4 ᠰᠠᠷ᠎ᠠ ᠶᠢᠨ 24 ᠤ ᠡᠳᠦᠷ ᠂ ᠥᠪᠥᠷ ᠮᠣᠩᠭᠤᠯ ᠤᠨ ᠫᠢᠩ ᠵᠤᠸᠠᠩ ᠨᠡᠭᠦᠷᠡᠰᠦᠨ ᠤ ᠦᠢᠯᠡᠰ ︵ ᠪᠦᠯᠦᠭᠯᠡᠯ ︶ ᠤᠨ ᠬᠢᠵᠠᠭᠠᠷᠲᠤ ᠺᠤᠮᠫᠠᠨᠢ ᠶᠢᠨ ᠶᠤᠸᠠᠨ ᠪᠦᠦ ᠱᠠᠨ ᠵᠠᠳᠠᠭᠠᠢ ᠨᠡᠭᠦᠷᠡᠰᠦᠨ ᠠᠭᠤᠷᠬᠠᠢ ᠳᠤ ᠭᠤᠮ ᠪᠦᠰᠡᠲᠦ ᠮᠠᠰᠢᠨ ᠲᠠᠰᠤᠷᠠᠯᠳᠠ ᠦᠭᠡᠢ ᠨᠡᠭᠦᠷᠡᠰᠦ ᠵᠥᠭᠡᠭᠡᠪᠦᠷᠢᠯᠡᠵᠦ ᠂ ᠴᠠᠭᠢᠯᠭᠠᠨ ᠮᠠᠰᠢᠨ ᠤ ᠳᠠᠭᠤᠨ ᠴᠢᠬᠢ ᠳᠣᠷᠭᠢᠭᠤᠯᠵᠤ ᠬᠤᠯᠠ ᠠᠴᠠ ᠬᠦᠩᠭᠢᠨᠡᠨ ᠰᠣᠨᠣᠰᠳᠠᠵᠤ ᠪᠠᠶᠢᠯ᠎ᠠ ᠃ ᠠᠭᠤᠷᠬᠠᠢ ᠮᠠᠯᠲᠠᠬᠤ ᠨᠢᠭᠡᠳᠦᠭᠡᠷ ᠬᠡᠯᠲᠡᠰ ᠤᠨ ᠴᠠᠭᠢᠯᠭᠠᠨ ᠲᠤᠨᠤᠭ ᠲᠥᠬᠦᠭᠡᠷᠦᠮᠵᠢ ᠪᠠᠶᠢᠴᠠᠭᠠᠨ ᠵᠠᠰᠠᠬᠤ ᠠᠩᠭᠢ ᠶᠢᠨ ᠳᠠᠷᠤᠭ᠎ᠠ ᠢᠦᠢ ᠴᠠᠩ ᠵᠧᠩ ᠬᠠᠯᠢᠪ ᠢᠶᠠᠨ ᠭᠤᠮ ᠪᠦᠰᠡᠲᠦ ᠮᠠᠰᠢᠨ ᠲᠠᠢ ᠨᠠᠭᠠᠯᠳᠤᠭᠤᠯᠵᠤ ᠂ ᠴᠢᠬᠢ ᠪᠠᠨ ᠣᠶᠢᠷᠠᠲᠤᠭᠤᠯᠤᠨ ᠮᠠᠰᠢᠨ ᠮᠧᠬᠠᠨᠢᠭ ᠤᠨ ᠲᠠᠭᠤ ᠶᠢ ᠴᠢᠩᠨᠠᠨ᠎ᠠ ᠃ ︽ᠭᠤᠮ ᠪᠦᠰᠡᠲᠦ ᠮᠠᠰᠢᠨ ᠤ ᠬᠦᠩᠭᠢᠨᠡᠬᠦ ᠳᠠᠭᠤᠨ ᠮᠠᠰᠢᠨ ᠬᠡᠪ ᠤᠨ ᠪᠠᠶᠢᠨ᠎ᠠ ︾ ᠭᠡᠵᠦ ᠲᠡᠷᠡ ᠬᠡᠯᠡᠬᠦ ᠶᠢᠨ ᠳᠠᠭᠠᠤ ᠲᠡᠮᠳᠡᠭᠯᠡᠨ᠎ᠡ ᠃ ᠡᠨᠡ ᠪᠣᠯ ᠳᠠᠷᠤᠢ ᠢᠦᠢ ᠴᠠᠩ ᠵᠧᠩ ᠤᠨ ᠡᠳᠦᠷ ᠲᠤᠲᠤᠮ ᠤᠨ ᠠᠵᠢᠯ ᠪᠣᠯᠣᠨ᠎ᠠ ᠃
1993 ᠣᠨ ᠳᠤ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠢᠦᠢ ᠴᠠᠩ ᠵᠧᠩ ᠶᠤᠸᠠᠨ ᠪᠦᠦ ᠱᠠᠨ ᠵᠠᠳᠠᠭᠠᠢ ᠨᠡᠭᠦᠷᠡᠰᠦᠨ ᠠᠭᠤᠷᠬᠠᠢ ᠳᠤ ᠬᠤᠪᠢᠶᠠᠭᠳᠠᠨ ᠴᠠᠭᠢᠯᠭᠠᠨ ᠲᠤᠨᠤᠭ ᠲᠥᠬᠦᠭᠡᠷᠦᠮᠵᠢ ᠰᠡᠯᠪᠢᠨ ᠵᠠᠰᠠᠬᠤ ᠠᠵᠢᠯ ᠬᠢᠪᠡ ᠃ ᠲᠤᠬᠠᠢ ᠶᠢᠨ ᠦᠶ᠎ᠡ ᠳᠤ ᠲᠣᠰ ᠠᠭᠤᠷᠬᠠᠢ ᠪᠦᠭᠦ ᠤᠯᠤᠰ ᠤᠨ ᠬᠠᠮᠤᠭ ᠤᠨ ᠶᠡᠭᠡ ᠦᠷᠭᠦᠯᠵᠢᠯᠡᠭᠰᠡᠨ ᠮᠠᠯᠲᠠᠵᠤ ᠭᠠᠳᠠᠭᠰᠢᠯᠠᠭᠤᠯᠬᠤ ᠰᠢᠰᠲ᠋ᠧᠮ ᠲᠠᠢ ᠪᠠᠶᠢᠵᠤ ᠂ ᠲᠡᠭᠦᠨ ᠤ ᠭᠤᠣᠯ ᠲᠤᠨᠤᠭ ᠲᠥᠬᠦᠭᠡᠷᠦᠮᠵᠢ ᠪᠤᠯᠬᠤ ᠬᠦᠷᠳᠦᠲᠦ ᠤᠬᠤᠭᠤᠷ ᠮᠠᠰᠢᠨ ᠨᠢ ᠲᠤᠬᠠᠢ ᠶᠢᠨ ᠦᠶ᠎ᠡ ᠳᠤ ᠠᠭᠤᠷᠬᠠᠢ ᠶᠢᠨ ᠬᠡᠪ ᠤᠨ ᠠᠵᠢᠯᠯᠠᠭ᠎ᠠ ᠶᠢ ᠪᠠᠲᠤᠯᠠᠬᠤ ᠵᠠᠩᠭᠢᠯᠠᠭ᠎ᠠ ᠶᠢᠨ ᠲᠥᠬᠦᠭᠡᠷᠦᠮᠵᠢ ᠪᠣᠯᠵᠤ ᠪᠠᠶᠢᠪᠠ ᠃
ᠲᠤᠬᠠᠢ ᠶᠢᠨ ᠦᠶ᠎ᠡ ᠳᠤ 30 ᠭᠠᠷᠤᠢ ᠮᠧᠲᠷ ᠥᠨᠳᠥᠷ ᠪᠦᠬᠦᠢ ᠬᠦᠷᠳᠦᠲᠦ ᠤᠬᠤᠭᠤᠷ ᠮᠠᠰᠢᠨ ᠢ ᠠᠵᠢᠯᠴᠢᠨ ᠤ ᠭᠠᠷ ᠢᠶᠠᠷ ᠢᠶᠠᠨ ᠡᠷᠭᠢᠭᠦᠯᠵᠦ ᠵᠢᠯᠣᠭᠤᠳᠤᠨ ᠨᠡᠭᠦᠷᠡᠰᠦ ᠶᠢ ᠠᠷᠪᠠᠨ ᠬᠡᠳᠦᠨ ᠭᠠᠵᠠᠷ ᠦᠷᠭᠦᠯᠵᠢᠯᠡᠭᠰᠡᠨ ᠭᠤᠮ ᠪᠦᠰᠡᠨ ᠳᠡᠭᠡᠷ᠎ᠡ ᠲᠠᠰᠤᠷᠠᠯᠲᠠ ᠦᠭᠡᠢ ᠵᠥᠭᠡᠭᠡᠪᠦᠷᠢᠯᠡᠨ ᠬᠦᠷᠭᠡᠵᠦ ᠪᠠᠶᠢᠬᠤ ᠶᠢ ᠦᠵᠡᠭᠡᠳ ᠂ ᠢᠦᠢ ᠴᠠᠩ ᠵᠧᠩ ᠶᠡᠬᠡᠳᠡ ᠭᠠᠶᠢᠬᠠᠪᠠ ᠂ ᠲᠡᠷᠡ ᠄ ︽ᠪᠢ ᠲᠤᠬᠠᠢ ᠶᠢᠨ ᠦᠶ᠎ᠡ ᠳᠤ ᠡᠨᠡ ᠬᠦ ᠮᠠᠰᠢᠨ ᠢ ᠵᠠᠪᠠᠯ ᠰᠠᠶᠢᠲᠤᠷ ᠣᠶᠢᠯᠠᠭᠠᠬᠤ ᠪᠠᠷ ᠰᠡᠮᠡᠭᠡᠷ ᠵᠣᠷᠢᠭ ᠰᠢᠭᠤᠳᠤᠭᠰᠠᠨ ︾ ᠭᠡᠪᠡ ᠃
ᠲᠠᠶᠢᠮᠦ ᠰᠠᠶᠢᠨ ᠰᠤᠷᠭᠠᠭᠤᠯᠢ ᠳᠤ ᠰᠤᠷᠤᠯᠴᠠᠵᠤ ᠥᠩᠭᠡᠷᠡᠭᠰᠡᠨ ᠦᠭᠡᠢ ᠭᠡᠵᠦ ᠪᠤᠳᠤᠳᠠᠭ ᠢᠦᠢ ᠴᠠᠩ ᠵᠧᠩ ︽ᠰᠢᠷᠭᠤᠯᠵᠢ ᠶᠠᠰᠤ ᠬᠡᠮᠡᠯᠢᠬᠦ ︾ ᠮᠠᠶ᠋ᠢᠭ ᠤᠨ ᠦᠰᠦᠨ ᠪᠣᠶᠢᠵᠢᠬᠤ ᠶᠠᠪᠤᠴᠠ ᠪᠠᠨ ᠡᠬᠢᠯᠡᠭᠦᠯᠵᠦ ᠂ ᠲᠣᠨᠤᠭ ᠲᠥᠬᠦᠭᠡᠷᠦᠮᠵᠢ ᠶᠢᠨ ᠤᠭ ᠶᠣᠰᠣ ᠶᠢ ᠨᠠᠷᠢᠨ ᠬᠢᠨᠠᠮᠠᠭᠠᠢ ᠰᠤᠳᠤᠯᠵᠤ ᠂ ᠴᠠᠭᠢᠯᠭᠠᠨ ᠬᠡᠯᠬᠢᠶ᠎ᠡ ᠶᠢᠨ ᠵᠢᠷᠤᠭ ᠵᠢᠷᠤᠵᠤ ᠂ ᠲᠤᠰᠬᠠᠢ ᠮᠡᠷᠭᠡᠵᠢᠯ ᠤᠨ ᠨᠣᠮ ᠪᠢᠴᠢᠭ ᠢ ᠰᠤᠳᠤᠯᠤᠨ ᠤᠩᠰᠢᠵᠤ ᠂ ᠠᠯᠬᠤᠮ ᠠᠯᠬᠤᠮ ᠢᠶᠠᠷ ᠴᠠᠭᠢᠯᠭᠠᠨ ᠲᠤᠨᠤᠭ ᠲᠥᠬᠦᠭᠡᠷᠦᠮᠵᠢ ᠰᠡᠯᠪᠢᠨ ᠵᠠᠰᠠᠬᠤ ᠭᠤᠣᠯᠯᠠᠭᠴᠢ ᠬᠦᠴᠦᠨ ᠪᠣᠯᠤᠭᠰᠠᠨ ᠪᠠᠶᠢᠨ᠎ᠠ ᠃
2008 ᠣᠨ ᠠᠴᠠ ᠡᠬᠢᠯᠡᠨ ᠢᠦᠢ ᠴᠠᠩ ᠵᠧᠩ ᠲᠢᠶᠠᠨᠵᠢᠨ ᠤ ᠴᠠᠭᠢᠯᠭᠠᠨ ᠳᠠᠮᠵᠢᠭᠤᠯᠭ᠎ᠠ ᠶᠢᠨ ᠰᠤᠳᠤᠯᠭᠠᠨ ᠤ ᠬᠦᠷᠢᠶᠡᠯᠡᠩ ᠂ ᠲᠢᠶᠠᠨᠵᠢᠨ ᠤ ᠴᠠᠭᠢᠯᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠤᠮᠫᠠᠨᠢ ᠵᠡᠷᠭᠡ ᠨᠢᠭᠡᠴᠢ ᠲᠠᠢ ᠣᠯᠠᠨ ᠤᠳᠠᠭ᠎ᠠ ᠬᠠᠮᠲᠤᠷᠠᠯᠴᠠᠨ ᠂ 31 ᠭᠤᠮ ᠪᠦᠰᠡᠲᠦ ᠮᠠᠰᠢᠨ ᠤ ᠴᠠᠭᠢᠯᠭᠠᠨ ᠲᠣᠬᠢᠷᠠᠭᠤᠯᠬᠤ ᠥᠷᠲᠡᠭᠡ ᠂ 3 ᠬᠡᠮᠬᠡᠯᠬᠦ ᠥᠷᠲᠡᠭᠡ ᠶᠢᠨ ᠡᠵᠡᠮᠰᠢᠯ ᠤᠨ ᠰᠢᠰᠲ᠋ᠧᠮ ᠢ ᠲᠠᠰ ᠳᠡᠪᠰᠢᠭᠦᠯᠦᠨ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ ᠂ ᠪᠠᠰᠠ 1 ᠳ᠋ᠦ᠋ᠭᠡᠷ ᠨᠣᠮᠧᠷᠲᠤ ᠬᠦᠷᠳᠦᠲᠦ ᠮᠠᠰᠢᠨ ᠂ 2 ᠳ᠋ᠤᠭᠠᠷ ᠨᠣᠮᠧᠷᠲᠤ ᠬᠦᠷᠳᠦᠲᠦ ᠤᠬᠤᠭᠤᠷ ᠮᠠᠰᠢᠨ ᠢ ᠲᠠᠰ ᠳᠡᠪᠰᠢᠭᠦᠯᠦᠨ ᠰᠠᠶᠢᠵᠢᠷᠠᠭᠤᠯᠪᠠ ᠃ ᠨᠠᠩ ᠮᠠᠭᠲᠠᠭᠤᠰᠢᠲᠠᠢ ᠨᠢ ᠭᠡᠪᠡᠯ ᠂ ᠲᠡᠷᠡ 1200 kw ᠤᠨ ᠲᠣᠭᠲᠠᠮᠠᠯ ᠰᠣᠷᠢᠨᠵᠢᠨ ᠥᠩᠬᠦᠷᠢᠭᠦᠯ ᠳᠡᠭᠡᠷ᠎ᠡ ᠥᠨᠳᠥᠷ ᠳᠠᠷᠤᠯᠲᠠᠲᠤ ᠳᠠᠪᠲᠠᠮᠵᠢ ᠬᠤᠪᠢᠰᠬᠠᠭᠤᠷ ᠨᠡᠮᠡᠭᠡᠳ ᠴᠢᠮᠡᠭᠡ ᠬᠤᠯᠪᠣᠭᠠᠨ ᠤ ᠬᠠᠷᠰᠢᠯᠠᠯ ᠤᠨ ᠮᠡᠷᠭᠡᠵᠢᠯ ᠤᠨ ᠪᠡᠷᠬᠡ ᠠᠰᠠᠭᠤᠳᠠᠯ ᠢ ᠠᠮᠵᠢᠯᠲᠠ ᠲᠠᠢ ᠰᠢᠢᠳᠪᠦᠷᠢᠯᠡᠵᠡᠢ ᠃
ᠶᠤᠸᠠᠨ ᠪᠦᠦ ᠱᠠᠨ ᠵᠠᠳᠠᠭᠠᠢ ᠨᠡᠭᠦᠷᠡᠰᠦᠨ ᠠᠭᠤᠷᠬᠠᠢ ᠶᠢᠨ ᠠᠭᠤᠷᠬᠠᠢ ᠮᠠᠯᠲᠠᠬᠤ ᠨᠢᠭᠡᠳᠦᠭᠡᠷ ᠬᠡᠯᠲᠡᠰ ᠤᠨ ᠳᠡᠳ᠋ ᠳᠠᠭᠠᠭᠠᠮᠠᠯ ᠰᠢᠶᠧ ᠶᠢᠨ ᠯᠦᠩ ᠄ ︽ᠢᠦᠢ ᠴᠠᠩ ᠵᠧᠩ ᠲᠣᠨᠤᠭ ᠲᠥᠬᠦᠭᠡᠷᠦᠮᠵᠢ ᠶᠢ ᠲᠠᠰ ᠳᠡᠪᠰᠢᠭᠦᠯᠦᠨ ᠰᠠᠶᠢᠵᠢᠷᠠᠭᠤᠯᠤᠭᠰᠠᠨ ᠤ ᠳᠠᠷᠠᠭ᠎ᠠ ᠂ ᠮᠠᠰᠢᠨ ᠤ ᠡᠪᠳᠡᠷᠡᠬᠦ ᠨᠢ ᠴᠥᠭᠡᠷᠡᠭᠰᠡᠨ ᠪᠥᠭᠡᠳ ᠡᠪᠳᠡᠷᠡᠭᠰᠡᠨ ᠴᠦ ᠤᠳᠠᠭᠰᠠᠨ ᠦᠭᠡᠢ ᠵᠠᠰᠠᠵᠤ ᠂ ᠲᠣᠨᠤᠭ ᠲᠥᠬᠦᠭᠡᠷᠦᠮᠵᠢ ᠶᠢᠨ ᠬᠦᠨᠳᠦ ᠠᠴᠢᠶᠠᠯᠠᠯ ᠠᠴᠠ ᠪᠣᠯᠤᠭᠰᠠᠨ ᠭᠤᠮ ᠪᠦᠰᠡ ᠶᠢᠨ ᠵᠠᠯᠭᠠᠭᠠᠰᠤ ᠬᠠᠭᠠᠷᠠᠬᠤ ᠂ ᠡᠯᠡᠭᠳᠡᠬᠦ ᠵᠡᠷᠭᠡ ᠠᠯᠢ ᠣᠯᠠᠨ ᠠᠰᠠᠭᠤᠳᠠᠯ ᠪᠠᠭᠠᠰᠴᠤ ᠂ ᠵᠢᠯ ᠪᠦᠷᠢ ᠠᠵᠤ ᠠᠬᠤᠶᠢᠯᠠᠯ ᠳᠤ 2000 ᠭᠠᠷᠤᠢ ᠲᠦᠮᠡᠨ ᠲᠥᠭᠦᠷᠢᠭ ᠤᠨ ᠥᠪᠡᠷ ᠤᠨ ᠥᠷᠲᠡᠭ ᠢ ᠠᠷᠪᠢᠯᠠᠵᠠᠢ ︾ ᠭᠡᠵᠦ ᠲᠠᠨᠢᠯᠴᠠᠭᠤᠯᠪᠠ ᠃
2018 ᠣᠨ ᠳᠤ ᠬᠤᠶᠠᠳᠤᠭᠠᠷ ᠳᠡᠰ ᠤᠨ ᠬᠡᠮᠬᠡᠯᠬᠦ ᠥᠷᠲᠡᠭᠡ ᠪᠣᠯᠣᠨ ᠭᠤᠮ ᠪᠦᠰᠡᠲᠦ ᠮᠠᠰᠢᠨ 311 ᠨᠣᠮᠧᠷᠲᠤ ᠪᠠ 321 ᠨᠣᠮᠧᠷᠲᠤ ᠴᠢᠮᠡᠭᠡ ᠬᠤᠯᠪᠣᠭᠠᠨ ᠤ ᠵᠠᠯᠭᠠᠯᠲᠠ ᠳᠤ ᠦᠷᠭᠦᠯᠵᠢ ᠮᠠᠰᠢᠨ ᠵᠣᠬᠰᠣᠬᠤ ᠦᠵᠡᠭᠳᠡᠯ ᠭᠠᠷᠴᠤ ᠂ ᠢᠦᠢ ᠴᠠᠩ ᠵᠧᠩ ᠬᠤᠪᠢᠰᠤᠮᠠᠯ ᠭᠦᠶᠦᠳᠡᠯᠲᠦ ᠴᠠᠭᠢᠯᠭᠠᠨ ᠡᠭᠦᠰᠬᠡᠭᠴᠢ ᠶᠢ ᠲᠣᠭᠲᠠᠮᠠᠯ ᠭᠦᠶᠦᠳᠡᠯᠲᠦ ᠴᠠᠭᠢᠯᠭᠠᠨ ᠡᠭᠦᠰᠬᠡᠭᠴᠢ ᠪᠤᠯᠭᠠᠵᠤ ᠂ ᠤᠤᠯ ᠤᠨ ᠲᠠᠲᠠᠬᠳᠠᠭᠤᠷ ᠪᠠ ᠴᠠᠭᠢᠯᠭᠠᠨ ᠤᠲᠠᠰᠤᠨ ᠤ ᠵᠠᠯᠭᠠᠯᠲᠠ ᠶᠢᠨ ᠳᠠᠮᠵᠢᠭᠤᠯᠭ᠎ᠠ ᠶᠢᠨ ᠳᠣᠬᠢᠶ᠎ᠠ ᠶᠢ PLC ᠫᠷᠣᠭ᠍ᠷᠠᠮ ᠪᠠ ᠭᠡᠷᠡᠯ ᠰᠢᠷᠬᠡᠭ ᠤᠨ ᠵᠠᠯᠭᠠᠯᠲᠠ ᠶᠢᠨ ᠳᠣᠭᠢᠶᠠᠨ ᠤ ᠳᠠᠮᠵᠢᠭᠤᠯᠭ᠎ᠠ ᠪᠣᠯᠭᠠᠨ ᠥᠭᠡᠷᠡᠴᠢᠯᠡᠭᠰᠡᠨ ᠢᠶᠠᠷ ᠪᠠᠶᠢᠨ ᠳᠠᠭᠢᠨ ᠭᠠᠷᠳᠠᠭ ᠲᠤᠰ ᠠᠰᠠᠭᠤᠳᠠᠯ ᠢ ᠲᠣᠬᠢᠲᠠᠢ ᠰᠢᠢᠳᠪᠦᠷᠢᠯᠡᠪᠡ ᠃
︽ᠲᠥᠬᠦᠭᠡᠷᠦᠮᠵᠢ ᠳᠤ ᠠᠰᠠᠭᠤᠳᠠᠯ ᠭᠠᠷᠤᠮᠠᠭᠴᠠ ᠂ ᠲᠣᠬᠢᠷᠠᠭᠤᠯᠬᠤ ᠲᠠᠰᠤᠭ ᠠᠴᠠ ᠠᠰᠠᠭᠤᠳᠠᠯ ᠭᠠᠷᠤᠭᠰᠠᠨ ᠰᠢᠯᠲᠠᠭᠠᠨ ᠵᠢᠴᠢ ᠡᠷᠢᠬᠦ ᠴᠢᠬᠤᠯᠠᠲᠠᠢ ᠲᠤᠨᠤᠭ ᠰᠡᠯᠪᠢᠭ ᠤᠨ ᠨᠣᠮᠧᠷ ᠢ ᠲᠣᠳᠣᠷᠬᠠᠢ ᠢᠯᠡᠷᠡᠭᠦᠯᠵᠦ ᠴᠢᠳᠠᠨ᠎ᠠ ︾ ᠭᠡᠵᠦ ᠢᠦᠢ ᠴᠠᠩ ᠵᠧᠩ ᠬᠡᠯᠡᠪᠡ ᠃
2018 ᠣᠨ ᠳᠤ 316 ᠨᠣᠮᠧᠷᠲᠤ ᠭᠤᠮ ᠪᠦᠰᠡ ᠶᠢᠨ ᠳᠤᠮᠳᠠ ᠬᠡᠰᠡᠭ ᠤᠨ ᠬᠦᠨᠳᠦ ᠠᠯᠤᠬ᠎ᠠ ᠬᠠᠵᠠᠶᠢᠵᠤ ᠂ ᠲᠥᠬᠦᠭᠡᠷᠦᠮᠵᠢ ᠶᠢᠨ ᠠᠮᠤᠷ ᠲᠦᠪᠰᠢᠨ ᠂ ᠬᠡᠪ ᠤᠨ ᠶᠣᠰᠣᠭᠠᠷ ᠠᠵᠢᠯᠯᠠᠬᠤ ᠶᠢ ᠬᠦᠨᠳᠦ ᠨᠣᠴᠢᠲᠠᠢ ᠨᠥᠯᠥᠭᠡᠯᠡᠪᠡ ᠃ ᠪᠦᠰᠡ ᠶᠢ ᠡᠷᠭᠢᠯᠳᠦᠭᠦᠯᠬᠦ ᠮᠠᠰᠢᠨ ᠳᠤᠨᠢ ᠨᠡᠭᠦᠷᠡᠰᠦ ᠨᠠᠭᠠᠯᠳᠤᠬᠤ ᠂ ᠥᠩᠬᠦᠷᠢᠭᠦᠯ ᠲᠦᠡᠭᠰᠠ ᠶᠢ ᠪᠣᠭᠤᠭᠰᠠᠨ ᠨᠠᠭᠠᠯᠲᠠ ᠨᠢ ᠵᠢᠭᠳᠡ ᠪᠤᠰᠤ ᠵᠢᠴᠢ ᠨᠡᠭᠦᠷᠡᠰᠦ ᠪᠠᠨ ᠪᠠᠭᠤᠯᠭᠠᠬᠤ ᠴᠡᠭ ᠨᠢ ᠰᠢᠯᠵᠢᠭᠰᠡᠨ ᠨᠢ ᠭᠤᠣᠯ ᠰᠢᠯᠲᠠᠭᠠᠨ ᠪᠤᠯᠬᠤ ᠶᠢ ᠢᠦᠢ ᠴᠠᠩ ᠵᠧᠩ ᠢᠯᠡᠷᠡᠭᠦᠯᠪᠡ ᠃
ᠲᠡᠷᠡ ᠲᠤᠬᠠᠢ ᠶᠢᠨ ᠭᠠᠵᠠᠷ ᠲᠤᠨᠢ ᠰᠢᠯᠭᠠᠨ ᠪᠠᠶᠢᠴᠠᠭᠠᠬᠤ ᠪᠠ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠬᠦ ᠪᠠᠷ ᠳᠠᠮᠵᠢᠨ ᠂ ᠡᠴᠦᠰ ᠲᠡᠭᠡᠨ ᠬᠡᠰᠡᠭ ᠬᠤᠪᠢᠶᠠᠭᠰᠠᠨ ᠮᠠᠶ᠋ᠢᠭ ᠤᠨ ᠬᠢᠨᠠᠨ ᠬᠡᠮᠵᠢᠬᠦ ᠲᠥᠰᠥᠯ ᠢ ᠬᠡᠷᠡᠭᠯᠡᠵᠦ ᠂ ᠭᠤᠮ ᠪᠦᠰᠡ ᠶᠢᠨ ᠳᠤᠮᠳᠠ ᠬᠡᠰᠡᠭ ᠤᠨ ᠬᠦᠨᠳᠦ ᠠᠯᠤᠬ᠎ᠠ ᠶᠢᠨ ᠣᠷᠣᠨ ᠤ ᠬᠤᠶᠠᠷ ᠬᠠᠵᠠᠭᠤ ᠪᠠᠷ ᠭᠦᠶᠦᠯᠲᠡ ᠶᠢᠨ ᠨᠡᠭᠡᠯᠡᠭᠡᠢ ᠨᠡᠮᠡᠨ ᠤᠭᠰᠠᠷᠠᠵᠤ ᠂ ᠭᠤᠮ ᠪᠦᠰᠡ ᠶᠢᠨ ᠠᠵᠢᠯᠯᠠᠭᠠᠨ ᠤ ᠪᠠᠶᠢᠳᠠᠯ ᠢ ᠴᠠᠭ ᠲᠤᠬᠠᠢ ᠳᠤᠨᠢ ᠬᠢᠨᠠᠨ ᠬᠡᠮᠵᠢᠬᠦ ᠪᠠᠷ ᠳᠤᠷᠠᠳᠴᠠᠢ ᠃
︽ᠭᠤᠮ ᠪᠦᠰᠡ ᠬᠠᠵᠠᠶᠢᠬᠤ ᠦᠵᠡᠭᠳᠡᠯ ᠭᠠᠷᠤᠮᠠᠭᠴᠠ ᠂ ᠲᠡᠷᠡ ᠳᠠᠷᠤᠢ ᠲᠣᠬᠢᠷᠠᠭᠤᠯᠬᠤ ᠲᠠᠰᠤᠭ ᠵᠦᠭ ᠬᠡᠯᠪᠡᠶᠢᠭᠰᠡᠨ ᠳᠣᠬᠢᠶ᠎ᠠ ᠪᠠᠨ ᠠᠦ᠋ᠲ᠋ᠣ᠋ ᠪᠠᠷ ᠮᠡᠳᠡᠭᠦᠯᠵᠦ ᠪᠣᠯᠣᠨ᠎ᠠ ︾ ᠭᠡᠵᠦ ᠢᠦᠢ ᠴᠠᠩ ᠵᠧᠩ ᠬᠡᠯᠡᠭᠰᠡᠨ ᠢᠶᠠᠨ ᠵᠠᠯᠭᠠᠭᠠᠳ ᠂ ᠬᠠᠵᠠᠭᠤ ᠶᠢᠨ ᠨᠡᠭᠡᠯᠡᠭᠡᠢ ᠶᠢ ᠨᠡᠭᠡᠭᠡᠬᠦ ᠨᠢ ᠭᠤᠮ ᠪᠦᠰᠡ ᠶᠢᠨ ᠭᠡᠮᠲᠦᠯ ᠤᠨ ᠲᠦᠭᠰᠢᠭᠦᠷᠢ ᠶᠢ 80% ᠪᠠᠷ ᠪᠠᠭᠤᠷᠠᠭᠤᠯᠵᠤ ᠂ ᠵᠢᠯ ᠤᠨ ᠬᠠᠮᠠᠭᠠᠯᠠᠯᠲᠠ ᠶᠢᠨ ᠥᠪᠡᠷ ᠤᠨ ᠥᠷᠲᠡᠭ ᠢ 50 ᠭᠠᠷᠤᠢ ᠲᠦᠮᠡᠨ ᠲᠥᠭᠦᠷᠢᠭ ᠠᠷᠪᠢᠯᠠᠵᠤ ᠂ ᠨᠡᠭᠦᠷᠡᠰᠦ ᠳᠠᠮᠵᠢᠭᠤᠯᠬᠤ ᠰᠢᠰᠲ᠋ᠧᠮ ᠢ 5 ᠵᠢᠯ ᠳᠠᠷᠠᠭᠠᠯᠠᠨ ︽ᠲᠥᠯᠥᠪᠯᠡᠭᠡ ᠠᠴᠠ ᠭᠠᠳᠠᠭᠤᠷ ᠮᠠᠰᠢᠨ ᠦᠯᠤ ᠵᠤᠬᠰᠤᠬᠤ ︾ ᠲᠡᠮᠳᠡᠭᠯᠡᠯ ᠢ ᠪᠠᠲᠤᠯᠠᠪᠠ ᠃
2019 ᠣᠨ ᠤ ᠳᠣᠣᠷ᠎ᠠ ᠬᠠᠭᠠᠰ ᠵᠢᠯ ᠳᠤ ᠭᠤᠮ ᠪᠦᠰᠡᠲᠦ ᠮᠠᠰᠢᠨ ᠭᠡᠨᠡᠳᠲᠡ ᠵᠣᠭᠰᠣᠵᠤ ᠂ ᠭᠡᠮᠲᠦᠯ ᠭᠠᠷᠤᠭᠰᠠᠨ ᠰᠢᠯᠲᠠᠭᠠᠨ ᠢ ᠡᠷᠢᠵᠦ ᠣᠯᠬᠤ ᠦᠭᠡᠢ ᠂ ᠦᠢᠯᠡᠳᠪᠦᠷᠢᠯᠡᠯ ᠤᠭ ᠤᠨ ᠲᠥᠯᠥᠪᠯᠡᠭᠡ ᠶᠣᠰᠣᠭᠠᠷ ᠶᠠᠪᠤᠭᠳᠠᠬᠤ ᠠᠷᠭ᠎ᠠ ᠦᠭᠡᠢ ᠪᠣᠯᠪᠠ ᠃ ᠲᠤᠬᠠᠢ ᠶᠢᠨ ᠦᠶ᠎ᠡ ᠳᠤ ᠶᠠᠭ ᠦᠢᠯᠡᠳᠪᠦᠷᠢᠯᠡᠯ ᠤᠨ ᠬᠠᠩᠭᠠᠯᠭ᠎ᠠ ᠶᠢ ᠪᠠᠲᠤᠯᠠᠬᠤ ᠣᠷᠭᠢᠯ ᠤᠨ ᠬᠤᠭᠤᠴᠠᠭ᠎ᠠ ᠪᠠᠶᠢᠪᠠ ᠃
︽ᠲᠥᠬᠦᠭᠡᠷᠦᠮᠵᠢ ᠶᠢ ᠴᠤᠴᠠᠯᠵᠤ ᠰᠠᠯᠭᠠᠭᠰᠠᠨ ᠭᠤᠷᠪᠠᠳᠤᠭᠠᠷ ᠡᠳᠦᠷ ᠂ ᠵᠠᠮ ᠱᠤᠭᠤᠮ ᠨᠢ ᠲᠤᠶᠢᠯ ᠤᠨ ᠡᠮᠬᠢ ᠵᠠᠮᠪᠠᠷᠠᠭ᠎ᠠ ᠦᠭᠡᠢ ᠪᠠᠶᠢᠳᠠᠯ ᠳᠤ ᠪᠠᠶᠢᠯ᠎ᠠ ︾᠃ ᠲᠡᠷᠡ ᠤᠳᠠᠭ᠎ᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠭᠢᠴᠡᠭᠦᠯᠬᠦ ᠳᠡᠭᠡᠨ ᠂ ᠢᠦᠢ ᠴᠠᠩ ᠵᠧᠩ ᠮᠥᠨ ᠬᠦ ᠥᠪᠡᠷ ᠤᠨ ᠡᠷᠬᠡ ᠦᠭᠡᠢ ᠡᠪᠡᠷᠰᠢᠭᠰᠡᠨ ᠬᠤᠶᠠᠷ ᠭᠠᠷ ᠢᠶᠠᠨ ᠨᠤᠬᠤᠯᠠᠳᠠᠭ ᠃ ᠳᠠᠭᠢᠨ ᠳᠠᠪᠲᠠᠨ ᠪᠠᠶᠢᠴᠠᠭᠠᠭᠰᠠᠨ ᠤ ᠳ᠋ᠦᠩ ᠳᠤ ᠂ ᠢᠦᠢ ᠴᠠᠩ ᠵᠧᠩ ᠂ ᠨᠡᠭᠡᠯᠡᠭᠡᠢ ᠶᠢᠨ ᠵᠢᠷᠤᠭ ᠲᠥᠯᠥᠪᠯᠡᠭᠡ ᠨᠢ ᠳᠤᠲᠠᠭᠳᠠᠯ ᠲᠠᠢ ᠠᠴᠠ ᠪᠣᠯᠵᠤ ᠂ ᠬᠤᠭᠤᠰᠤᠨ ᠬᠦᠷᠦᠯᠴᠡᠭᠦᠷ ᠨᠢ ᠭᠦᠢᠴᠡᠳ ᠰᠣᠷᠣᠵᠤ ᠳᠡᠶᠢᠯᠦᠭᠰᠡᠨ ᠦᠭᠡᠢ ᠠᠴᠠ ᠪᠣᠯᠵᠤ ᠮᠠᠰᠢᠨ ᠵᠣᠬᠰᠣᠬᠤ ᠦᠵᠡᠭᠳᠡᠯ ᠭᠠᠷᠤᠭᠰᠠᠨ ᠢ ᠢᠯᠡᠷᠡᠭᠦᠯᠪᠡ ᠃ ᠲᠤᠰᠠᠯᠠᠬᠤ ᠨᠡᠭᠡᠯᠡᠭᠡᠢ ᠶᠢᠨ ᠵᠠᠯᠭᠠᠬᠤ ᠴᠡᠭ ᠤᠨ ᠶᠠᠪᠤᠴᠠ ᠂ ᠮᠧᠬᠠᠨᠢᠭ ᠤᠨ ᠬᠡᠰᠡᠭ ᠢ ᠪᠠᠭᠠᠰᠬᠠᠬᠤ ᠲᠤᠰᠠᠯᠠᠬᠤ ᠨᠡᠭᠡᠯᠡᠭᠡᠢ ᠶᠢᠨ ᠬᠥᠳᠡᠯᠭᠡᠭᠡᠨ ᠵᠡᠷᠭᠡ ᠶᠢ ᠥᠭᠡᠷᠡᠴᠢᠯᠡᠭᠰᠡᠨ ᠤ ᠳᠠᠷᠠᠭ᠎ᠠ ᠂ ᠡᠨᠡ ᠬᠦ ᠬᠦᠴᠢᠷ ᠠᠰᠠᠭᠤᠳᠠᠯ ᠡᠴᠦᠰ ᠲᠡᠭᠡᠨ ᠰᠢᠢᠳᠪᠦᠷᠢᠯᠡᠭᠳᠡᠪᠡ ᠃
︽ᠬᠤᠭᠤᠰᠤᠨ ᠬᠦᠷᠦᠯᠴᠡᠭᠦᠷ ᠤᠨ ᠲᠤᠰᠠᠯᠠᠬᠤ ᠨᠡᠭᠡᠯᠡᠭᠡᠢ ᠠᠰᠢᠭᠯᠠᠯᠲᠠ ᠳᠤ ᠣᠷᠣᠭᠰᠠᠨ ᠤ ᠳᠠᠷᠠᠭ᠎ᠠ ᠂ ᠵᠢᠯ ᠪᠦᠷᠢ 1000 ᠲᠦᠮᠡᠨ ᠭᠷᠡᠳᠦ᠋ᠰ ᠤᠨ ᠴᠠᠭᠢᠯᠭᠠᠨ ᠠᠷᠪᠢᠯᠠᠵᠤ ᠂ 800 ᠭᠠᠷᠤᠢ ᠲᠦᠮᠡᠨ ᠲᠥᠭᠦᠷᠢᠭ ᠤᠨ ᠦᠷ᠎ᠡ ᠠᠰᠢᠭ ᠣᠯᠵᠠᠢ ︾ ᠭᠡᠵᠦ ᠰᠢᠶᠧ ᠶᠢᠨ ᠯᠦᠩ ᠬᠡᠯᠡᠪᠡ ᠃
ᠡᠨᠡ ᠬᠦ ︽ᠦᠬᠦᠨ ᠪᠠᠷᠢᠮᠲᠠᠯᠠᠬᠤ ︾ ᠵᠣᠷᠢᠭ ᠰᠠᠨᠠᠭ᠎ᠠ ᠨᠢ ᠰᠢᠨ᠎ᠡ ᠡᠭᠦᠳᠦᠯᠲᠡ ᠶᠢ ᠪᠤᠢ ᠪᠣᠯᠭᠠᠪᠠ ᠄ ︽ᠨᠢᠭᠡ ᠵᠦᠢᠯ ᠤᠨ ᠬᠤᠭᠤᠰᠤᠨ ᠬᠦᠷᠦᠯᠴᠡᠭᠦᠷ ᠤᠨ ᠲᠤᠰᠠᠯᠠᠬᠤ ᠨᠡᠭᠡᠯᠡᠭᠡᠢ ︾᠂ ︽ᠬᠡᠮᠬᠡᠯᠬᠦ ᠥᠷᠲᠡᠭᠡ ᠶᠢᠨ ᠠᠭᠤᠷᠬᠠᠢ ᠶᠢᠨ ᠲᠡᠷᠭᠡᠨ ᠤ ᠠᠦ᠋ᠲ᠋ᠣ᠋ ᠲᠣᠭᠠᠯᠠᠭᠤᠷ ︾᠂ ︽ᠭᠤᠮ ᠪᠦᠰᠡ ᠤᠷᠠᠭᠳᠠᠭᠰᠠᠨ ᠢ ᠪᠠᠶᠢᠴᠠᠭᠠᠨ ᠬᠡᠮᠵᠢᠬᠦ ᠲᠣᠨᠣᠭᠯᠠᠯ ︾ ᠵᠡᠷᠭᠡ 3 ᠵᠦᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠯᠤᠰ ᠤᠨ ᠬᠡᠷᠡᠭᠯᠡᠭᠡᠨ ᠤ ᠰᠢᠨ᠎ᠡ ᠭᠡᠯᠪᠡᠷᠢ ᠶᠢᠨ ᠲᠤᠰᠬᠠᠢ ᠠᠰᠢᠭ ᠢ ᠭᠦᠷᠳᠡᠪᠡ ᠃
︽ᠢᠦᠢ ᠴᠠᠩ ᠵᠧᠩ ᠤᠨ ᠭᠦᠳᠡᠯᠮᠦᠷᠢ ᠶᠢᠨ ᠵᠢᠱᠢᠶᠡᠴᠢ ︵ ᠤᠷᠠᠨ ᠳᠠᠷᠬᠠᠨ ︶ ᠶᠢᠨ ᠰᠢᠨ᠎ᠡ ᠶᠢ ᠡᠭᠦᠳᠬᠦ ᠠᠵᠢᠯᠯᠠᠬᠤ ᠲᠠᠰᠤᠭ ︾ ᠲᠤ ᠣᠷᠣᠬᠤ ᠳᠤ ᠶᠠᠭ ᠯᠡ ᠨᠢᠭᠡᠨ ︽ᠲᠤᠷᠰᠢᠯᠲᠠ ᠶᠢᠨ ᠲᠠᠰᠤᠭ ︾ ᠲᠤ ᠣᠷᠣᠭᠰᠠᠨ ᠰᠢᠭ᠋ ᠪᠠᠶᠢᠵᠤ ᠂ ᠡᠯ᠎ᠡ ᠲᠥᠷᠥᠯ ᠤᠨ ᠲᠥᠬᠦᠭᠡᠷᠦᠮᠵᠢ ᠶᠢ ᠡᠮᠬᠢ ᠵᠢᠷᠤᠮ ᠲᠠᠢ ᠲᠢᠭᠯᠡᠵᠦ ᠲᠠᠯᠪᠢᠵᠠᠢ ᠃ ᠭᠠᠷᠠᠭ ᠪᠦᠷᠢ ᠶᠢᠨ ᠭᠠᠷᠠᠭ ᠤᠨ ᠲᠠᠪᠤᠨ ᠤ ᠦᠳᠡ ᠶᠢᠨ ᠬᠤᠶᠢᠨ᠎ᠠ ᠂ ᠠᠵᠢᠯ ᠤᠨ ᠲᠠᠰᠤᠭ ᠲᠤ ᠶᠡᠷᠦ ᠨᠢ ᠡᠶᠢᠮᠦ ᠪᠠᠶᠢᠳᠠᠯ ᠢ ᠣᠯᠵᠤ ᠬᠠᠷᠠᠳᠠᠭ ᠄ ᠵᠠᠯᠠᠭᠤ ᠠᠵᠢᠯᠲᠠᠨ ᠠᠵᠢᠯᠴᠢᠨ PLC ᠶᠢᠨ ᠠᠵᠢᠯᠯᠠᠬᠤ ᠲᠠᠪᠴᠠᠩ ᠢ ᠲᠣᠭᠤᠷᠢᠵᠤ ᠂ ᠢᠦᠢ ᠴᠠᠩ ᠵᠧᠩ ᠴᠠᠭᠢᠯᠭᠠᠨ ᠬᠡᠯᠬᠢᠶ᠎ᠡ ᠶᠢᠨ ᠮᠡᠳᠡᠯᠭᠡ ᠶᠢ ᠨᠠᠷᠢᠨ ᠬᠢᠨᠠᠮᠠᠭᠠᠢ ᠲᠠᠶᠢᠯᠪᠤᠷᠢᠯᠠᠨ᠎ᠠ ᠃ ᠬᠡᠮᠬᠡᠯᠬᠦ ᠦᠷᠲᠡᠭᠡ ᠶᠢᠨ ᠠᠭᠤᠷᠬᠠᠢ ᠶᠢᠨ ᠮᠠᠰᠢᠨ ᠤ ᠠᠦ᠋ᠲ᠋ᠣ᠋ ᠲᠤᠭ᠎ᠠ ᠲᠣᠭᠠᠯᠠᠭᠤᠷ ᠢ ᠰᠠᠶᠢᠵᠢᠷᠠᠭᠤᠯᠬᠤ ᠲᠤᠬᠠᠢ ᠲᠠᠶᠢᠯᠪᠤᠷᠢᠯᠠᠬᠤ ᠳᠠᠭᠠᠨ ᠂ ᠲᠡᠷᠡ ᠭᠡᠨᠡᠳᠲᠡ ᠠᠰᠠᠭᠤᠳᠠᠯ ᠳᠤᠷᠠᠳᠴᠤ ᠄ ︽ᠰᠠᠷᠢᠰᠤᠨ ᠪᠠᠭᠪᠠᠭᠠᠢ ᠨᠢ ᠬᠡᠷᠬᠢᠨ ᠷᠠᠳᠠᠷ ᠤᠨ ᠮᠡᠷᠭᠡᠵᠢᠯ ᠳᠤ ᠰᠡᠩᠬᠡᠷᠡᠭᠦᠯᠦᠯ ᠥᠭᠭᠦᠭᠰᠡᠨ ᠢ ᠮᠡᠳᠡᠨ᠎ᠡ ᠤᠤ︖ ︾ ᠭᠡᠵᠦ ᠠᠰᠠᠭᠤᠪᠠ ᠃ ᠡᠶᠢᠮᠦᠷᠬᠦᠦ ᠪᠠᠶᠠᠷ ᠴᠡᠩᠭᠡᠯ ᠲᠠᠢ ᠴᠢᠯᠦᠭᠡᠲᠡᠢ ᠪᠠᠶᠢᠳᠠᠭ ᠬᠢᠴᠢᠶᠡᠯᠯᠡᠬᠦ ᠠᠷᠭ᠎ᠠ ᠮᠠᠶ᠋ᠢᠭ ᠨᠢ ᠠᠮᠲᠠ ᠰᠢᠮᠳᠡ ᠦᠭᠡᠢ ᠮᠡᠳᠡᠯᠭᠡ ᠶᠢ ᠠᠮᠢᠳᠤᠯᠢᠭ ᠲᠤᠰᠬᠠᠢ ᠮᠡᠷᠭᠡᠵᠢᠯ ᠪᠣᠯᠭᠠᠨ ᠵᠠᠯᠠᠭᠤ ᠠᠵᠢᠯᠲᠠᠨ ᠢ ᠬᠥᠮᠥᠵᠢᠭᠦᠯᠦᠨ ᠰᠡᠩᠬᠡᠷᠡᠭᠦᠯᠦᠯ ᠣᠯᠭᠤᠳᠠᠭ ᠃
︽ᠦᠢᠯᠡᠳᠪᠦᠷᠢᠯᠡᠯ ᠤᠨ ᠶᠠᠪᠤᠴᠠ ᠳᠤ ᠰᠠᠭᠠᠳ ᠭᠠᠷᠬᠤ ᠦᠶ᠎ᠡ ᠳᠤ ᠢᠦᠢ ᠠᠩᠭᠢ ᠶᠢᠨ ᠳᠠᠷᠤᠭ᠎ᠠ ᠪᠢᠳᠡᠨ ᠳᠤ ᠡᠷᠡᠭᠦᠦ ᠶᠢᠨ ᠬᠡᠷᠡᠭ ᠢ ᠡᠪᠳᠡᠬᠦ ᠰᠢᠭ ᠠᠰᠠᠭᠤᠳᠠᠯ ᠢ ᠵᠠᠳᠠᠯᠵᠤ ᠂ ᠰᠢᠨ᠎ᠡ ᠶᠢ ᠡᠭᠦᠳᠬᠦ ᠰᠡᠳᠬᠢᠬᠦᠢ ᠶᠢᠨ ᠭᠤᠣᠯᠳᠠᠯᠭ᠎ᠠ ᠨᠢ ᠰᠢᠨ᠎ᠡ ᠠᠷᠭ᠎ᠠ ᠶᠢ ᠵᠣᠷᠢᠭᠲᠠᠢ ᠪᠠᠷ ᠲᠤᠷᠰᠢᠬᠤ ᠳᠤ ᠪᠤᠢ ᠭᠡᠵᠦ ᠵᠢᠭᠠᠵᠤ ᠦᠭᠳᠡᠭ ᠃ ᠥᠩᠭᠡᠷᠡᠭᠰᠡᠨ ᠤ ᠲᠣᠭᠠᠯᠠᠭᠤᠷ ᠪᠣᠯ ᠲᠤᠰᠬᠠᠯ ᠤᠨ ᠭᠡᠯᠪᠡᠷᠢ ᠶᠢᠨ ᠤᠯᠠᠭᠠᠨ ᠤ ᠭᠠᠳᠠᠨᠠᠬᠢ ᠭᠡᠷᠡᠯ ᠤᠨ ᠴᠠᠭᠢᠯᠭᠠᠨ ᠤ ᠤᠭ ᠶᠣᠰᠣ ᠶᠢ ᠠᠰᠢᠭᠯᠠᠵᠤ ᠲᠤᠭ᠎ᠠ ᠲᠣᠭᠠᠯᠠᠬᠤ ᠶᠢ ᠪᠡᠶᠡᠯᠡᠭᠦᠯᠵᠦ ᠂ ᠬᠠᠷᠠᠩᠭᠤᠢ ᠰᠥᠨᠢ ᠲᠣᠭᠠᠯᠠᠭᠤᠷ ᠨᠢ ᠣᠷᠴᠢᠨ ᠲᠣᠭᠤᠷᠢᠨ ᠳᠤ ᠨᠥᠯᠥᠭᠡᠯᠡᠭᠳᠡᠭ ᠂ ᠲᠡᠷᠡ ᠪᠣᠯ ᠳᠠᠷᠤᠢ ᠰᠠᠷᠢᠰᠤᠨ ᠪᠠᠭᠪᠠᠭᠠᠢ ᠰᠥᠨᠢ ᠢᠳᠡᠰᠢ ᠡᠷᠢᠬᠦ ᠦᠶᠡᠰ ᠤᠨ ᠰᠡᠷᠡᠵᠦ ᠮᠡᠳᠡᠬᠦ ᠴᠢᠳᠠᠪᠤᠷᠢ ᠶᠢ ᠬᠤᠯᠪᠣᠨ ᠪᠤᠳᠣᠵᠤ ᠂ ᠡᠭᠦᠨ ᠠᠴᠠ ᠪᠣᠯᠵᠤ ᠬᠡᠮᠬᠡᠯᠬᠦ ᠦᠷᠲᠡᠭᠡ ᠶᠢᠨ ᠠᠭᠤᠷᠬᠠᠢ ᠶᠢᠨ ᠮᠠᠰᠢᠨ ᠤ ᠠᠦ᠋ᠲ᠋ᠣ᠋ ᠲᠣᠭᠠᠯᠠᠭᠤᠷ ᠢ ᠰᠠᠶᠢᠵᠢᠷᠠᠭᠤᠯᠤᠭᠰᠠᠨ ᠶᠤᠮ ︾᠃ ᠶᠤᠸᠠᠨ ᠪᠤᠤ ᠱᠠᠨ ᠵᠠᠳᠠᠭᠠᠢ ᠨᠡᠭᠦᠷᠡᠰᠦᠨ ᠠᠭᠤᠷᠬᠠᠢ ᠶᠢᠨ ᠠᠭᠤᠷᠬᠠᠢ ᠮᠠᠯᠲᠠᠬᠤ ᠨᠢᠭᠡᠳᠦᠭᠡᠷ ᠬᠡᠯᠲᠡᠰ ᠤᠨ ᠴᠠᠭᠢᠯᠭᠠᠨ ᠲᠤᠨᠤᠭ ᠲᠥᠬᠦᠭᠡᠷᠦᠮᠵᠢ ᠪᠠᠶᠢᠴᠠᠭᠠᠨ ᠰᠡᠯᠪᠢᠬᠦ ᠠᠩᠭᠢ ᠶᠢᠨ ᠴᠠᠭᠢᠯᠭᠠᠨ ᠤ ᠠᠵᠢᠯᠲᠠᠨ ᠸᠠᠩ ᠰᠢᠶᠣᠣ ᠪᠢᠨ ᠂ ᠢᠦᠢ ᠴᠠᠩ ᠵᠧᠩ ᠤᠨ ᠬᠠᠪᠰᠤᠷᠤᠯᠭ᠎ᠠ ᠳᠣᠣᠷ᠎ᠠ ᠪᠢ ᠴᠠᠭᠢᠯᠭᠠᠨ ᠲᠤᠨᠤᠭ ᠲᠥᠬᠦᠭᠡᠷᠦᠮᠵᠢ ᠵᠠᠰᠠᠬᠤ ᠰᠤᠷᠤᠬᠴᠢ ᠪᠠᠶᠢᠭᠰᠠᠨ ᠠᠴᠠ ᠳᠡᠭᠡᠳᠦ ᠵᠡᠷᠭᠡ ᠶᠢᠨ ᠲᠧᠭᠨᠢᠭᠴᠢ ᠪᠣᠯᠪᠠ ᠭᠡᠪᠡ ᠃
ᠢᠦᠢ ᠴᠠᠩ ᠵᠧᠩ ᠠᠵᠢᠯ ᠤᠨ ᠪᠠᠶᠢᠷᠢ ᠶᠢᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠴᠠᠭᠢᠯᠭᠠᠨ ᠤ ᠤᠬᠠᠭᠠᠨ ᠤ ᠵᠢᠭᠠᠬᠤ ᠮᠠᠲ᠋ᠧᠷᠢᠶᠠᠯ ᠢ ᠥᠪᠡᠷ ᠢᠶᠠᠨ ᠨᠠᠶᠢᠷᠠᠭᠤᠯᠵᠤ ᠂ PPT ᠵᠢᠭᠠᠨ ᠰᠤᠷᠭᠠᠯᠲᠠ ᠶᠢᠨ ᠲᠤᠨᠤᠭ ᠢ ᠵᠣᠬᠢᠶᠠᠨ ᠦᠢᠯᠡᠳᠬᠦ ᠶᠢᠨ ᠬᠠᠮᠲᠤ ᠬᠥᠮᠥᠨ ᠪᠦᠷᠢ ᠶᠢᠨ ᠳᠤᠷ᠎ᠠ ᠰᠣᠨᠢᠷᠬᠠᠯ ᠤᠨ ᠣᠨᠴᠠᠯᠢᠭ ᠢ ᠦᠨᠳᠦᠰᠦᠯᠡᠨ ᠬᠠᠨᠳᠤᠯᠭᠠᠲᠤ ᠴᠢᠨᠠᠷᠲᠠᠢ ᠬᠥᠮᠥᠵᠢᠭᠦᠯᠵᠦ ᠂ ᠲᠡᠳᠡᠨ ᠳᠤ ᠠᠵᠢᠯ ᠤᠨ ᠶᠠᠪᠤᠴᠠ ᠶᠢ ᠲᠦᠷᠭᠡᠨ ᠣᠶᠢᠯᠠᠭᠠᠭᠤᠯᠪᠠ ᠃ ᠣᠳᠣᠬᠠᠨ ᠳᠤ ᠂ ᠢᠦᠢ ᠴᠠᠩ ᠵᠧᠩ ᠴᠠᠭᠢᠯᠭᠠᠨ ᠲᠤᠨᠤᠭ ᠲᠥᠬᠦᠭᠡᠷᠦᠮᠵᠢ ᠪᠠᠶᠢᠴᠠᠭᠠᠨ ᠰᠡᠯᠪᠢᠬᠦ ᠠᠵᠢᠯ ᠤᠨ ᠪᠠᠶᠢᠷᠢ ᠳᠤ ᠰᠢᠯᠵᠢᠭᠰᠡᠨ ᠬᠥᠮᠥᠰ ᠂ ᠰᠢᠨ᠎ᠡ ᠪᠠᠷ ᠡᠯᠰᠡᠭᠰᠡᠨ ᠠᠵᠢᠯᠲᠠᠨ ᠢ ᠨᠡᠶᠢᠲᠡ 2000 ᠭᠠᠷᠤᠢ ᠬᠥᠮᠥᠨ ᠤᠳᠠᠭ᠎ᠠ ᠪᠣᠯᠪᠠᠰᠤᠷᠠᠭᠤᠯᠪᠠ ᠃
ᠲᠡᠭᠦᠨ ᠤ ᠬᠠᠪᠰᠤᠷᠤᠯᠭ᠎ᠠ ᠳᠣᠣᠷ᠎ᠠ ᠴᠠᠭᠢᠯᠭᠠᠨ ᠲᠤᠨᠤᠭ ᠲᠥᠬᠦᠭᠡᠷᠦᠮᠵᠢ ᠪᠠᠶᠢᠴᠠᠭᠠᠨ ᠰᠡᠯᠪᠢᠬᠦ ᠠᠩᠭᠢ ᠶᠢᠨ 22 ᠬᠥᠮᠥᠨ ᠤ ᠳᠣᠲᠣᠷ᠎ᠠ 1 ᠬᠥᠮᠥᠨ ᠨᠢ ᠣᠨᠴᠠ ᠲᠡᠰ ᠤᠨ ᠲᠧᠭᠨᠢᠭᠴᠢ ᠂ 7 ᠬᠥᠮᠥᠨ ᠨᠢ ᠳᠡᠭᠡᠳᠦ ᠵᠡᠷᠭᠡ ᠶᠢᠨ ᠲᠧᠭᠨᠢᠭᠴᠢ ᠂ 6 ᠬᠥᠮᠥᠨ ᠨᠢ ᠲᠧᠭᠨᠢᠭᠴᠢ ᠪᠣᠯᠤᠭᠰᠠᠨ ᠪᠠᠶᠢᠨ᠎ᠠ ᠃
ᠶᠠᠭᠠᠬᠢᠭᠠᠳ ᠤᠯᠠᠨ ᠵᠢᠯ ᠤᠨ ᠲᠤᠷᠰᠢ ᠢᠮᠠᠭᠲᠠ ᠵᠠᠯᠠᠭᠤ ᠠᠵᠢᠯᠴᠢᠨ ᠳᠤ ᠬᠢᠴᠢᠶᠡᠯ ᠣᠷᠣᠬᠤ ᠶᠢ ᠪᠠᠷᠢᠮᠲᠠᠯᠠᠭᠰᠠᠭᠠᠷ ᠢᠷᠡᠭᠰᠡᠨ ᠲᠤᠬᠠᠢ ᠠᠰᠠᠭᠤᠬᠤ ᠳᠤ ᠂ ᠢᠦᠢ ᠴᠠᠩ ᠵᠧᠩ ᠄ ︽ᠲᠤᠬᠠᠢ ᠶᠢᠨ ᠦᠶ᠎ᠡ ᠳᠤ ᠪᠠᠭᠰᠢ ᠨᠠᠳᠠ ᠳᠤ ᠲᠥᠬᠦᠭᠡᠷᠦᠮᠵᠢ ᠶᠢᠨ ︿ ᠵᠢᠷᠦᠬᠡᠨ ᠯᠤᠭᠰᠢᠯᠲᠠ ᠶᠢᠨ ᠵᠢᠷᠤᠭ﹀ ᠢ ᠬᠡᠷᠬᠢᠨ ᠢᠯᠭᠠᠨ ᠲᠠᠨᠢᠬᠤ ᠶᠢ ᠵᠢᠭᠠᠵᠤ ᠥᠭᠭᠦᠭᠰᠡᠨ ᠂ ᠤᠳᠤ ᠪᠢᠳᠡ ᠵᠠᠯᠠᠭᠤᠴᠤᠳ ᠲᠤ︿ᠮᠡᠷᠭᠡᠵᠢᠯ ᠤᠨ ᠵᠠᠮᠴᠢᠯᠠᠭᠤᠷ﹀ ᠢ ᠤᠭᠰᠠᠷᠠᠵᠤ ᠥᠭᠬᠦ ᠬᠡᠷᠡᠭᠲᠡᠢ ︾ ᠭᠡᠵᠦ ᠢᠨᠢᠶᠡᠮᠰᠦᠭᠯᠡᠨ ᠬᠡᠯᠡᠵᠦ ᠪᠢᠯᠡ ᠃
ᠡᠳᠦᠷ ᠪᠣᠯᠭᠠᠨ ᠰᠢᠨᠡᠴᠢᠯᠡᠪᠡᠯ ᠰᠠᠶ᠋ᠢ ᠡᠳᠦᠷ ᠢᠷᠡᠬᠦᠶ᠎ᠡ ᠥᠭᠡᠳᠡᠯᠡᠨ ᠳᠠᠪᠰᠢᠵᠤ ᠰᠢᠨ᠎ᠡ ᠣᠯᠣᠯᠲᠠ ᠲᠠᠢ ᠪᠣᠯᠵᠤ ᠴᠢᠳᠠᠨ᠎ᠠ ᠃ ᠢᠦᠢ ᠴᠠᠩ ᠵᠧᠩ ᠥᠪᠡᠷ ᠤᠨ ᠳᠤᠷ᠎ᠠ ᠪᠠᠭ᠋ᠠᠲᠠᠢ ᠬᠦᠷᠢᠶᠡᠨ ᠳᠡᠭᠡᠨ ᠭᠦᠨᠵᠡᠭᠡᠶᠢᠷᠡᠨ ᠨᠠᠷᠢᠯᠢᠭ ᠠᠴᠠ ᠨᠠᠷᠢᠯᠢᠭ ᠣᠷᠣᠵᠤ ᠂ ᠰᠢᠷᠭᠠᠭᠤ ᠬᠠᠲᠠᠭᠤᠵᠢᠯᠲᠠᠢ ᠠᠵᠢᠯᠯᠠᠪᠠ ︔ ᠤᠷ᠎ᠠ ᠴᠢᠳᠠᠪᠤᠷᠢ ᠪᠠᠷ ᠴᠢᠳᠠᠪᠤᠷᠢᠲᠠᠨ ᠪᠤᠯᠬᠤ ᠵᠠᠮ ᠳᠡᠭᠡᠷ᠎ᠡ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠡᠷᠡᠮᠡᠬᠡᠶᠢᠯᠡᠨ ᠤᠷᠤᠭᠰᠢᠯᠠᠪᠠ ᠃ ᠢᠦᠢ ᠴᠠᠩ ᠵᠧᠩ ᠮᠡᠷᠭᠡᠵᠢᠯ ᠤᠨ ᠥᠭᠡᠷᠡᠴᠢᠯᠡᠯᠲᠡ ᠳᠤ 40 ᠭᠠᠷᠤᠢ ᠤᠳᠠᠭ᠎ᠠ ᠣᠷᠣᠯᠴᠠᠵᠤ ᠠᠵᠤ ᠠᠬᠤᠶᠢᠯᠠᠯ ᠳᠤ 5000 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠠᠷᠪᠢᠯᠠᠪᠠ ᠃
ᠢᠦᠢ ᠴᠠᠩ ᠵᠧᠩ ᠤᠷᠢᠳ ᠬᠤᠵᠢᠳ ᠪᠦᠭᠦ ᠤᠯᠤᠰ ᠤᠨ ︽5·1 ︾ ᠤ ᠭᠦᠳᠡᠯᠮᠦᠷᠢ ᠶᠢᠨ ᠱᠠᠩᠨᠠᠯ ᠂ ᠪᠦᠭᠦ ᠤᠯᠤᠰ ᠤᠨ ᠮᠡᠷᠭᠡᠵᠢᠯ ᠤᠨ ᠴᠢᠳᠠᠮᠠᠭᠠᠢ ᠭᠠᠷ ᠂ ᠨᠡᠭᠦᠷᠡᠰᠦᠨ ᠤ ᠠᠵᠢᠯ ᠲᠦᠷᠦᠯ ᠤᠨ ᠤᠷ᠎ᠠ ᠴᠢᠳᠠᠪᠤᠷᠢ ᠶᠢᠨ ᠲᠧᠭᠨᠢᠭᠴᠢ ᠂ ᠪᠦᠭᠦ ᠤᠯᠤᠰ ᠤᠨ ᠡᠨᠧᠷᠭᠢ ᠬᠢᠮᠢ ᠭᠠᠵᠠᠷ ᠰᠢᠨᠵᠢᠯᠡᠭᠡᠨ ᠤ ᠰᠢᠰᠲ᠋ᠧᠮ ᠤᠨ ᠲᠣᠮᠣ ᠤᠯᠤᠰ ᠤᠨ ᠤᠷᠠᠨ ᠳᠠᠷᠬᠠᠨ ᠵᠡᠷᠭᠡ ᠤᠯᠠᠨ ᠵᠦᠢᠯ ᠤᠨ ᠢᠷᠠᠭᠤ ᠠᠯᠳᠠᠷ ᠢ ᠭᠦᠷᠲᠡᠪᠡ ᠃ ᠡᠨᠡ ᠵᠢᠯ ᠤᠨ︽5·1 ︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠠᠴᠠ ᠡᠮᠦᠨ᠎ᠡ ᠢᠦᠢ ᠴᠠᠩ ᠵᠧᠩ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠠᠷ ᠦᠨᠡᠯᠡᠭᠳᠡᠪᠡ ᠃
ᠢᠦᠢ ᠴᠠᠩ ᠵᠧᠩ ᠄ ︽ᠪᠢ ᠦᠷᠭᠦᠯᠵᠢᠯᠡᠨ ᠦᠢᠯᠡᠳᠪᠦᠷᠢᠯᠡᠯ ᠤᠨ ᠡᠮᠦᠨ᠎ᠡ ᠹᠷᠣᠨᠲ ᠲᠤ ᠦᠨᠳᠦᠰᠦᠯᠡᠵᠦ ᠂ ᠤᠯᠤᠰ ᠤᠨ ᠡᠨᠧᠷᠭᠢ ᠶᠢᠨ ᠦᠢᠯᠡᠰ ᠲᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ︾ ᠭᠡᠵᠦ ᠢᠯᠡᠳᠬᠡᠪᠡ ᠃