|
︽ᠡᠭᠡᠯ ᠪᠣᠷᠣᠭᠵᠢᠭᠤᠨ ᠦᠭᠡ — ᠰᠢ ᠶᠢᠨ ᠫᠢᠩ ᠤᠨ ᠪᠠᠭ᠋ᠠᠷᠬᠠᠳᠠᠭ ᠡᠷᠲᠡᠨ ᠤ ᠰᠣᠩᠭᠤᠳᠠᠭ ᠬᠡᠯᠡᠯᠭᠡ︾ ︵ᠤᠯᠠᠨ ᠤᠯᠤᠰ ᠤᠨ ᠬᠡᠪᠯᠡᠯ︶ ᠶᠢ ᠣᠷᠣᠰ ᠤᠨ | ᠵᠠᠭᠤᠴᠢᠯᠠᠭᠤᠷ ᠲᠤ ᠨᠡᠪᠲᠡᠷᠡᠭᠦᠯᠪᠡ |
|
|
ᠨᠡᠶᠢᠲᠡᠯᠡᠭᠰᠡᠨ ᠴᠠᠭ᠄
2025/5/8
|
|
ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 7 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 7 ᠤ ᠡᠳᠦᠷ᠂ ᠳᠤᠮᠳᠠᠳᠤ ᠤᠯᠤᠰ ᠤᠨ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠠᠴᠠ ᠦᠢᠯᠡᠳᠦᠭᠰᠡᠨ ︽ᠡᠭᠡᠯ ᠪᠣᠷᠣᠭᠵᠢᠭᠤᠨ ᠦᠭᠡ — ᠰᠢ ᠶᠢᠨ ᠫᠢᠩ ᠤᠨ ᠪᠠᠭ᠋ᠠᠷᠬᠠᠳᠠᠭ ᠡᠷᠲᠡᠨ ᠤ ᠰᠣᠩᠭᠤᠳᠠᠭ ᠬᠡᠯᠡᠯᠭᠡ︾ ︵ᠣᠯᠠᠨ ᠤᠯᠤᠰ ᠤᠨ ᠬᠡᠪᠯᠡᠯ︶ ᠶᠢ ᠡᠬᠢᠯᠡᠨ ᠨᠡᠪᠲᠡᠷᠡᠭᠦᠯᠬᠦ ᠶᠣᠰᠣᠯᠠᠯ ᠮᠣᠰᠺᠸᠠ ᠳᠤ ᠶᠠᠪᠤᠭᠳᠠᠪᠠ᠃ ᠤᠷᠤᠰ ᠳᠤᠮᠳᠠᠳᠤ ᠬᠤᠶᠠᠷ ᠤᠯᠤᠰ ᠤᠨ ᠤᠯᠤᠰ ᠲᠦᠷᠦ᠂ ᠠᠵᠤ ᠠᠬᠤᠢ᠂ ᠰᠣᠶᠣᠯ᠂ ᠵᠠᠭᠤᠴᠢᠯᠠᠭᠤᠷ᠂ ᠰᠤᠷᠭᠠᠨ ᠬᠥᠮᠦᠵᠢᠯ ᠵᠡᠷᠭᠡ ᠡᠯ᠎ᠡ ᠡᠲᠡᠭᠡᠳ ᠤᠨ ᠨᠡᠷᠡᠳᠤ ᠬᠥᠮᠥᠰ ᠢ ᠪᠠᠭᠲᠠᠭᠠᠭᠰᠠᠨ 200 ᠭᠠᠷᠤᠢ ᠬᠦᠨᠳᠦᠲᠦ ᠵᠣᠴᠢᠨ ᠠᠵᠢᠯᠯᠠᠭ᠎ᠠ ᠳᠤ ᠣᠷᠣᠯᠴᠠᠪᠠ᠃ ᠲᠣᠰ ᠫᠷᠣᠭ᠍ᠷᠠᠮ ᠢ ᠲᠣᠰ ᠡᠳᠦᠷ ᠠᠴᠠ ᠡᠬᠢᠯᠡᠨ ᠣᠷᠣᠰ ᠤᠨ ᠪᠦᠭᠦ ᠣᠷᠣᠰ ᠤᠯᠤᠰ ᠤᠨ ᠲᠧᠯᠸᠢᠰ ᠷᠠᠳᠢᠣ᠋ ᠨᠡᠪᠲᠡᠷᠡᠭᠦᠯᠭᠡ ᠶᠢᠨ ᠺᠤᠮᠫᠠᠨᠢ᠂ ᠣᠷᠣᠰ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠰᠣᠨᠢᠨ ︽ᠣᠷᠣᠰ ᠰᠣᠨᠢᠨ︾ ᠤ ᠠᠯᠪᠠᠨ ᠰᠦᠯᠵᠢᠶ᠎ᠡ᠂ ᠣᠷᠣᠰ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠵᠠᠭᠤᠴᠢᠯᠠᠭᠤᠷ ᠤᠨ ᠬᠤᠪᠢ ᠡᠵᠡᠮᠳᠡᠭᠰᠡᠨ ᠬᠤᠪᠢᠴᠠᠭᠠᠳᠤ ᠺᠤᠮᠫᠠᠨᠢ᠂ ᠣᠷᠣᠰ ᠤᠨ ᠶᠡᠭᠡ ᠠᠽᠢᠶ᠎ᠠ ᠲᠧᠯᠸᠢᠰ ᠬᠤᠷᠢᠶ᠎ᠠ ᠵᠡᠷᠭᠡ ᠣᠯᠠᠨ ᠲᠠᠪᠴᠠᠩ ᠳᠤ ᠨᠡᠪᠲᠡᠷᠡᠭᠦᠯᠬᠦ ᠪᠣᠯᠣᠨ᠎ᠠ᠃ ︽ᠡᠭᠡᠯ ᠪᠣᠷᠣᠭᠵᠢᠭᠤᠨ ᠦᠭᠡ — ᠰᠢ ᠶᠢᠨ ᠫᠢᠩ ᠤᠨ ᠪᠠᠭ᠋ᠠᠷᠬᠠᠳᠠᠭ ᠡᠷᠲᠡᠨ ᠤ ᠰᠣᠩᠭᠤᠳᠠᠭ ᠬᠡᠯᠡᠯᠭᠡ︾ ︵ᠤᠯᠠᠨ ᠤᠯᠤᠰ ᠤᠨ ᠬᠡᠪᠯᠡᠯ︶ ᠨᠢ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠶᠠᠷᠢᠶ᠎ᠠ᠂ ᠵᠣᠬᠢᠶᠠᠯ ᠪᠣᠯᠣᠨ ᠶᠠᠷᠢᠯᠴᠠᠭ᠎ᠠ ᠳᠤ ᠡᠰᠢᠯᠡᠨ ᠬᠡᠷᠡᠭᠯᠡᠭᠰᠡᠨ ᠳᠤᠮᠳᠠᠳᠤ ᠤᠯᠤᠰ ᠤᠨ ᠡᠷᠲᠡᠨ ᠤ ᠨᠣᠮ ᠪᠢᠴᠢᠭ ᠪᠣᠯᠣᠨ ᠰᠣᠩᠭᠤᠳᠠᠭ ᠨᠡᠷᠡᠲᠦ ᠥᠭᠦᠯᠡᠪᠦᠷᠢ ᠠᠴᠠ ᠨᠠᠷᠢᠨ ᠨᠢᠮᠪᠠᠢ ᠰᠣᠩᠭᠤᠵᠤ᠂ ᠰᠢᠨ᠎ᠡ ᠶᠢ ᠡᠭᠦᠳᠦᠨ ᠬᠥᠭᠵᠢᠬᠦ᠂ ᠰᠣᠶᠣᠯ ᠤᠨ ᠴᠡᠴᠡᠭᠯᠡᠯ᠂ ᠪᠣᠯᠪᠠᠰᠤᠨ ᠤ ᠤᠯᠠᠨ ᠶᠠᠩᠵᠤᠲᠤ ᠴᠢᠨᠠᠷ ᠪᠣᠯᠣᠨ ᠰᠣᠯᠢᠯᠴᠠᠭ᠎ᠠ ᠲᠣᠯᠢᠳᠠᠯ᠂ ᠭᠡᠷ ᠪᠦᠯᠢ ᠶᠢᠨ ᠬᠥᠮᠦᠵᠢᠯ ᠵᠡᠷᠭᠡ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ ᠤᠯᠤᠰ ᠲᠦᠷᠦ ᠶᠢᠨ ᠤᠶᠤᠨ ᠤᠬᠠᠭᠠᠨ᠂ ᠭᠦᠨ ᠤᠬᠠᠭᠠᠨ ᠤ ᠲᠤᠬᠠᠢ ᠭᠦᠨᠵᠡᠭᠡᠢ ᠪᠣᠯᠪᠠᠰᠤᠷᠠᠯ ᠪᠣᠯᠣᠨ ᠡᠷᠬᠢᠮ ᠳᠡᠭᠡᠳᠦ ᠰᠣᠶᠣᠯ ᠢᠷᠭᠡᠨᠰᠢᠯ ᠤᠨ ᠬᠠᠶᠢᠷ᠎ᠠ ᠰᠡᠳᠬᠢᠯᠭᠡ ᠶᠢ ᠭᠤᠶᠢᠳᠠ ᠰᠠᠶᠢᠬᠠᠨ ᠢᠯᠡᠷᠡᠭᠦᠯᠪᠡ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|