︽5.1︾ ᠤ ᠬᠤᠭᠤᠴᠠᠭᠠᠨ ᠳᠤ ᠂ ᠭᠤᠣᠯᠳᠠᠯᠭ᠎ᠠ ᠲᠠᠢ ᠬᠢᠨᠠᠨ ᠬᠡᠮᠵᠢᠭᠰᠡᠨ ᠪᠥᠬᠦ ᠣᠷᠣᠨ ᠤ 358 ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠵᠣᠭᠤᠰᠤᠨ ᠲᠤᠭ᠎ᠠ ᠨᠡᠶᠢᠲᠡ 15.77 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 2.3% ᠨᠡᠮᠡᠭᠳᠡᠪᠡ ᠃
︽ 5·1 ︾ ᠤ ᠠᠮᠠᠷᠠᠯᠲᠠ ᠪᠠᠷ᠂ ᠮᠠᠨ ᠤ ᠣᠷᠣᠨ ᠤ ᠡᠯ᠎ᠡ ᠲᠣᠮᠣ ᠬᠤᠳᠠᠯᠳᠤᠭᠠᠨ ᠤ ᠲᠣᠭᠤᠷᠢᠭ ᠲᠠᠬᠢ ᠬᠥᠮᠥᠨ ᠤ ᠲᠤᠭ᠎ᠠ ᠮᠡᠳᠡᠭᠳᠡᠮ᠎ᠡ ᠨᠡᠮᠡᠭᠳᠡᠵᠦ ᠂ ᠵᠠᠬ᠎ᠠ ᠳᠡᠯᠭᠡᠭᠦᠷ ᠤᠳ ᠢᠶᠠᠷ ᠬᠥᠭᠵᠢᠶᠡᠨᠲᠦ ᠪᠠᠶᠢᠳᠠᠯ ᠢᠯᠡᠷᠡᠵᠡᠢ ᠃ ᠬᠥᠬᠡᠬᠤᠲᠠ ᠶᠢᠨ ᠵᠦᠩ ᠱᠠᠨ ᠵᠠᠮ ᠤᠨ ᠬᠤᠳᠠᠯᠳᠤᠭᠠᠨ ᠤ ᠲᠣᠭᠤᠷᠢᠭ᠂ ᠪᠤᠭᠤᠲᠤ ᠶᠢᠨ ᠪᠦᠷᠢᠨ ᠪᠠᠷᠠᠭᠠᠲᠤ ᠬᠤᠳᠠᠯᠳᠤᠭᠠᠨ ᠤ ᠲᠣᠭᠤᠷᠢᠭ᠂ ᠣᠷᠳᠣᠰ ᠤᠨ ᠳᠠᠯᠠᠳ ᠬᠤᠶᠢᠲᠤ ᠵᠠᠮ ᠤᠨ ᠬᠤᠳᠠᠯᠳᠤᠭᠠᠨ ᠤ ᠲᠣᠭᠤᠷᠢᠭ᠂ ᠤᠯᠠᠭᠠᠨᠬᠠᠳᠠ ᠬᠤᠳᠠ ᠶᠢᠨ ᠬᠥᠭᠦᠷᠭᠡᠨ ᠬᠤᠶᠢᠲᠤ ᠶᠢᠨ ᠬᠤᠳᠠᠯᠳᠤᠭᠠᠨ ᠤ ᠲᠣᠭᠤᠷᠢᠭ ᠵᠡᠷᠭᠡ ᠭᠠᠵᠠᠷ ᠢᠶᠠᠷ ᠵᠣᠷᠴᠢᠭᠴᠢᠳ ᠤᠨ ᠲᠤᠭ᠎ᠠ ᠮᠠᠰᠢ ᠶᠡᠭᠡ ᠪᠠᠷ ᠨᠡᠮᠡᠭᠳᠡᠵᠦ ᠂ ᠵᠣᠷᠴᠢᠭᠴᠢᠳ ᠤᠨ ᠲᠤᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠪᠦᠷᠢ 30.2% ᠂ 23.7% ᠂ 21.6% ᠂ 19.8% ᠪᠠᠷ ᠨᠡᠮᠡᠭᠳᠡᠪᠡ᠃
ᠡᠨᠡ ᠵᠢᠯ ᠤᠨ ︽5.1︾ ᠤ ᠠᠮᠠᠷᠠᠯᠲᠠ ᠪᠠᠷ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠳ ᠬᠠᠭᠤᠴᠢᠨ ᠬᠡᠷᠡᠭᠯᠡᠭᠡ ᠶᠢᠨ ᠵᠦᠢᠯᠡᠰ ᠢ ᠰᠢᠨ᠎ᠡ ᠪᠠᠷ ᠰᠣᠯᠢᠬᠤ ᠠᠵᠢᠯ ᠢᠶᠠᠨ ︽5.1︾ ᠤ ᠬᠡᠷᠡᠭᠯᠡᠭᠡ ᠶᠢ ᠠᠬᠢᠭᠤᠯᠬᠤ ᠭᠤᠣᠯᠳᠠᠯᠭ᠎ᠠ ᠪᠦᠬᠦᠢ ᠠᠵᠢᠯᠯᠠᠭ᠎ᠠ ᠯᠤᠭ᠎ᠠ ᠭᠦᠨᠵᠡᠭᠡᠢ ᠤᠶᠠᠯᠳᠤᠭᠤᠯᠬᠤ ᠪᠠᠷ ᠨᠢᠭᠡᠲᠦᠯᠲᠡᠢ ᠲᠥᠯᠥᠪᠯᠡᠵᠦ ᠂ ᠬᠡᠷᠡᠭᠯᠡᠭᠡ ᠶᠢᠨ ᠰᠢᠨ᠎ᠡ ᠳᠠᠯᠳᠠ ᠬᠦᠴᠦᠨ ᠢ ᠰᠡᠷᠭᠦᠭᠡᠭᠰᠡᠨ ᠪᠠᠶᠢᠨ᠎ᠠ᠃ ᠣᠲᠣ ᠪᠣᠯᠲᠠᠯ᠎ᠠ ᠂ ᠪᠥᠬᠦ ᠣᠷᠣᠨ ᠳᠤ ᠬᠠᠭᠤᠴᠢᠨ ᠬᠡᠷᠡᠭᠯᠡᠭᠡ ᠶᠢᠨ ᠵᠦᠢᠯᠡᠰ ᠢ ᠰᠢᠨ᠎ᠡ ᠪᠠᠷ ᠰᠣᠯᠢᠬᠤ ᠨᠥᠬᠦᠪᠦᠷᠢ ᠪᠡᠯᠡ ᠮᠥᠩᠭᠦ ᠶᠢ 18.8 ᠳ᠋ᠦᠩᠰᠢᠭᠤᠷ ᠲᠥᠭᠦᠷᠢᠭ ᠪᠠᠭᠤᠯᠭᠠᠨ ᠨᠥᠬᠦᠪᠦᠷᠢᠯᠡᠵᠦ ᠂ ᠨᠡᠶᠢᠲᠡ 158 ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠭᠰᠠᠨ ᠢᠶᠠᠷ᠂ ᠠᠷᠠᠳ ᠣᠯᠠᠨ ᠤ ᠪᠠᠷᠠᠭ᠎ᠠ ᠬᠤᠳᠠᠯᠳᠤᠨ ᠠᠪᠬᠤ ᠤᠷᠮ᠎ᠠ ᠶᠢ ᠬᠥᠭᠵᠢᠭᠡᠨ᠂ ᠲᠥᠷᠥ ᠶᠢᠨ ᠪᠣᠳᠣᠯᠭ᠎ᠠ ᠶᠢᠨ ᠠᠰᠢᠭ ᠢ ᠬᠦᠷᠲᠡᠭᠡᠪᠡ᠃
ᠡᠨᠡ ᠬᠦ ᠠᠮᠠᠷᠠᠯᠲᠠ ᠪᠠᠷ᠂ ᠪᠥᠬᠦ ᠣᠷᠣᠨ ᠤ ᠡᠯ᠎ᠡ ᠲᠣᠮᠣ ᠢᠳᠡᠭᠡᠨ ᠤᠮᠳᠠᠭᠠᠨ ᠤ ᠠᠵᠤ ᠠᠬᠤᠶᠢᠯᠠᠯ ᠤᠳ ᠴᠠᠭ ᠲᠤᠬᠠᠢ ᠳᠤ ᠨᠢ ᠥᠪᠡᠷᠮᠢᠴᠡ ᠣᠨᠴᠠᠯᠢᠭ ᠲᠠᠢ ᠢᠳᠡᠭᠡᠨ ᠤᠮᠳᠠᠭᠠᠨ ᠭᠠᠷᠭᠠᠭᠠᠳ ᠣᠷᠣᠨ ᠤ ᠳᠣᠲᠣᠨ᠎ᠠ ᠭᠠᠳᠠᠨᠠᠬᠢ ᠮᠠᠰᠢ ᠣᠯᠠᠨ ᠬᠡᠷᠡᠭᠯᠡᠭᠴᠢᠳ ᠤᠨ ᠠᠩᠬᠠᠷᠤᠯ ᠢ ᠳᠠᠲᠠᠭᠰᠠᠨ ᠪᠠᠶᠢᠨ᠎ᠠ ᠃ ᠬᠢᠨᠠᠨ ᠬᠡᠮᠵᠢᠭᠰᠡᠨ ᠲᠤᠭ᠎ᠠ ᠪᠠᠷᠢᠮᠲᠠ ᠪᠠᠷ ᠪᠣᠯ᠂ ᠪᠥᠬᠦ ᠣᠷᠣᠨ ᠤ ᠭᠤᠣᠯᠳᠠᠯᠭ᠎ᠠ ᠲᠠᠢ ᠬᠢᠨᠠᠨ ᠬᠡᠮᠵᠢᠭᠰᠡᠨ ᠢᠳᠡᠭᠡᠨ ᠤᠮᠳᠠᠭᠠᠨ ᠤ 75 ᠠᠵᠤ ᠠᠬᠤᠶᠢᠯᠠᠯ ᠤᠨ ᠪᠣᠷᠣᠯᠠᠭᠤᠯᠤᠭᠰᠠᠨ ᠵᠣᠭᠤᠰᠤᠨ ᠲᠤᠭ᠎ᠠ ᠨᠡᠶᠢᠲᠡ 3803.3 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠪᠡ ᠃