ᠤᠳᠤ ᠮᠠᠨ ᠤ ᠣᠷᠣᠨ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠪᠦᠭᠦ ᠣᠷᠣᠨ ᠤ ᠡᠯ᠎ᠡ ᠭᠠᠵᠠᠷ ᠤᠨ ᠬᠢᠨ ᠴᠠᠭ ᠢ ᠠᠮᠵᠢᠨ ᠬᠠᠪᠤᠷ ᠤᠨ ᠲᠠᠷᠢᠶᠠᠯᠠᠭ᠎ᠠ ᠶᠢᠨ ᠠᠵᠢᠯ ᠢᠶᠠᠨ ᠲᠦᠷᠭᠡᠳᠬᠡᠨ ᠠᠬᠢᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠪᠦᠭᠦ ᠬᠦᠴᠦᠨ ᠢᠶᠠᠷ ᠢᠶᠠᠨ ᠪᠠᠲᠤᠯᠠᠭ᠎ᠠ ᠬᠠᠩᠭᠠᠵᠤ ᠪᠠᠶᠢᠨ᠎ᠠ᠃
ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠰᠦ᠋ ᠴᠢᠨ ᠲᠠᠷᠢᠶᠠᠯᠠᠩ ᠮᠠᠯᠵᠢᠯ ᠤᠨ ᠲᠠᠯᠠᠪᠠᠶ ᠳᠤ ᠳᠣᠬᠢᠭᠤᠷ ᠲᠤᠯᠤᠭᠠᠨ ᠣᠲᠣ ᠵᠠᠮᠴᠢᠯᠠᠭ᠎ᠠ ᠶᠢᠨ ᠬᠠᠪᠰᠤᠷᠤᠨ ᠵᠢᠯᠤᠭᠤᠳᠬᠤ ᠰᠢᠰᠲ᠋ᠧᠮ ᠢ ᠤᠭᠰᠠᠷᠠᠭᠰᠠᠨ ᠣᠶᠤᠨᠴᠢ ᠲᠠᠷᠢᠬᠤ ᠮᠠᠰᠢᠨ ᠲᠠᠷᠢᠶᠠᠨ ᠭᠠᠵᠠᠷ ᠲᠤ ᠨᠠᠭᠠᠰᠢ ᠴᠠᠭᠠᠰᠢ ᠰᠦᠯᠵᠢᠯᠳᠦᠨ ᠪᠤᠭᠤᠳᠠᠢ ᠲᠠᠷᠢᠵᠤ ᠬᠦᠷᠴᠢᠭᠢᠨᠡᠨᠡ᠃ ᠡᠨᠡ ᠵᠢᠯ ᠬᠥᠯᠥᠨ ᠪᠤᠶᠢᠷ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠨᠡᠶᠢᠳᠡ 580 ᠲᠦᠮᠡᠨ ᠮᠦ ᠲᠠᠷᠢᠶ᠎ᠠ ᠲᠠᠷᠢᠬᠤ ᠪᠠᠷ ᠲᠥᠯᠥᠪᠯᠡᠵᠦ᠂ ᠲᠠᠷᠢᠶᠠᠯᠠᠩ ᠤᠨ ᠮᠡᠷᠭᠡᠵᠢᠯᠲᠡᠳ ᠲᠠᠷᠢᠶᠠᠨ ᠭᠠᠵᠠᠷ ᠲᠤ ᠭᠦᠨᠵᠡᠭᠡᠶᠢᠷᠡᠨ᠂ ᠬᠠᠪᠤᠷ ᠤᠨ ᠲᠠᠷᠢᠶᠠᠯᠠᠭ᠎ᠠ ᠶᠢᠨ ᠲᠥᠰᠥᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ ᠬᠡᠷᠡᠭᠵᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠪᠠᠲᠤᠯᠠᠵᠤ ᠪᠠᠶᠢᠨ᠎ᠠ᠃
ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠣᠷᠪᠣᠭ ᠪᠠᠯᠭᠠᠰᠤ ᠶᠢᠨ ᠵᠡᠭᠦᠨ ᠰᠢᠪᠡᠭᠡ ᠶᠢᠨ ᠠᠶᠢᠯ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠯᠠᠩ ᠤᠨ ᠵᠢᠱᠢᠶ᠎ᠡ ᠦᠵᠡᠭᠦᠯᠭᠦ ᠣᠷᠣᠨ ᠳᠤ ᠣᠶᠤᠨᠴᠢ ᠳᠠᠷᠢᠬᠤ ᠮᠠᠰᠢᠨ ᠨᠢ ᠦᠷ᠎ᠡ ᠬᠠᠶᠠᠬᠤ ᠵᠠᠢ ᠶᠢᠨ ᠰᠠᠨᠲ᠋ᠢᠮᠧᠲᠷ ᠲᠠᠰ ᠤᠨ ᠣᠨᠣᠴᠠᠲᠠᠢ ᠪᠠᠶᠢᠷᠢ ᠲᠣᠭᠲᠠᠭᠠᠯᠲᠠ ᠶᠢ ᠪᠡᠶᠡᠯᠡᠭᠦᠯᠵᠦ᠂ ᠠᠮᠤ ᠪᠤᠳᠠᠭᠠᠨ ᠤ ᠥᠨᠳᠥᠷ ᠤᠨᠠᠯᠲᠠ ᠳᠤ ᠰᠠᠭᠤᠷᠢ ᠲᠠᠯᠪᠢᠯ᠎ᠠ᠃ ᠣᠶᠢᠷ᠎ᠠ ᠶᠢᠨ ᠡᠳᠦᠷ ᠤᠳ ᠲᠤ ᠲᠦᠩᠯᠢᠶᠣᠣ ᠬᠤᠲᠠ ᠡᠳᠦᠷ ᠪᠦᠷᠢ ᠳᠤᠮᠳᠠᠴᠢ ᠪᠠᠷ 5 ᠲᠦᠮᠡ ᠭᠠᠷᠤᠢ ᠮᠦ ᠶᠢ ᠲᠠᠷᠢᠶ᠎ᠠ ᠲᠠᠷᠢᠵᠤ ᠪᠤᠢ᠃
ᠤᠯᠠᠭᠠᠨᠬᠠᠳᠠ ᠬᠤᠲᠠ ᠶᠢᠨ 1700 ᠲᠦᠮᠡ ᠭᠠᠷᠤᠢ ᠮᠦ ᠲᠠᠷᠢᠶᠠᠨ ᠭᠠᠵᠠᠷ ᠲᠠᠷᠢᠵᠤ ᠤᠰᠤᠯᠠᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠤᠯᠤᠰ ᠤᠨ ᠴᠠᠭᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠤᠯᠠᠭᠠᠨᠬᠠᠳᠠ ᠶᠢᠨ ᠴᠠᠭᠢᠯᠭᠠᠨ ᠬᠠᠩᠭᠠᠬᠤ ᠺᠤᠮᠫᠠᠨᠢ ᠶᠢᠨ ᠦᠢᠯᠡᠴᠢᠯᠡᠭᠡᠨ ᠤ ᠬᠤᠪᠢᠶᠠᠷᠢ ᠠᠩᠭᠢ ᠶᠢᠨ ᠭᠡᠰᠢᠭᠦᠳ ᠲᠠᠷᠢᠶᠠᠨ ᠭᠠᠵᠠᠷ ᠲᠤ ᠭᠦᠨᠵᠡᠭᠡᠶᠢᠷᠡᠵᠦ ᠲᠠᠷᠢᠶᠠᠴᠢᠳ ᠤᠨ ᠴᠠᠭᠢᠯᠭᠠᠨ ᠬᠡᠷᠡᠭᠯᠡᠬᠦ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ ᠥᠭᠴᠦ ᠪᠤᠢ᠃ ᠡᠭᠦᠨ ᠤ ᠬᠠᠮᠲᠤ ᠪᠠᠰᠠ ᠵᠢᠯᠣᠭᠤᠴᠢ ᠦᠭᠡᠢ ᠨᠢᠰᠬᠡᠯ ᠢ ᠠᠰᠢᠭᠯᠠᠨ ᠬᠠᠷᠢᠶᠠᠲᠤ ᠣᠷᠣᠨ ᠤ ᠲᠠᠷᠢᠶᠠᠯᠠᠩ ᠤᠨ ᠤᠰᠤᠯᠠᠯᠲᠠ ᠶᠢᠨ ᠵᠠᠮ ᠱᠤᠭᠤᠮ ᠤᠨ ᠲᠥᠬᠦᠭᠡᠷᠦᠮᠵᠢ ᠳᠤ ︽ᠪᠣᠰᠤᠭ᠎ᠠ ᠴᠣᠭᠴᠠᠲᠤ ᠲᠣᠭᠤᠷᠢᠨ ᠪᠠᠶᠢᠴᠠᠭᠠᠯᠲᠠ︾ ᠬᠢᠵᠦ᠂ ᠬᠠᠮᠢᠶ᠎ᠠ ᠪᠦᠬᠦᠢ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠦᠨ ᠪᠦᠳᠦᠮᠵᠢᠳᠠᠢ ᠰᠢᠢᠳᠪᠦᠷᠢᠯᠡᠵᠦ ᠪᠠᠶᠢᠨ᠎ᠠ᠃
ᠲᠠᠷᠢᠶᠠᠯᠠᠩ ᠤᠨ ᠪᠠᠶᠢᠳᠠᠯ ᠤᠨ ᠲᠣᠬᠢᠷᠠᠭᠤᠯᠤᠯᠲᠠ ᠶᠢ ᠦᠨᠳᠦᠰᠦᠯᠡᠪᠡᠯ᠂ ᠣᠳᠣᠬᠠᠨ ᠳᠤ ᠪᠦᠭᠦ ᠣᠷᠣᠨ ᠤ ᠠᠮᠤ ᠪᠤᠳᠠᠭᠠᠨ ᠤ ᠲᠠᠷᠢᠮᠠᠯ ᠳᠠᠷᠢᠭᠰᠠᠨ ᠲᠠᠯᠠᠪᠠᠢ 469.3 ᠲᠦᠮᠡᠨ ᠮᠦ ᠳᠤ ᠬᠦᠷᠴᠦ᠂ ᠬᠢᠮᠢ ᠶᠢᠨ ᠪᠣᠷᠳᠣᠭᠤᠷ᠂ ᠲᠠᠷᠢᠶᠠᠨ ᠡᠮ᠂ ᠲᠠᠷᠢᠶᠠᠨ ᠦᠷ᠎ᠡ ᠵᠡᠷᠭᠡ ᠭᠤᠣᠯ ᠪᠤᠯᠬᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠢᠭᠡᠨᠲᠡ ᠪᠣᠳᠠᠲᠠᠶᠢᠵᠢᠭᠤᠯᠪᠠ᠃ ᠪᠦᠭᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠣᠷᠣᠭᠤᠯᠵᠤ ᠪᠤᠯᠬᠤ ᠲᠷᠠᠺᠲ᠋ᠣᠷ 106 ᠲᠦᠮᠡ ᠶᠢ ᠳᠠᠪᠠᠨ᠂ ᠢᠵᠢ ᠪᠦᠷᠢᠳᠦᠭᠰᠡᠨ ᠲᠠᠷᠢᠶᠠᠯᠠᠩ ᠤᠨ ᠮᠠᠰᠢᠨ ᠲᠥᠬᠦᠭᠡᠷᠦᠮᠵᠢ 143 ᠲᠦᠮᠡ ︵ᠢᠵᠢ︶ ᠶᠢ ᠳᠠᠪᠠᠵᠤ᠂ ᠮᠡᠷᠭᠡᠵᠢᠯ ᠤᠨ ᠵᠢᠯᠣᠭᠤᠴᠢ ᠪᠠ ᠰᠡᠯᠪᠢᠨ ᠵᠠᠰᠠᠬᠤ ᠠᠵᠢᠯᠴᠢᠨ ᠢ ᠨᠡᠶᠢᠲᠡ 1.9 ᠲᠦᠮᠡᠨ ᠬᠥᠮᠥᠨ ᠤᠳᠠᠭ᠎ᠠ ᠪᠤᠯᠪᠠᠰᠤᠷᠠᠭᠤᠯᠵᠤ᠂ 159 ᠲᠦᠮᠡᠨ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢ ᠪᠠᠶᠢᠴᠠᠭᠠᠨ ᠰᠡᠯᠪᠢᠨ ᠵᠠᠰᠠᠵᠤ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠨ ᠳᠡᠭᠡᠨ ᠪᠠᠲᠤᠯᠠᠪᠠ᠃