠠᠵᠤ᠂ ᠡᠷᠡᠰ ᠪᠠᠲᠤ ᠪᠠᠷ ᠲᠡᠦᠬᠡ ᠶᠢᠨ ᠳᠤᠷᠠᠰᠤᠮᠵᠢ ᠶᠢᠨ ᠬᠠᠮᠠᠭᠠᠯᠠᠭᠴᠢ᠂ ᠬᠥᠭᠵᠢᠯ ᠮᠠᠨᠳᠤᠯ ᠤᠨ ᠵᠠᠮ ᠳᠠᠬᠢ ᠬᠠᠮᠲᠤ ᠤᠷᠤᠭᠰᠢᠯᠠᠭᠴᠢ᠂ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣᠨ ᠤ ᠬᠠᠮᠠᠭᠠᠯᠠᠭᠴᠢ ᠪᠣᠯᠵᠤ᠂ ᠭᠠᠷ ᠬᠤᠯᠪᠣᠨ ᠬᠥᠮᠥᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭᠠᠨ ᠤ ᠲᠥᠯᠥᠭᠡ ᠨᠡᠩ ᠭᠡᠭᠡᠨ ᠰᠠᠷᠠᠭᠤᠯ ᠢᠷᠡᠭᠡᠳᠦᠢ ᠶᠢ ᠲᠡᠮᠡᠴᠡᠨ ᠴᠣᠭᠴᠠᠯᠠᠶ᠎ᠠ᠃