5 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠮᠠᠨ ᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠰᠠᠭᠤᠳᠠᠯ ᠤᠨ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠭᠰᠠᠨ ᠪᠥᠭᠡᠳ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ᠃

ᠡᠳ᠋ ᠤᠨ ᠵᠠᠰᠠᠭ ᠤᠨ ᠲᠢᠩᠬᠢᠮ ᠳᠤ ᠸᠠᠩ ᠯᠢ ᠰᠢᠶᠠ ᠲᠥᠰᠥᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠰᠢᠰᠲ᠋ᠧᠮ᠂ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠥᠭᠬᠦ ᠪᠡᠯᠡ ᠮᠥᠩᠭᠦ ᠶᠢ ᠲᠠᠷᠬᠠᠭᠠᠬᠤ ᠲᠠᠪᠴᠠᠩ᠂ ᠵᠠᠰᠠᠭ ᠤᠨ ᠣᠷᠳᠣᠨ ᠤ ᠬᠤᠳᠠᠯᠳᠤᠨ ᠠᠪᠬᠤ ᠡᠭᠦᠯᠡᠨ ᠲᠠᠪᠴᠠᠩ ᠵᠡᠷᠭᠡ ᠶᠢᠨ ᠬᠡᠷᠡᠭᠯᠡᠭᠡᠨ ᠤ ᠪᠠᠶᠢᠳᠠᠯ ᠢ ᠨᠠᠷᠢᠨ ᠣᠶᠢᠯᠠᠭᠠᠵᠤ᠂ ᠬᠡᠷᠡᠭᠯᠡᠬᠦ ᠳᠤᠮᠳᠠ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ᠂ ᠠᠰᠠᠭᠤᠳᠠᠯ ᠢ ᠱᠠᠯᠠᠪᠳᠠᠭᠤᠯᠤᠨ ᠰᠢᠢᠳᠪᠦᠷᠢᠯᠡᠬᠦ ᠪᠢᠲᠡᠭᠦᠦ ᠭᠤᠭᠴᠤᠭ᠎ᠠ ᠶᠢ ᠪᠠᠶᠢᠭᠤᠯᠵᠤ᠂ ᠲᠣᠭᠠᠴᠢᠯᠠᠭᠰᠠᠨ ᠠᠷᠭ᠎ᠠ ᠪᠠᠷᠢᠯ ᠢᠶᠠᠷ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠱᠠᠭᠠᠷᠳᠠᠪᠠ᠃

ᠸᠠᠩ ᠯᠢ ᠰᠢᠶᠠ ︽ᠥᠨᠳᠥᠷ ᠪᠦᠲᠦᠮᠵᠢᠲᠡᠢ ᠪᠠᠷ ᠨᠢᠭᠡ ᠤᠴᠢᠷ ᠶᠠᠪᠤᠳᠠᠯ ᠢ ᠬᠢᠵᠦ ᠭᠦᠢᠴᠡᠳᠬᠡᠬᠦ︾ ᠥᠭᠡᠷᠡᠴᠢᠯᠡᠯᠲᠡ ᠶᠢ ᠲᠤᠶᠢᠯ ᠢᠶᠠᠷ ᠬᠠᠯᠠᠮᠵᠢᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠥᠨᠳᠥᠷ ᠪᠦᠲᠦᠮᠵᠢᠲᠡᠢ ᠪᠠᠷ ᠤᠴᠢᠷ ᠶᠠᠪᠤᠳᠠᠯ ᠬᠢᠵᠦ ᠭᠦᠢᠴᠡᠳᠬᠡᠬᠦ ᠡᠭᠦᠳᠡᠨ ᠠᠴᠠ ᠡᠭᠦᠰᠴᠦ᠂ ᠠᠵᠢᠯᠯᠠᠭᠤᠯᠬᠤ ᠰᠢᠰᠲ᠋ᠧᠮ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ APP ᠤᠯᠠᠨ ᠪᠠᠶᠢᠬᠤ᠂ ᠮᠡᠳᠡᠭᠡ ᠵᠠᠩᠭᠢ ᠶᠢ ᠲᠠᠭᠢᠨ ᠳᠠᠪᠲᠠᠨ ᠲᠠᠭᠯᠠᠬᠤ᠂ ᠵᠠᠷᠢᠮ ᠶᠠᠪᠤᠳᠠᠯ ᠢ ᠰᠢᠯᠵᠢᠶ᠎ᠡ ᠶᠢᠨ ᠦᠵᠦᠭᠦᠷᠯᠢᠭ ᠲᠤ ᠭᠦᠢᠴᠡᠳᠬᠡᠬᠦ ᠶᠢ ᠳᠡᠮᠵᠢᠬᠦ ᠦᠭᠡᠢ ᠪᠠᠶᠢᠬᠤ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠢ ᠭᠠᠷ ᠤᠲᠠᠰᠤᠨ ᠳᠡᠭᠡᠷ᠎ᠡ ᠨᠡᠩ ᠳᠥᠭᠦᠮ ᠲᠦᠷᠭᠡᠨ ᠢᠶᠠᠷ ᠤᠴᠢᠷ ᠶᠠᠪᠤᠳᠠᠯ ᠪᠦᠲᠦᠭᠡᠵᠦ ᠴᠢᠳᠠᠬᠤ ᠶᠢ ᠪᠡᠶᠡᠯᠡᠭᠦᠯᠬᠦ ᠬᠡᠷᠡᠭᠲᠡᠢ᠃ ᠪᠡᠶᠡᠴᠢᠯᠡᠨ ᠣᠶᠢᠯᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ︽ᠬᠡᠷᠡᠭᠯᠡᠭᠴᠢ ᠶᠢᠨ ᠬᠤᠪᠢ︾ ᠪᠠᠷ ᠤᠴᠢᠷ ᠶᠠᠪᠤᠳᠠᠯ ᠭᠦᠢᠴᠡᠳᠬᠡᠬᠦ ᠪᠦᠭᠦ ᠶᠠᠪᠤᠴᠠ ᠶᠢ ᠪᠡᠶᠡᠴᠢᠯᠡᠨ ᠣᠶᠢᠯᠠᠭᠠᠵᠤ᠂ ᠲᠦᠭᠵᠢᠷᠡᠯ ᠤᠨ ᠴᠡᠭ ᠬᠤᠷᠢᠭ᠎ᠠ ᠴᠡᠭ ᠢ ᠣᠨᠣᠴᠠᠲᠠᠢ ᠡᠷᠢᠨ ᠣᠯᠵᠤ ᠰᠢᠢᠳᠪᠦᠷᠢᠯᠡᠨ᠂ ᠬᠡᠷᠡᠭᠯᠡᠭᠴᠢ ᠶᠢᠨ ᠪᠡᠶᠡᠴᠢᠯᠡᠨ ᠣᠶᠢᠯᠠᠭᠠᠬᠤ ᠲᠥᠷᠥᠭᠳᠡᠯ ᠪᠠ ᠬᠠᠨᠤᠮᠵᠢ ᠲᠠᠢ ᠪᠠᠶᠢᠬᠤ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠳᠠᠷᠠᠭ᠎ᠠ ᠨᠢ ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠤᠨ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠤ᠂ ᠪᠦᠭᠦ ᠣᠷᠣᠨ ᠤ ᠮᠡᠳᠡᠭᠡ ᠵᠠᠩᠭᠢ ᠶᠢᠨ ᠰᠢᠰᠲ᠋ᠧᠮ ᠢ ᠲᠥᠪᠯᠡᠷᠡᠭᠦᠯᠦᠨ ᠥᠭᠡᠷᠡᠴᠢᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠲᠠᠪᠴᠠᠩ ᠢ ᠨᠡᠶᠢᠳᠬᠡᠵᠦ᠂ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠢᠭᠤᠷ ᠲᠠᠯ᠎ᠠ ᠶᠢᠨ ᠢᠨᠵᠧᠨᠧᠷᠢᠩ᠂ ᠳᠦᠷᠢ ᠲᠥᠷᠬᠦ ᠶᠢᠨ ᠢᠨᠵᠧᠨᠧᠷᠢᠩ ᠢ ᠡᠷᠡᠰ ᠬᠤᠷᠢᠭᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠬᠡᠷᠡᠭᠯᠡᠬᠦ ᠶᠠᠪᠤᠴᠠ ᠳᠤ ᠶᠠᠮᠠᠷ ᠠᠰᠠᠭᠤᠳᠠᠯ ᠲᠤᠯᠭᠠᠷᠠᠪᠠᠯ ᠲᠡᠷᠡ ᠠᠰᠠᠭᠤᠳᠠᠯ ᠢ ᠰᠢᠢᠳᠪᠦᠷᠢᠯᠡᠵᠦ᠂ ᠶᠠᠭᠠᠬᠢᠵᠤ ᠬᠡᠷᠡᠭᠯᠡᠪᠡᠯ ᠰᠠᠶᠢᠨ ᠪᠣᠯ ᠲᠡᠷᠡ ᠶᠣᠰᠣᠭᠠᠷ ᠰᠠᠶᠢᠵᠢᠷᠠᠭᠤᠯᠵᠤ᠂ ᠢᠯᠠᠩᠭᠤᠶ᠎ᠠ ᠠᠵᠤ ᠠᠬᠤᠶᠢᠯᠠᠯ ᠪᠣᠯᠣᠨ ᠤᠯᠠᠨ ᠲᠦᠮᠡᠨ ᠤ ᠬᠡᠷᠡᠭᠴᠡᠭᠡ ᠪᠠᠷ ᠵᠣᠷᠢᠯᠲᠠ ᠪᠤᠯᠭᠠᠵᠤ᠂ ᠰᠠᠯᠠᠭ᠎ᠠ ᠮᠥᠴᠢᠷ ᠤᠨ ᠬᠤᠭᠤᠷᠣᠨᠳᠣᠭᠢ ᠳ᠋ᠠᠶᠢᠲ᠋ᠠ ᠶᠢᠨ ᠪᠠᠬᠢᠯᠡᠯᠲᠡ ᠶᠢ ᠨᠠᠪᠲᠠᠷᠡᠭᠦᠯᠵᠦ᠂ ︽ᠰᠦᠯᠵᠢᠶᠡᠨ ᠳᠤ ᠭᠠᠷᠭᠠᠵᠤ ᠪᠤᠯᠬᠤ ᠶᠢ ᠨᠢ ᠪᠦᠭᠦᠨ ᠢ ᠰᠦᠯᠵᠢᠶᠡᠨ ᠳᠤ ᠭᠠᠷᠭᠠᠬᠤ︾ ᠵᠠᠷᠴᠢᠮ ᠢᠶᠠᠷ ᠳ᠋ᠠᠶᠢᠲ᠋ᠠ ᠶᠢ ᠡᠭᠦᠯᠡᠨ ᠲᠠᠪᠴᠠᠩ ᠳᠤ ᠭᠠᠷᠭᠠᠬᠤ ᠶᠢ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠭᠦᠢᠴᠡᠳᠬᠡᠵᠦ ᠳᠡᠶᠢᠯᠭᠦ︾ ᠠᠴᠠ ︽ᠲᠦᠷᠭᠡᠨ ᠭᠦᠢᠴᠡᠳᠬᠡᠬᠦ᠂ ᠠᠮᠠᠷᠬᠠᠨ ᠭᠦᠢᠴᠡᠳᠬᠡᠬᠦ᠂ ᠰᠠᠶᠢᠲᠤᠷ ᠭᠦᠢᠴᠡᠳᠬᠡᠬᠦ︾ ᠲᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠳ᠋ᠠᠶᠢᠲ᠋ᠠ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠭᠦᠯᠵᠦ᠂ ᠬᠠᠯᠳᠠᠨ ᠣᠷᠣᠬᠤ ᠶᠢ ᠰᠡᠷᠭᠡᠶᠢᠯᠡᠵᠦ᠂ ᠬᠤᠯᠠᠭᠠᠶᠢᠯᠠᠨ ᠠᠪᠬᠤ ᠶᠢ ᠰᠡᠷᠭᠡᠶᠢᠯᠡᠵᠦ᠂ ᠨᠢᠭᠤᠴᠠ ᠶᠢ ᠵᠠᠳᠠᠷᠠᠭᠤᠯᠬᠤ ᠶᠢ ᠰᠡᠷᠭᠡᠶᠢᠯᠡᠵᠦ᠂ ᠳ᠋ᠠᠶᠢᠲ᠋ᠠ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃
ᠪᠦᠦ ᠰᠢᠶᠠᠨ ᠬᠤᠸᠠ ᠠᠵᠢᠯᠯᠠᠭ᠎ᠠ ᠳᠤ ᠣᠷᠣᠯᠴᠠᠵᠠᠢ᠃