ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 8 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ ᠬᠤᠶᠢᠨ᠎ᠠ᠂ ᠤᠷᠤᠰ ᠤᠨ ᠶᠡᠷᠦᠩᠬᠡᠶᠢᠯᠡᠭᠴᠢ ᠫᠦᠲ᠋ᠢᠨ ᠪᠣᠯᠣᠨ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠺᠷᠧᠮᠯᠢ ᠣᠷᠳᠣᠨ ᠤ ᠶᠡᠷᠦᠩᠬᠡᠶᠢᠯᠡᠭᠴᠢ ᠶᠢᠨ ᠠᠯᠪᠠᠨ ᠭᠡᠷ ᠲᠤ ᠴᠠᠢ ᠶᠢᠨ ᠵᠣᠭᠤᠭ ᠳᠡᠯᠭᠡᠪᠡ᠃

ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ ᠬᠤᠶᠢᠨ᠎ᠠ᠂ ᠤᠷᠤᠰ ᠤᠨ ᠶᠡᠷᠦᠩᠬᠡᠶᠢᠯᠡᠭᠴᠢ ᠫᠦᠲ᠋ᠢᠨ ᠪᠣᠯᠣᠨ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠺᠷᠧᠮᠯᠢ ᠣᠷᠳᠣᠨ ᠤ ᠶᠡᠷᠦᠩᠬᠡᠶᠢᠯᠡᠭᠴᠢ ᠶᠢᠨ ᠠᠯᠪᠠᠨ ᠭᠡᠷ ᠲᠤ ᠴᠠᠢ ᠶᠢᠨ ᠵᠣᠭᠤᠭ ᠳᠡᠯᠭᠡᠪᠡ᠃
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ
ᠰᠢ ᠶᠢᠨ ᠫᠢᠩ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠭᠠᠭᠴᠠ ᠬᠦ ᠳᠤᠮᠳᠠᠳᠤ ᠤᠷᠤᠰ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠪᠠᠷᠢᠮᠲᠠᠯᠠᠪᠠᠯ ᠶᠠᠮᠠᠷᠪᠠ ᠬᠦᠴᠦᠨ ᠴᠦ ᠭᠡᠳ ᠬᠤᠶᠠᠷ ᠤᠯᠤᠰ ᠤᠨ ᠲᠤᠰ ᠲᠤᠰ ᠤᠨ ᠬᠥᠭᠵᠢᠯ ᠮᠠᠨᠳᠤᠯ ᠢᠶᠠᠨ ᠪᠡᠶᠡᠯᠡᠭᠦᠯᠬᠦ ᠶᠢ ᠬᠤᠷᠢᠭᠯᠠᠵᠤ ᠳᠡᠶᠢᠯᠭᠦ ᠦᠭᠡᠢ᠂ ᠳᠤᠮᠳᠠᠳᠤ ᠤᠷᠤᠰ ᠤᠨ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠠᠷᠠᠳ ᠤᠨ ᠰᠡᠳᠬᠢᠯ ᠤᠨ ᠬᠠᠨᠳᠤᠰᠢ ᠶᠢ ᠬᠤᠷᠢᠭᠯᠠᠵᠤ ᠳᠡᠶᠢᠯᠭᠦ ᠦᠭᠡᠢ᠂ ᠳᠡᠯᠡᠬᠡᠢ ᠶᠢᠨ ᠤᠯᠠᠨ ᠲᠤᠶᠢᠯᠵᠢᠯᠳᠠ ᠪᠠ ᠠᠵᠤ ᠠᠬᠤᠢ ᠶᠢᠨ ᠳᠡᠯᠡᠬᠡᠶᠢᠵᠢᠯᠲᠡ ᠶᠢᠨ ᠴᠠᠭ ᠦᠶ᠎ᠡ ᠶᠢᠨ ᠤᠷᠤᠰᠬᠠᠯ ᠢ ᠬᠤᠷᠢᠭᠯᠠᠵᠤ ᠳᠡᠶᠢᠯᠭᠦ ᠦᠭᠡᠢ ᠶᠤᠮ᠃ ᠪᠢ ᠳᠤᠷᠠᠲᠠᠶ᠎ᠠ ᠶᠡᠷᠦᠩᠬᠡᠶᠢᠯᠡᠭᠴᠢ ᠫᠦᠲ᠋ᠢᠨ ᠯᠦᠭᠡ ᠨᠢᠭᠲᠠ ᠬᠠᠷᠢᠯᠴᠠᠭ᠎ᠠ ᠪᠠᠨ ᠪᠠᠲᠤᠯᠠᠵᠤ᠂ ᠳᠤᠮᠳᠠᠳᠤ ᠤᠷᠤᠰ ᠤᠨ ᠬᠠᠷᠢᠯᠴᠠᠭ᠎ᠠ ᠶᠢᠨ ᠴᠢᠭᠯᠡᠯ ᠢ ᠡᠵᠡᠮᠳᠡᠨ ᠠᠶᠠᠯᠠᠯ ᠢ ᠳᠠᠭᠠᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃
ᠫᠦᠲ᠋ᠢᠨ᠂ ᠤᠷᠤᠰ ᠳᠤᠮᠳᠠᠳᠤ ᠢᠮᠠᠭᠲᠠ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠬᠠᠷᠢᠯᠴᠠᠨ ᠳᠡᠮᠵᠢᠵᠦ᠂ ᠬᠤᠶᠠᠷ ᠤᠯᠤᠰ ᠤᠨ ᠨᠥᠬᠦᠷᠯᠡᠯ ᠡᠪᠳᠡᠷᠡᠰᠢ ᠦᠭᠡᠢ ᠪᠠᠲᠤ ᠪᠠᠬᠢ ᠶᠤᠮ᠃ ᠪᠢ ᠳᠤᠷᠠᠲᠠᠶ᠎ᠠ ᠲᠡᠷᠢᠭᠦᠯᠡᠭᠴᠢ ᠰᠢ ᠶᠢᠨ ᠫᠢᠩ ᠯᠦᠭᠡ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠨᠢᠭᠲᠠᠷᠠᠭᠤᠯᠵᠤ᠂ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠳᠤ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠬᠠᠩᠭᠠᠵᠤ᠂ ᠳᠡᠯᠡᠬᠡᠢ ᠶᠢᠨ ᠨᠠᠷᠢᠨ ᠪᠤᠳᠤᠯᠢᠶᠠᠨᠲᠠᠢ ᠪᠠᠶᠢᠳᠠᠯ ᠤᠨ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠳᠡᠯᠡᠬᠡᠢ ᠳ᠋ᠠᠬᠢᠨ ᠤ ᠲᠥᠪ ᠭᠤᠣᠯᠴᠢ᠂ ᠠᠷᠠᠳᠴᠢᠯᠠᠯ ᠲᠠᠢ᠂ ᠤᠯᠠᠨ ᠲᠦᠢᠯᠵᠢᠯᠳᠠ ᠲᠡᠶᠢᠰᠢ ᠬᠥᠭᠵᠢᠬᠦ ᠶᠢ ᠠᠬᠢᠭᠤᠯᠤᠨ᠎ᠠ ᠭᠡᠵᠦ ᠢᠯᠡᠳᠬᠡᠪᠡ᠃
ᠬᠤᠶᠠᠷ ᠤᠯᠤᠰ ᠤᠨ ᠲᠡᠷᠢᠭᠦᠨ ᠦᠺᠷᠠᠶᠢᠨ ᠤ ᠬᠢᠮᠤᠷᠠᠯ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠦᠺᠷᠠᠶᠢᠨ ᠤ ᠬᠢᠮᠤᠷᠠᠯ ᠤᠨ ᠲᠤᠬᠠᠢ ᠳᠤᠮᠳᠠᠳᠤ ᠤᠯᠤᠰ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠪᠦᠭᠦ ᠪᠥᠮᠪᠥᠷᠴᠡᠭ ᠤᠨ ᠠᠮᠤᠷ ᠲᠦᠪᠰᠢᠨ ᠤ ᠦᠵᠡᠯᠲᠡ ᠶᠢ ᠰᠠᠨᠠᠭᠠᠴᠢᠯᠠᠬᠤ ᠶᠢᠨ ᠬᠠᠮᠲᠤ ᠪᠠᠷᠢᠮᠲᠠᠯᠠᠵᠤ᠂ ᠡᠯ᠎ᠡ ᠤᠯᠤᠰ ᠤᠨ ᠵᠦᠢ ᠶᠣᠰᠣᠨ ᠤ ᠠᠮᠤᠷ ᠲᠦᠪᠰᠢᠨ ᠤ ᠠᠩᠬᠠᠷᠤᠯ ᠢ ᠴᠢᠬᠤᠯᠠᠴᠢᠯᠠᠵᠤ᠂ ᠬᠢᠮᠤᠷᠠᠯ ᠡᠭᠦᠰᠬᠦ ᠦᠨᠳᠦᠰᠦ ᠰᠤᠷᠪᠤᠯᠵᠢ ᠶᠢ ᠠᠷᠢᠯᠭᠠᠪᠠᠯ ᠵᠣᠬᠢᠨ᠎ᠠ ᠭᠡᠵᠦ ᠦᠵᠡᠵᠦ ᠪᠠᠶᠢᠨ᠎ᠠ᠃ ᠳᠤᠮᠳᠠᠳᠤ ᠤᠯᠤᠰ ᠡᠩᠬᠡ ᠲᠠᠶᠢᠪᠤᠩ ᠳᠤ ᠠᠰᠢᠭᠲᠠᠢ ᠠᠯᠢᠪᠠ ᠴᠢᠷᠮᠠᠶᠢᠯᠭ᠎ᠠ ᠶᠢ ᠪᠠᠶᠠᠷᠯᠠᠨ ᠤᠭᠲᠤᠵᠤ᠂ ᠶᠠᠷᠢᠯᠴᠠᠭ᠎ᠠ ᠪᠠᠷ ᠳᠠᠮᠵᠢᠨ ᠡᠷᠬᠡ ᠲᠡᠭᠰᠢ᠂ ᠥᠨᠢ ᠤᠳᠠᠭᠠᠨ ᠤ᠂ ᠬᠢᠵᠠᠭᠠᠷᠯᠠᠬᠤ ᠬᠦᠴᠦᠨ ᠲᠠᠢ ᠪᠥᠭᠡᠳ ᠡᠯ᠎ᠡ ᠲᠤᠬᠠᠢ ᠶᠢᠨ ᠲᠠᠯ᠎ᠠ ᠶᠢᠨ ᠬᠢᠨ ᠭᠥᠯᠢᠶᠡᠨ ᠠᠪᠤᠭᠰᠠᠨ ᠨᠠᠶᠢᠷᠠᠮᠳᠠᠯ ᠤᠨ ᠬᠡᠯᠡᠯᠴᠡᠭᠡᠷ ᠲᠣᠭᠲᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
ᠫᠦᠲ᠋ᠢᠨ ᠦᠺᠷᠠᠶᠢᠨ ᠤ ᠬᠢᠮᠤᠷᠠᠯ ᠢ ᠤᠯᠤᠰ ᠲᠥᠷᠥ ᠪᠠᠷ ᠰᠢᠢᠳᠪᠦᠷᠢᠯᠡᠬᠦ ᠲᠠᠯ᠎ᠠ ᠪᠠᠷ ᠬᠢ ᠳᠤᠮᠳᠠᠳᠤ ᠤᠯᠤᠰ ᠤᠨ ᠪᠤᠰᠤᠳᠴᠢ ᠪᠥᠭᠡᠳ ᠲᠥᠪ ᠭᠤᠣᠯᠴᠢ ᠵᠣᠭᠰᠣᠯᠲᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠂ ᠣᠷᠣᠰ ᠳᠤᠷᠠᠲᠠᠶ᠎ᠠ ᠤᠷᠢᠲᠠᠯ ᠨᠥᠬᠦᠴᠡᠯ ᠳᠤᠷᠠᠳᠬᠤ ᠦᠭᠡᠢ ᠪᠠᠷ ᠨᠠᠶᠢᠷᠠᠮᠳᠠᠯ ᠤᠨ ᠬᠡᠯᠡᠯᠴᠡᠭᠡ ᠶᠢ ᠡᠬᠢᠯᠡᠭᠦᠯᠵᠦ᠂ ᠲᠥᠪ ᠭᠤᠣᠯᠴᠢ᠂ ᠥᠨᠢ ᠤᠳᠠᠭᠠᠨ ᠤ ᠨᠠᠶᠢᠷᠠᠮᠳᠠᠯ ᠤᠨ ᠬᠡᠯᠡᠯᠴᠡᠭᠡᠷ ᠲᠣᠭᠲᠠᠬᠤ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃