ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 8 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠮᠣᠰᠺᠸᠠ ᠶᠢᠨ ᠺᠷᠧᠮᠯᠢ ᠣᠷᠳᠣᠨ ᠳᠤ ᠬᠡᠯᠡᠯᠴᠡᠭᠡ ᠬᠢᠭᠰᠡᠨ ᠤ ᠳᠠᠷᠠᠭ᠎ᠠ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ᠃
ᠰᠢ ᠶᠢᠨ ᠫᠢᠩ᠂ ᠪᠢ ᠰᠠᠶ᠋ᠢᠬᠠᠨ ᠶᠡᠷᠦᠩᠬᠡᠶᠢᠯᠡᠭᠴᠢ ᠫᠦᠲ᠋ᠢᠨ ᠲᠠᠢ ᠭᠦᠨᠵᠡᠭᠡᠢ ᠨᠥᠭᠦᠷᠰᠡᠭ᠂ ᠪᠠᠶᠠᠯᠢᠭ ᠦᠷ᠎ᠡ ᠪᠦᠲᠦᠭᠡᠯ ᠲᠠᠢ ᠬᠡᠯᠡᠯᠴᠡᠭᠡ ᠬᠢᠵᠦ᠂ ᠮᠠᠰᠢ ᠤᠯᠠᠨ ᠰᠢᠨ᠎ᠡ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠃ ᠪᠢᠳᠡ ᠬᠠᠮᠲᠤ ᠪᠠᠷ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠤᠷᠤᠰ ᠤᠨ ᠬᠤᠯᠪᠣᠭᠠᠨ ᠤ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ ᠢᠯᠠᠯᠲᠠ ᠣᠯᠣᠭᠰᠠᠨ ᠵᠢᠴᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠶᠢ ᠳᠤᠷᠠᠰᠬᠠᠬᠤ ᠲᠠᠰᠢᠷᠠᠮ ᠳᠤ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠵᠤ᠂ ᠬᠤᠶᠠᠷ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠯᠠᠨ ᠬᠤᠪᠢ ᠬᠠᠮᠲᠤᠷᠠᠯᠴᠠᠭᠠᠨ ᠤ ᠪᠢᠴᠢᠭ ᠰᠣᠯᠢᠯᠴᠠᠵᠤ᠂ ᠳᠤᠮᠳᠠᠳᠤ ᠤᠷᠤᠰ ᠤᠨ ᠬᠠᠷᠢᠯᠴᠠᠭᠠᠨ ᠤ ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠭᠰᠡᠨ ᠢ ᠭᠡᠷᠡᠴᠢᠯᠡᠪᠡ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠤᠷᠤᠰ ᠪᠣᠯ ᠮᠢᠨᠤ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠬᠤᠪᠢ ᠪᠠᠷ ᠬᠠᠮᠤᠭ ᠤᠨ ᠤᠯᠠᠨ ᠠᠶᠢᠯᠴᠢᠯᠠᠯᠲᠠ ᠬᠢᠭᠰᠡᠨ ᠤᠯᠤᠰ ᠪᠠᠶᠢᠵᠤ᠂ ᠡᠨᠡ ᠤᠳᠠᠭ᠎ᠠ ᠪᠣᠯ ᠠᠷᠪᠠᠨ ᠨᠢᠭᠡᠳᠦᠭᠡᠷ ᠤᠳᠠᠭ᠎ᠠ ᠤᠷᠤᠰ ᠲᠤ ᠢᠷᠡᠵᠦ ᠪᠠᠶᠢᠭ᠎ᠠ ᠶᠠᠪᠤᠳᠠᠯ ᠪᠣᠯᠣᠨ᠎ᠠ᠃ ᠮᠠᠷᠭᠠᠰᠢ ᠪᠢ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠣᠯᠴᠠᠨ᠎ᠠ᠂ ᠡᠨᠡ ᠨᠢ ᠮᠥᠨ ᠴᠦ ᠪᠢ 10 ᠵᠢᠯ ᠤᠨ ᠲᠠᠷᠠᠭ᠎ᠠ ᠡᠨᠡ ᠬᠦ ᠦᠪᠡᠳᠡᠭᠰᠢ ᠶᠡᠭᠡ ᠳᠤᠷᠠᠰᠬᠠᠬᠤ ᠠᠵᠢᠯᠯᠠᠭ᠎ᠠ ᠳᠤ ᠳᠠᠬᠢᠨᠲᠠ ᠣᠷᠤᠯᠴᠠᠬᠤ ᠶᠠᠪᠤᠳᠠᠯ ᠪᠣᠯᠣᠨ᠎ᠠ᠃ ᠥᠩᠭᠡᠷᠡᠭᠰᠡᠨ 10 ᠵᠢᠯ ᠪᠣᠯ ᠳᠡᠯᠡᠬᠡᠢ ᠶᠢᠨ ᠪᠠᠶᠢᠳᠠᠯ ᠳᠤ ᠶᠡᠭᠡ ᠦᠢᠮᠡᠭᠡᠨ ᠶᠡᠭᠡ ᠬᠤᠪᠢᠰᠤᠯᠲᠠ ᠭᠠᠷᠤᠭᠰᠠᠨ 10 ᠵᠢᠯ ᠮᠥᠨ᠂ ᠪᠠᠰᠠ ᠴᠤ ᠳᠤᠮᠳᠠᠳᠤ ᠤᠷᠤᠰ ᠤᠨ ᠬᠠᠷᠢᠯᠴᠠᠭᠠᠨ ᠤ ᠶᠡᠭᠡ ᠬᠥᠭᠵᠢᠯᠲᠡ ᠶᠡᠭᠡ ᠳᠠᠪᠠᠯᠲᠠ ᠲᠠᠢ ᠪᠣᠯᠤᠭᠰᠠᠨ 10 ᠵᠢᠯ ᠮᠥᠨ᠃ ᠪᠢᠳᠡ ᠳᠤᠮᠳᠠᠳᠤ ᠣᠷᠣᠰ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠲᠠᠰᠤᠷᠠᠯᠲᠠ ᠦᠭᠡᠢ ᠪᠠᠬᠢᠵᠢᠨ ᠭᠦᠨᠵᠡᠭᠡᠶᠢᠷᠡᠬᠦ ᠶᠢ ᠬᠠᠮᠲᠤ ᠪᠠᠷ ᠭᠡᠷᠡᠴᠢᠯᠡᠵᠦ᠂ ᠬᠤᠶᠠᠷ ᠤᠯᠤᠰ ᠤᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢᠨ ︽ᠡᠳᠦᠷ ᠠᠴᠠ ᠡᠳᠦᠷ ᠥᠭᠡᠳᠡᠯᠡᠨ ᠳᠠᠪᠰᠢᠬᠤ︾ ᠶᠢ ᠭᠡᠷᠡᠴᠢᠯᠡᠪᠡ᠃ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠢᠨ ᠡᠮᠦᠨ᠎ᠡ ᠳᠤᠮᠳᠠᠳᠤ ᠤᠷᠤᠰ ᠬᠤᠶᠠᠷ ᠤᠯᠤᠰ ᠬᠤᠶᠠᠷ ᠲᠠᠯ᠎ᠠ ᠶᠢᠨ ᠬᠠᠷᠢᠯᠴᠠᠭᠠᠨ ᠤ ᠤᠷᠤᠭᠰᠢᠯᠠᠯᠲᠠ ᠶᠢᠨ ᠴᠢᠭᠯᠡᠯ ᠪᠣᠯᠣᠨ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠶᠡᠭᠡ ᠬᠠᠨᠳᠤᠰᠢ ᠶᠢ ᠪᠠᠲᠤ ᠡᠵᠡᠮᠳᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠪᠦᠭᠦ ᠲᠠᠯ᠎ᠠ ᠪᠠᠷ ᠬᠠᠮᠵᠢᠯᠴᠠᠵᠤ᠂ ᠬᠤᠶᠠᠷ ᠤᠯᠤᠰ ᠤᠨ ᠬᠥᠭᠵᠢᠯ ᠮᠠᠨᠳᠤᠯ ᠢ ᠠᠬᠢᠭᠤᠯᠬᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃
ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠶᠢ ᠪᠠᠷᠢᠮᠲᠠᠯᠠᠵᠤ᠂ ᠳᠠᠪᠲᠠᠭᠳᠠᠨ ᠪᠣᠯᠪᠠᠰᠤᠷᠠᠭᠰᠠᠨ ᠵᠢᠩᠬᠢᠨᠢ ᠨᠠᠶᠢᠵᠠ ᠪᠣᠯᠣᠨ᠎ᠠ᠃ 80 ᠵᠢᠯ ᠤᠨ ᠡᠮᠦᠨ᠎ᠡ ᠴᠡᠷᠢᠭᠯᠡᠬᠦ ᠦᠵᠡᠯ ᠪᠣᠯᠣᠨ ᠨᠠᠼᠢᠰ ᠦᠵᠡᠯ ᠤᠨ ᠨᠢᠭᠦᠯᠲᠦ ᠰᠠᠪᠠᠷ ᠤᠨ ᠡᠮᠦᠨ᠎ᠡ ᠳᠤᠮᠳᠠᠳᠤ ᠤᠷᠤᠰ ᠬᠤᠶᠠᠷ ᠤᠯᠤᠰ ᠤᠨ ᠴᠡᠷᠢᠭ ᠠᠷᠠᠳ ᠬᠠᠷᠭᠢᠰ ᠳᠠᠶᠢᠰᠤᠨ ᠢ ᠬᠠᠮᠲᠤ ᠪᠠᠷ ᠬᠤᠷᠣᠰᠤᠨ ᠡᠰᠡᠷᠭᠦᠴᠡᠵᠦ᠂ ᠮᠥᠷᠥ ᠵᠡᠷᠭᠡᠴᠡᠨ ᠪᠠᠶᠢᠯᠳᠤᠵᠤ᠂ ᠰᠦᠷ ᠳᠠᠯᠠᠶᠢᠴᠠᠲᠠᠢ ᠮᠠᠭᠲᠠᠨ ᠳᠠᠭᠤᠯᠠᠭᠤᠰᠢᠲᠠᠢ ᠲᠡᠦᠬᠡ ᠶᠢᠨ ᠬᠠᠭᠤᠳᠠᠰᠤ ᠶᠢ ᠪᠢᠴᠢᠭᠯᠡᠭᠰᠡᠨ ᠶᠤᠮ᠃ ᠬᠤᠶᠠᠷ ᠤᠯᠤᠰ ᠤᠨ ᠠᠷᠠᠳ ᠲᠦᠮᠡᠨ ᠤ ᠴᠢᠰᠤ ᠪᠠ ᠭᠠᠯ ᠤᠨ ᠳᠤᠮᠳᠠ ᠳᠠᠪᠲᠠᠭᠳᠠᠨ ᠪᠦᠷᠢᠯᠳᠦᠭᠰᠡᠨ ᠠᠭᠤᠤ ᠶᠡᠭᠡ ᠨᠥᠬᠦᠷᠯᠡᠯ ᠨᠢ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠥᠨᠳᠥᠷ ᠲᠦᠪᠰᠢᠨ ᠪᠦᠬᠦᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ ᠳᠤᠮᠳᠠᠳᠤ ᠤᠷᠤᠰ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠨᠡᠩ ᠪᠣᠯᠪᠠᠰᠤᠷᠠᠩᠭᠤᠢ ᠪᠠ ᠪᠠᠲᠤ ᠴᠢᠩᠭ᠎ᠠ ᠢᠷᠡᠭᠡᠳᠦᠢ ᠲᠡᠶᠢᠰᠢ ᠤᠷᠤᠭᠰᠢᠯᠠᠬᠤ ᠶᠢ ᠠᠬᠢᠭᠤᠯᠤᠨ᠎ᠠ᠃
ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠬᠠᠷᠢᠯᠴᠠᠨ ᠠᠮᠵᠢᠯᠲᠠ ᠣᠯᠣᠭᠰᠠᠨ ᠰᠠᠶᠢᠨ ᠬᠠᠨᠢᠲᠠᠨ ᠪᠣᠯᠣᠨ᠎ᠠ᠃ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠬᠤᠭᠤᠴᠠᠭᠠᠨ ᠳᠤ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ ᠬᠠᠷᠢᠯᠴᠠᠨ ᠶᠡᠭᠡ ᠬᠡᠮᠵᠢᠶᠡᠨ ᠤ ᠪᠠᠴᠢᠮ ᠬᠡᠷᠡᠭᠰᠡᠬᠦ ᠡᠳ᠋ ᠪᠣᠳᠠᠰ ᠬᠦᠷᠭᠡᠭᠰᠡᠨ ᠠᠴᠠ ᠠᠪᠤᠭᠠᠳ ᠡᠳᠦᠭᠡ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ ᠤᠳᠠᠭ᠎ᠠ ᠳᠠᠷᠠᠭᠠᠯᠠᠨ ᠰᠢᠨ᠎ᠡ ᠲᠡᠮᠳᠡᠭᠯᠡᠯ ᠢ ᠡᠭᠦᠳᠦᠭᠰᠡᠨ ᠭᠦᠷᠲᠡᠯ᠎ᠡ ᠳᠤᠮᠳᠠᠳᠤ ᠤᠷᠤᠰ ᠤᠨ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ︽ᠲᠦᠷᠭᠡᠨ ᠤ ᠭᠠᠯᠲᠤ ᠲᠡᠷᠭᠡ︾ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠲᠤᠶᠢᠯ ᠤᠨ ᠶᠡᠷᠦ ᠪᠤᠰᠤ ᠶᠢᠨ ᠲᠡᠦᠬᠡᠨ ᠶᠠᠪᠤᠴᠠ ᠶᠢ ᠥᠩᠭᠡᠷᠡᠭᠦᠯᠵᠡᠢ᠃ ᠳᠤᠮᠳᠠᠳᠤ ᠤᠷᠤᠰ ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠪᠣᠳᠠᠰ ᠤᠨ ᠰᠠᠭᠤᠷᠢ ᠶᠢ ᠪᠠᠬᠢᠵᠢᠭᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠢᠯᠡᠳᠴᠦ᠂ ᠪᠦᠭᠦ ᠪᠥᠮᠪᠥᠷᠴᠡᠭ ᠤᠨ ᠬᠥᠭᠵᠢᠯᠲᠡ ᠳᠤ ᠨᠡᠩ ᠬᠦᠴᠦᠷᠬᠡᠭ ᠶᠡᠭᠡ ᠬᠥᠳᠡᠯᠭᠡᠬᠦ ᠡᠨᠧᠷᠭᠢ ᠨᠡᠮᠡᠷᠢᠯᠡᠨ᠎ᠡ᠃
ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠵᠤ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠣᠨ᠎ᠠ᠃ ᠳᠤᠮᠳᠠᠳᠤ ᠤᠯᠤᠰ ᠪᠣᠯᠣᠨ ᠣᠷᠣᠰ ᠬᠤᠶᠠᠳᠤᠭᠠᠷ ᠤᠳᠠᠭᠠᠨ ᠤ ᠳᠡᠯᠡᠬᠡᠢ ᠶᠢᠨ ᠶᠡᠭᠡ ᠳᠠᠶᠢᠨ ᠤ ᠠᠽᠢᠶ᠎ᠠ ᠲᠢᠪ ᠪᠣᠯᠣᠨ ᠡᠸᠦ᠋ᠷᠦᠫᠡ ᠲᠢᠪ ᠤᠨ ᠭᠤᠣᠯ ᠳᠠᠶᠢᠨ ᠤ ᠲᠠᠯᠠᠪᠤᠷ ᠪᠣᠯᠤᠭᠰᠠᠨ ᠤ ᠬᠤᠪᠢ ᠳᠤ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠤ ᠢᠯᠠᠯᠲᠠ ᠶᠢ ᠣᠯᠬᠤ ᠳᠤ ᠰᠢᠢᠳᠪᠦᠷᠢᠲᠦ ᠴᠢᠨᠠᠷᠲᠠᠢ ᠬᠤᠪᠢ ᠨᠡᠮᠡᠷᠢ ᠦᠵᠡᠭᠦᠯᠦᠭᠰᠡᠨ ᠪᠥᠭᠡᠳ ᠳᠠᠶᠢᠨ ᠤ ᠳᠠᠷᠠᠭᠠᠬᠢ ᠣᠯᠠᠨ ᠤᠯᠤᠰ ᠤᠨ ᠡᠮᠬᠢ ᠳᠢᠭᠯᠢᠮ ᠤᠨ ᠪᠠᠶᠢᠭᠤᠯᠤᠭᠳᠠᠬᠤ ᠰᠠᠭᠤᠷᠢ ᠶᠢ ᠲᠠᠯᠪᠢᠭᠰᠠᠨ ᠪᠠᠶᠢᠨ᠎ᠠ᠃ ᠳᠡᠯᠡᠬᠡᠢ ᠨᠡᠶᠢᠭᠡᠮ ᠤᠨ ᠲᠣᠭᠲᠠᠭᠤᠨ᠂ ᠢᠳᠡᠪᠬᠢᠲᠡᠢ᠂ ᠳᠠᠪᠰᠢᠩᠭᠤᠢ ᠬᠦᠴᠦᠨ ᠪᠣᠯᠤᠭᠰᠠᠨ ᠤ ᠬᠤᠪᠢ ᠳᠤ ᠳᠤᠮᠳᠠᠳᠤ ᠤᠷᠤᠰ ᠬᠤᠶᠠᠷ ᠤᠯᠤᠰ ᠦᠷᠭᠦᠯᠵᠢᠯᠡᠨ ᠡᠷᠡᠰ ᠪᠠᠲᠤ ᠪᠠᠷ ᠬᠠᠮᠲᠤ ᠵᠣᠭᠰᠣᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠡ ᠶᠢ ᠦᠷᠭᠦᠯᠵᠢᠯᠡᠨ ᠠᠬᠢᠭᠤᠯᠤᠨ᠎ᠠ᠃
ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠶᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠳᠠᠭᠠᠭᠤᠯᠤᠭᠴᠢ ᠪᠣᠯᠣᠨ᠎ᠠ᠃ ᠳᠡᠯᠡᠬᠡᠢ ᠶᠢᠨ ᠢᠷᠡᠭᠡᠳᠦᠢ ᠬᠤᠪᠢ ᠵᠠᠶᠠᠭ᠎ᠠ ᠶᠢ ᠡᠯ᠎ᠡ ᠤᠯᠤᠰ ᠬᠠᠮᠲᠤ ᠪᠠᠷ ᠡᠵᠡᠮᠰᠢᠪᠡᠯ ᠵᠣᠬᠢᠨ᠎ᠠ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠦᠷ᠎ᠡ ᠪᠦᠲᠦᠭᠡᠯ ᠢ ᠡᠯ᠎ᠡ ᠤᠯᠤᠰ ᠬᠠᠮᠲᠤ ᠪᠠᠷ ᠡᠳ᠋ᠯᠡᠪᠡᠯ ᠵᠣᠬᠢᠨ᠎ᠠ᠃ ᠳᠤᠮᠳᠠᠳᠤ ᠤᠷᠤᠰ ᠴᠥᠮ ᠳᠡᠯᠡᠬᠡᠢ ᠶᠢᠨ ᠲᠣᠮᠣ ᠤᠯᠤᠰ ᠪᠠ ᠴᠢᠬᠤᠯᠠ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠬᠤᠷ ᠴᠥᠮ ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ ᠠᠬᠢᠭᠤᠯᠬᠤ ᠡᠷᠬᠢᠮ ᠳᠡᠭᠡᠳᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠯᠳᠠᠨ ᠲᠣᠭᠤᠰᠭ᠋᠎ᠠ ᠤᠯᠤᠰ ᠤᠳ ᠵᠡᠷᠭᠡ ᠤᠯᠠᠨ ᠲᠠᠯᠠᠲᠤ ᠲᠠᠪᠴᠠᠩ ᠳᠠᠬᠢ ᠬᠠᠮᠵᠢᠯᠴᠠᠭ᠎ᠠ ᠪᠠᠨ ᠴᠢᠩᠭᠠᠳᠬᠠᠵᠤ᠂ ᠵᠢᠩᠬᠢᠨᠢ ᠤᠯᠠᠨ ᠲᠠᠯᠠᠲᠤ ᠦᠵᠡᠯ ᠢ ᠪᠠᠲᠤ ᠰᠠᠬᠢᠵᠤ᠂ ᠪᠦᠭᠦ ᠪᠥᠮᠪᠥᠷᠴᠡᠭ ᠤᠨ ᠵᠠᠰᠠᠯᠲᠠ ᠶᠢ ᠵᠥᠪ ᠴᠢᠭᠯᠡᠯ ᠢᠶᠠᠷ ᠬᠥᠲᠥᠯᠥᠨ ᠳᠠᠭᠠᠭᠤᠯᠵᠤ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃
ᠰᠢ ᠶᠢᠨ ᠫᠢᠩ᠂ ᠤᠷᠪᠠᠭᠠᠨ ᠬᠥᠷᠪᠡᠭᠡᠨ ᠬᠤᠪᠢᠷᠠᠯᠲᠠ ᠰᠤᠯᠪᠢᠴᠠᠨ ᠣᠷᠣᠰᠢᠭᠰᠠᠨ ᠳᠡᠯᠡᠬᠡᠢ ᠶᠢᠨ ᠪᠠᠶᠢᠳᠠᠯ ᠤᠨ ᠡᠮᠦᠨ᠎ᠡ ᠳᠤᠮᠳᠠᠳᠤ ᠤᠷᠤᠰ ᠬᠤᠶᠠᠷ ᠤᠯᠤᠰ ᠥᠨᠢᠳᠡ ᠶᠢᠨ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ᠂ ᠬᠠᠷᠢᠯᠴᠠᠨ ᠠᠰᠢᠭᠲᠠᠢ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠵᠣᠷᠢᠭ ᠰᠠᠨᠠᠭ᠎ᠠ ᠶᠢ ᠡᠷᠡᠰ ᠪᠠᠷᠢᠮᠲᠠᠯᠠᠵᠤ᠂ ᠰᠠᠯᠬᠢ ᠪᠣᠷᠣᠭᠠᠨ ᠢ ᠬᠠᠮᠲᠤ ᠪᠠᠷ ᠥᠩᠭᠡᠷᠡᠭᠦᠯᠵᠦ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠳᠤᠮᠳᠠᠳᠤ ᠤᠷᠤᠰ ᠤᠨ ᠬᠠᠷᠢᠯᠴᠠᠭᠠᠨ ᠤ ᠥᠨᠳᠥᠷᠴᠡ᠂ ᠥᠷᠭᠡᠴᠡ᠂ ᠤᠶᠠᠨ ᠬᠠᠳᠠᠨ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠠᠮᠤᠷ ᠲᠦᠪᠰᠢᠨ ᠳᠤ ᠨᠡᠩ ᠤᠯᠠᠨ ᠲᠣᠭᠲᠠᠭᠤᠨ ᠴᠢᠨᠠᠷ ᠨᠡᠮᠡᠷᠢᠯᠡᠵᠦ᠂ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠳᠤ ᠨᠡᠩ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠨ᠎ᠠ ᠭᠡᠵᠦ ᠴᠢᠬᠤᠯᠠᠴᠢᠯᠠᠪᠠ᠃
ᠼᠠᠢ ᠴᠢ᠂ ᠸᠠᠩ ᠢ ᠨᠠᠷ ᠣᠷᠣᠯᠴᠠᠵᠠᠢ᠃