ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 8 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ ᠡᠮᠦᠨ᠎ᠡ᠂ ᠤᠷᠤᠰ ᠤᠨ ᠶᠡᠷᠦᠩᠬᠡᠶᠢᠯᠡᠭᠴᠢ ᠫᠦᠲ᠋ᠢᠨ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠮᠣᠰᠺᠸᠠ ᠶᠢᠨ ᠺᠷᠧᠮᠯᠢ ᠣᠷᠳᠣᠨ ᠳᠤ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ ᠳᠤᠮᠳᠠᠳᠤ ᠤᠷᠤᠰ ᠤᠨ ᠬᠠᠷᠢᠯᠴᠠᠭ᠎ᠠ ᠪᠣᠯᠣᠨ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠳᠤᠮᠳᠠᠳᠤ ᠤᠷᠤᠰ ᠤᠨ ᠬᠠᠷᠢᠯᠴᠠᠭ᠎ᠠ ᠶᠢᠨ ᠲᠣᠭᠲᠠᠭᠤᠨ᠂ ᠡᠷᠡᠭᠦᠯ᠂ ᠥᠨᠳᠥᠷ ᠲᠦᠪᠰᠢᠨ ᠪᠦᠬᠦᠢ ᠬᠥᠭᠵᠢᠯᠲᠡ ᠶᠢ ᠠᠭᠢᠭᠤᠯᠤᠨ᠎ᠠ︔ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠲᠤᠬᠠᠢ ᠵᠥᠪ ᠲᠡᠦᠬᠡ ᠶᠢᠨ ᠦᠵᠡᠯᠲᠡ ᠶᠢ ᠬᠠᠮᠲᠤ ᠪᠠᠷ ᠪᠠᠳᠠᠷᠠᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠠ ᠪᠠᠶᠢᠷᠢ ᠰᠠᠭᠤᠷᠢ ᠶᠢ ᠬᠠᠮᠠᠭᠠᠯᠠᠨ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠰᠠᠨᠠᠯ ᠨᠢᠭᠡᠲᠡᠢ ᠵᠥᠪᠰᠢᠶᠡᠷᠡᠪᠡ᠃

ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ ᠡᠮᠦᠨ᠎ᠡ᠂ ᠣᠷᠣᠰ ᠤᠨ ᠶᠡᠷᠦᠩᠬᠡᠶᠢᠯᠡᠭᠴᠢ ᠫᠦᠲ᠋ᠢᠨ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠮᠣᠰᠺᠸᠠ ᠶᠢᠨ ᠺᠷᠧᠮᠯᠢ ᠣᠷᠳᠣᠨ ᠳᠤ ᠬᠡᠯᠡᠯᠴᠡᠭᠡ ᠬᠢᠪᠡ᠃ ᠵᠢᠷᠤᠭ ᠪᠣᠯ ᠫᠦᠲ᠋ᠢᠨ ᠵᠤᠷᠵ ᠶᠡᠭᠡ ᠲᠢᠩᠬᠢᠮ ᠳᠤ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠵᠤ ᠪᠠᠶᠢᠭ᠎ᠠ ᠨᠢ᠃
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ
5 ᠰᠠᠷ᠎ᠠ ᠶᠢᠨ ᠮᠣᠰᠺᠸᠠ ᠶᠢᠨ ᠲᠡᠭᠷᠢ ᠨᠢ ᠴᠡᠯᠮᠡᠭ ᠠᠭᠠᠷ ᠨᠢ ᠲᠤᠩᠭᠠᠯᠠᠭ᠃ ᠰᠢ ᠶᠢᠨ ᠫᠢᠩ ᠲᠡᠷᠭᠡ ᠪᠠᠷ ᠬᠦᠷᠬᠦ ᠦᠶ᠎ᠡ ᠳᠤ ᠺᠷᠧᠮᠯᠢ ᠣᠷᠳᠣᠨ ᠤ ᠺᠣᠮᠠᠨᠳ᠋ᠯᠠᠭᠴᠢ ᠲᠡᠷᠭᠡᠨ ᠠᠴᠠ ᠪᠠᠭᠤᠬᠤ ᠭᠠᠵᠠᠷ ᠲᠤ ᠤᠭᠲᠤᠨ ᠠᠪᠤᠪᠠ᠃

ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ ᠡᠮᠦᠨ᠎ᠡ᠂ ᠣᠷᠣᠰ ᠤᠨ ᠶᠡᠷᠦᠩᠬᠡᠶᠢᠯᠡᠭᠴᠢ ᠫᠦᠲ᠋ᠢᠨ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠮᠣᠰᠺᠸᠠ ᠶᠢᠨ ᠺᠷᠧᠮᠯᠢ ᠣᠷᠳᠣᠨ ᠳᠤ ᠬᠡᠯᠡᠯᠴᠡᠭᠡ ᠬᠢᠪᠡ᠃ ᠬᠡᠯᠡᠯᠴᠡᠭᠡ ᠳᠠᠭᠤᠰᠤᠭᠰᠠᠨ ᠤ ᠲᠠᠷᠠᠭ᠎ᠠ ᠬᠤᠶᠠᠷ ᠤᠯᠤᠰ ᠤᠨ ᠲᠡᠷᠢᠭᠦᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠤᠷᠤᠰ ᠤᠨ ᠬᠤᠯᠪᠤᠭ᠎ᠠ ᠶᠢᠨ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ ᠢᠯᠠᠯᠲᠠ ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠶᠢ ᠳᠤᠷᠠᠰᠬᠠᠬᠤ ᠲᠠᠰᠢᠷᠠᠮ ᠳᠤ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠪᠠ᠃
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ
ᠫᠦᠲ᠋ᠢᠨ ᠵᠤᠷᠵ ᠶᠡᠭᠡ ᠲᠢᠩᠬᠢᠮ ᠳᠤ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ᠃ ᠲᠥᠪ ᠶᠡᠬᠡᠮᠰᠦᠭ ᠵᠣᠴᠢᠨ ᠤᠭᠲᠤᠬᠤ ᠬᠥᠭᠵᠢᠮ ᠤᠨ ᠠᠶᠠᠰ ᠳᠤᠮᠳᠠ ᠰᠢ ᠶᠢᠨ ᠫᠢᠩ ᠪᠣᠯᠣᠨ ᠫᠦᠲ᠋ᠢᠨ ᠲᠣᠰ ᠲᠤᠰ ᠵᠤᠷᠵ ᠶᠡᠭᠡ ᠲᠢᠩᠬᠢᠮ ᠤᠨ ᠬᠤᠶᠠᠷ ᠲᠠᠯ᠎ᠠ ᠪᠠᠷ ᠤᠯᠠᠭᠠᠨ ᠬᠡᠪᠢᠰ ᠤᠨ ᠳᠡᠭᠡᠭᠦᠷ ᠢᠳᠡᠷᠡᠭᠦᠨ ᠠᠯᠬᠤᠭ᠎ᠠ ᠪᠠᠷ ᠠᠯᠬᠤᠯᠠᠨ ᠶᠡᠭᠡ ᠲᠢᠩᠬᠢᠮ ᠤᠨ ᠭᠤᠣᠯ ᠳᠤ ᠬᠦᠷᠴᠦ᠂ ᠳᠣᠲᠣᠨᠣ ᠪᠠᠷ ᠭᠠᠷ ᠠᠳᠬᠤᠨ ᠬᠠᠮᠲᠤ ᠭᠡᠷᠡᠯ ᠵᠢᠷᠤᠭ ᠲᠠᠲᠠᠭᠤᠯᠪᠠ᠃ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠤᠷᠤᠰ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃

ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ ᠡᠮᠦᠨ᠎ᠡ᠂ ᠣᠷᠣᠰ ᠤᠨ ᠶᠡᠷᠦᠩᠬᠡᠶᠢᠯᠡᠭᠴᠢ ᠫᠦᠲ᠋ᠢᠨ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠮᠣᠰᠺᠸᠠ ᠶᠢᠨ ᠺᠷᠧᠮᠯᠢ ᠣᠷᠳᠣᠨ ᠳᠤ ᠬᠡᠯᠡᠯᠴᠡᠭᠡ ᠬᠢᠪᠡ᠃ ᠵᠢᠷᠤᠭ ᠪᠣᠯ ᠬᠤᠶᠠᠷ ᠤᠯᠤᠰ ᠤᠨ ᠲᠡᠷᠢᠭᠦᠨ ᠪᠠᠭ᠎ᠠ ᠬᠡᠪᠴᠢᠶᠡᠨ ᠤ ᠬᠡᠯᠡᠯᠴᠡᠭᠡ ᠬᠢᠵᠦ ᠪᠠᠶᠢᠭ᠎ᠠ ᠨᠢ᠃
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ
ᠬᠤᠶᠠᠷ ᠤᠯᠤᠰ ᠤᠨ ᠲᠡᠷᠢᠭᠦᠨ ᠤᠷᠢᠳ ᠬᠤᠵᠢᠳ ᠪᠠᠭ᠎ᠠ ᠬᠡᠪᠴᠢᠶᠡᠨ ᠤ ᠬᠡᠯᠡᠯᠴᠡᠭᠡ᠂ ᠶᠡᠭᠡ ᠬᠡᠪᠴᠢᠶᠡᠨ ᠤ ᠬᠡᠯᠡᠯᠴᠡᠭᠡ ᠬᠢᠪᠡ᠃

ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠣᠷᠣᠰ ᠤᠨ ᠶᠡᠷᠦᠩᠬᠡᠶᠢᠯᠡᠭᠴᠢ ᠫᠦᠲ᠋ᠢᠨ ᠲᠠᠢ ᠮᠣᠰᠺᠸᠠ ᠶᠢᠨ ᠺᠷᠧᠮᠯᠢ ᠣᠷᠳᠣᠨ ᠳᠤ ᠬᠡᠯᠡᠯᠴᠡᠭᠡ ᠬᠢᠭᠰᠡᠨ ᠤ ᠳᠠᠷᠠᠭ᠎ᠠ ᠬᠠᠮᠲᠤ ᠪᠠᠷ ᠰᠣᠷᠪᠤᠯᠵᠢᠯᠠᠬᠴᠢᠳ ᠲᠠᠢ ᠠᠭᠤᠯᠵᠠᠪᠠ᠃
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠠᠢ ᠵᠢᠶᠠᠨ ᠯᠠᠨ ᠰᠡᠭᠦᠳᠡᠷᠯᠡᠪᠡ
ᠰᠢ ᠶᠢᠨ ᠫᠢᠩ᠂ ᠣᠶᠢᠷ᠎ᠠ ᠶᠢᠨ ᠵᠢᠯ ᠠᠴᠠ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠳᠤᠮᠳᠠᠳᠤ ᠤᠷᠤᠰ ᠤᠨ ᠬᠠᠷᠢᠯᠴᠠᠭ᠎ᠠ ᠲᠣᠭᠲᠠᠭᠤᠨ᠂ ᠡᠷᠡᠭᠦᠯ᠂ ᠥᠨᠳᠥᠷ ᠲᠦᠪᠰᠢᠨ ᠪᠦᠬᠦᠢ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ᠂ ᠤᠷᠳᠤ ᠬᠤᠭᠤᠴᠠᠭ᠎ᠠ ᠪᠠᠷ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠶᠢ ᠪᠠᠲᠤᠯᠠᠬᠤ᠂ ᠬᠠᠷᠢᠯᠴᠠᠨ ᠠᠰᠢᠭᠲᠠᠢ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠭᠦ ᠨᠢ ᠬᠤᠶᠠᠷ ᠤᠯᠤᠰ ᠤᠨ ᠬᠠᠷᠢᠯᠴᠠᠭ᠎ᠠ ᠶᠢᠨ ᠢᠯᠡ ᠲᠣᠳᠣ ᠣᠨᠴᠠᠯᠢᠭ ᠪᠣᠯᠵᠠᠢ᠃ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠶᠢᠨ ᠰᠠᠭᠤᠷᠢ ᠶᠠᠪᠤᠬᠤ ᠲᠤᠲᠤᠮ ᠭᠦᠨᠵᠡᠭᠡᠶᠢᠷᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠬᠤᠯᠪᠣᠭᠠᠰᠤ ᠶᠠᠪᠤᠬᠤ ᠲᠤᠲᠤᠮ ᠪᠠᠬᠢᠵᠢᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠣᠯᠣᠨ ᠣᠷᠣᠨ ᠨᠤᠲᠤᠭ ᠤᠨ ᠶᠠᠪᠤᠯᠴᠠᠭ᠎ᠠ ᠶᠠᠪᠤᠬᠤ ᠲᠤᠲᠤᠮ ᠰᠠᠶᠢᠵᠢᠷᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠣᠷᠣᠰ ᠤᠨ ᠬᠠᠷᠢᠯᠴᠠᠭ᠎ᠠ ᠨᠠᠩ ᠢᠲᠡᠭᠡᠯ ᠲᠠᠢ ᠪᠥᠭᠡᠳ ᠯᠠᠪᠳᠠᠭᠤᠨ ᠲᠣᠭᠲᠠᠭᠤᠨ ᠪᠠᠲᠤ ᠪᠠᠬᠢ ᠪᠣᠯᠪᠠ᠃ ᠦᠷᠭᠦᠯᠵᠢᠯᠡᠨ ᠳᠤᠮᠳᠠᠳᠤ ᠤᠷᠤᠰ ᠤᠨ ᠬᠠᠷᠢᠯᠴᠠᠭ᠎ᠠ ᠶᠢ ᠬᠥᠭᠵᠢᠭᠦᠯᠬᠦ ᠪᠠ ᠭᠦᠨᠵᠡᠭᠡᠶᠢᠷᠡᠭᠦᠯᠬᠦ ᠪᠣᠯ ᠬᠤᠶᠠᠷ ᠤᠯᠤᠰ ᠤᠨ ᠠᠷᠠᠳ ᠲᠦᠮᠡᠨ ᠤ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠶᠢ ᠵᠠᠯᠭᠠᠮᠵᠢᠯᠠᠬᠤ ᠳᠤ ᠪᠠᠶᠢᠪᠠᠰᠤ ᠵᠣᠬᠢᠬᠤ ᠤᠳᠬ᠎ᠠ ᠠᠭᠤᠯᠭ᠎ᠠ ᠮᠥᠨ᠂ ᠬᠤᠶᠠᠷ ᠲᠠᠯ᠎ᠠ ᠪᠠᠷ ᠢᠶᠠᠨ ᠬᠠᠷᠢᠯᠴᠠᠨ ᠠᠮᠵᠢᠯᠲᠠ ᠣᠯᠬᠤ ᠶᠢ ᠠᠬᠢᠭᠤᠯᠬᠤ᠂ ᠲᠤᠰ ᠲᠤᠰ ᠤᠨ ᠬᠥᠭᠵᠢᠯ ᠮᠠᠨᠳᠤᠯ ᠢᠶᠠᠨ ᠠᠬᠢᠭᠤᠯᠬᠤ ᠵᠠᠶᠢᠯᠠᠰᠢ ᠦᠭᠡᠢ ᠰᠣᠩᠭᠤᠯᠲᠠ ᠮᠥᠨ᠂ ᠪᠠᠰᠠ ᠴᠤ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠬᠤ ᠴᠠᠭ ᠦᠶ᠎ᠡ ᠶᠢᠨ ᠤᠷᠢᠶᠠᠯᠠᠭ᠎ᠠ ᠮᠥᠨ ᠭᠡᠳᠡᠭ ᠢ ᠲᠡᠦᠬᠡ ᠪᠠ ᠪᠣᠳᠠᠲᠤ ᠠᠬᠤᠢ ᠭᠦᠢᠴᠡᠳ ᠭᠡᠷᠡᠴᠢᠯᠡᠪᠡ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ 80 ᠵᠢᠯ ᠤᠨ ᠤᠢ ᠪᠣᠯᠣᠨ᠎ᠠ᠃ 80 ᠵᠢᠯ ᠤᠨ ᠡᠮᠦᠨ᠎ᠡ᠂ ᠳᠤᠮᠳᠠᠳᠤ ᠤᠷᠤᠰ ᠬᠤᠶᠠᠷ ᠤᠯᠤᠰ ᠤᠨ ᠠᠷᠠᠳ ᠲᠦᠮᠡᠨ ᠯᠤᠲᠤ ᠶᠡᠭᠡ ᠦᠷᠡᠭᠳᠡᠯ ᠭᠠᠷᠭᠠᠵᠤ᠂ ᠠᠭᠤᠤ ᠶᠡᠭᠡ ᠢᠯᠠᠯᠲᠠ ᠶᠢ ᠲᠡᠮᠡᠴᠡᠨ ᠣᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠮᠥᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠢ ᠬᠠᠮᠠᠭᠠᠯᠠᠬᠤ ᠳᠤ ᠲᠡᠦᠬᠡᠨ ᠬᠠᠭᠤᠳᠠᠰᠤᠨ ᠳᠤ ᠲᠡᠮᠳᠡᠭᠯᠡᠭᠳᠡᠬᠦ ᠲᠡᠦᠬᠡᠲᠦ ᠬᠤᠪᠢ ᠨᠡᠮᠡᠷᠢ ᠦᠵᠡᠭᠦᠯᠪᠡ᠃ ᠣᠳᠣᠬᠠᠨ ᠤ ᠳᠡᠯᠡᠬᠡᠢ ᠳᠡᠭᠡᠷᠡᠬᠢ ᠭᠠᠭᠴᠠ ᠲᠠᠯᠠᠲᠤ ᠦᠵᠡᠯ ᠤᠨ ᠰᠥᠷᠭᠡᠦ ᠤᠷᠤᠰᠬᠠᠯ ᠪᠣᠯᠣᠨ ᠬᠦᠴᠦᠷᠬᠡᠭᠯᠡᠯ ᠡᠵᠡᠷᠬᠡᠭ ᠠᠵᠢᠯᠯᠠᠭ᠎ᠠ ᠶᠢᠨ ᠡᠮᠦᠨ᠎ᠡ ᠳᠤᠮᠳᠠᠳᠤ ᠤᠯᠤᠰ ᠤᠷᠤᠰ ᠤᠨ ᠬᠢᠨ ᠯᠤᠭ᠎ᠠ ᠬᠠᠮᠲᠤ ᠪᠠᠷ ᠳᠡᠯᠡᠬᠡᠢ ᠶᠢᠨ ᠲᠣᠮᠣ ᠤᠯᠤᠰ ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠭᠢᠯᠡᠭᠴᠢ ᠤᠯᠤᠰ ᠪᠤᠯᠬᠤ ᠣᠨᠴᠠᠭᠠᠢ ᠬᠠᠷᠢᠭᠤᠴᠠᠯᠭ᠎ᠠ ᠶᠢ ᠡᠭᠦᠷᠭᠡᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠲᠤᠬᠠᠢ ᠵᠥᠪ ᠲᠡᠦᠬᠡ ᠶᠢᠨ ᠦᠵᠡᠯᠲᠡ ᠶᠢ ᠬᠠᠮᠲᠤ ᠪᠠᠷ ᠪᠠᠳᠠᠷᠠᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠣᠯᠣᠨ ᠪᠠᠶᠢᠷᠢ ᠰᠠᠭᠤᠷᠢ ᠶᠢ ᠬᠠᠮᠠᠭᠠᠯᠠᠵᠤ᠂ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠡᠷᠡᠰ ᠬᠠᠮᠠᠭᠠᠯᠠᠵᠤ᠂ ᠳᠤᠮᠳᠠᠳᠤ ᠤᠷᠤᠰ ᠬᠤᠶᠠᠷ ᠤᠯᠤᠰ ᠵᠢᠴᠢ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠡᠷᠬᠡ ᠠᠰᠢᠭ ᠢ ᠡᠷᠡᠰ ᠬᠠᠮᠠᠭᠠᠯᠠᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠤᠶᠢᠯᠵᠢᠯᠳᠠ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠭᠠᠷ ᠬᠤᠯᠪᠣᠨ ᠠᠬᠢᠭᠤᠯᠤᠨ᠎ᠠ ᠭᠡᠵᠦ ᠴᠢᠬᠤᠯᠠᠴᠢᠯᠠᠪᠠ᠃
ᠬᠤᠶᠠᠷ ᠤᠯᠤᠰ ᠤᠨ ᠲᠡᠷᠢᠭᠦᠨ ᠬᠤᠶᠠᠷ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠡᠯ᠎ᠡ ᠬᠦᠷᠢᠶᠡᠨ ᠳᠠᠬᠢ ᠬᠠᠮᠲᠤᠷᠠᠯᠴᠠᠭᠠᠨ ᠤ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃
ᠰᠢ ᠶᠢᠨ ᠫᠢᠩ᠂ ᠳᠤᠮᠳᠠᠳᠤ ᠤᠷᠤᠰ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠶᠡᠭᠡ ᠴᠢᠭᠯᠡᠯ ᠢ ᠪᠠᠷᠢᠮᠲᠠᠯᠠᠵᠤ᠂ ᠭᠠᠳᠠᠭᠠᠳᠤ ᠣᠷᠴᠢᠨ ᠤ ᠬᠠᠷᠰᠢᠯᠠᠯ ᠢ ᠠᠷᠢᠯᠭᠠᠵᠤ᠂ ᠬᠠᠮᠲᠤᠷᠠᠯᠴᠠᠭᠠᠨ ᠤ ︽ᠲᠣᠭᠲᠠᠭᠤᠨ︾ ᠤ ᠰᠠᠭᠤᠷᠢ ᠶᠢ ᠨᠡᠩ ᠪᠠᠬᠢᠵᠢᠭᠦᠯᠵᠦ᠂ ︽ᠤᠷᠤᠭᠰᠢᠯᠠᠬᠤ︾ ᠬᠥᠳᠡᠯᠭᠡᠬᠦ ᠡᠨᠧᠷᠭᠢ ᠶᠢ ᠨᠡᠩ ᠭᠦᠢᠴᠡᠳ ᠪᠣᠯᠭᠠᠶ᠎ᠠ᠃ ᠬᠤᠶᠠᠷ ᠤᠯᠤᠰ ᠤᠨ ᠡᠬᠢ ᠪᠠᠶᠠᠯᠢᠭ ᠤᠨ ᠳᠠᠪᠠᠭᠤᠯᠢᠭ ᠪᠣᠯᠣᠨ ᠠᠵᠤ ᠦᠢᠯᠡᠰ ᠤᠨ ᠰᠢᠰᠲ᠋ᠧᠮ ᠤᠨ ᠬᠠᠷᠢᠯᠴᠠᠨ ᠨᠥᠬᠦᠪᠦᠷᠢᠯᠡᠬᠦ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠠᠬᠤᠢ ᠠᠷᠠᠯᠵᠢᠶ᠎ᠠ᠂ ᠡᠨᠧᠷᠭᠢ᠂ ᠬᠥᠳᠡᠭᠡ ᠠᠵᠤ ᠠᠬᠤᠢ᠂ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ ᠳᠠᠬᠢ ᠴᠢᠨᠠᠷ ᠰᠠᠶᠢᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠭᠡᠶ᠎ᠡ︔ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠ ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢ ᠵᠣᠯᠭᠠᠭᠤᠯᠬᠤ ᠪᠠᠷ ᠲᠠᠪᠴᠠᠩ ᠪᠤᠯᠭᠠᠵᠤ᠂ ᠥᠨᠳᠥᠷ ᠪᠠᠷᠢᠮᠵᠢᠶᠠᠲᠤ ᠬᠤᠯᠪᠣᠯᠳᠤᠨ ᠨᠡᠪᠲᠡᠷᠡᠯᠴᠡᠬᠦ ᠪᠠᠶᠢᠷᠢᠰᠢᠯ ᠢ ᠪᠠᠶᠢᠭᠤᠯᠤᠶ᠎ᠠ︔ ︽ᠳᠤᠮᠳᠠᠳᠤ ᠣᠷᠣᠰ ᠤᠨ ᠰᠣᠶᠣᠯ ᠤᠨ ᠣᠨ︾ ᠤ ᠳᠠᠯᠳᠠ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ᠂ ᠺᠢᠨᠣ᠋᠂ ᠵᠢᠭᠤᠯᠴᠢᠯᠠᠯ᠂ ᠪᠡᠶ᠎ᠡ ᠶᠢᠨ ᠲᠠᠮᠢᠷ᠂ ᠣᠷᠣᠨ ᠨᠤᠲᠤᠭ ᠵᠡᠷᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠭᠦᠨ ᠳᠠᠪᠬᠤᠷᠭ᠎ᠠ ᠶᠢᠨ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠭᠢᠭᠤᠯᠤᠶ᠎ᠠ︔ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠯᠳᠠᠨ ᠲᠣᠭᠤᠰᠭ᠋᠎ᠠ ᠤᠯᠤᠰ ᠤᠳ ᠵᠡᠷᠭᠡ ᠤᠯᠠᠨ ᠲᠠᠯᠠᠲᠤ ᠲᠠᠪᠴᠠᠩ ᠳᠠᠬᠢ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠯᠤᠭ᠎ᠠ ᠪᠦᠯᠬᠦᠮᠳᠡᠵᠦ᠂ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠬᠤᠪᠢᠰᠤᠯᠲᠠ ᠶᠢ ᠵᠥᠪ ᠴᠢᠭᠯᠡᠯ ᠢᠶᠠᠷ ᠬᠥᠲᠥᠯᠥᠨ ᠳᠠᠭᠠᠭᠤᠯᠤᠶ᠎ᠠ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠃ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠢᠯᠠᠨ ᠳᠠᠪᠠᠭ᠋ᠤ ᠢᠲᠡᠭᠡᠯ ᠵᠣᠷᠢᠭ ᠪᠢᠳᠡᠨ ᠳᠤ ᠪᠤᠢ᠃ ᠭᠠᠳᠠᠭᠠᠳᠤ ᠣᠷᠴᠢᠨ ᠶᠠᠭᠠᠬᠢᠵᠤ ᠬᠤᠪᠢᠷᠠᠭᠰᠠᠨ ᠴᠤ ᠳᠤᠮᠳᠠᠳᠤ ᠤᠯᠤᠰ ᠴᠥᠮ ᠥᠪᠡᠷ ᠤᠨ ᠶᠠᠪᠤᠳᠠᠯ ᠢᠶᠠᠨ ᠡᠷᠡᠰ ᠪᠠᠲᠤ ᠰᠠᠶᠢᠲᠤᠷ ᠬᠢᠨ᠎ᠡ᠃ ᠳᠤᠮᠳᠠᠳᠤ ᠤᠯᠤᠰ ᠳᠤᠷᠠᠲᠠᠶ᠎ᠠ ᠣᠷᠣᠰ ᠤᠨ ᠬᠢᠨ ᠲᠠᠢ ᠬᠠᠮᠲᠤ ᠪᠠᠷ ᠴᠠᠭ ᠦᠶ᠎ᠡ ᠠᠴᠠ ᠣᠯᠭᠤᠭᠰᠠᠨ ᠣᠨᠴᠠᠭᠠᠶ ᠬᠠᠷᠢᠭᠤᠴᠠᠯᠭ᠎ᠠ ᠶᠢ ᠡᠭᠦᠷᠭᠡᠯᠡᠵᠦ᠂ ᠪᠦᠭᠦ ᠪᠥᠮᠪᠥᠷᠴᠡᠭ ᠤᠨ ᠣᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠪᠣᠯᠣᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ᠂ ᠬᠤᠶᠠᠷ ᠤᠯᠤᠰ ᠤᠨ ᠬᠥᠭᠵᠢᠯ ᠮᠠᠨᠳᠤᠯ ᠢ ᠠᠬᠢᠭᠤᠯᠬᠤ᠂ ᠳᠡᠯᠡᠬᠡᠢ ᠶᠢᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ᠃
ᠫᠦᠲ᠋ᠢᠨ᠂ ᠲᠡᠷᠢᠭᠦᠯᠡᠭᠴᠢ ᠰᠢ ᠶᠢᠨ ᠫᠢᠩ ᠤᠨ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠳᠤ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠡᠨᠡ ᠤᠳᠠᠭ᠎ᠠ ᠶᠢᠨ ᠠᠶᠢᠯᠴᠢᠯᠠᠯᠲᠠ ᠴᠢᠬᠤᠯᠠ ᠶᠡᠭᠡ ᠠᠴᠢ ᠬᠤᠯᠪᠣᠭᠳᠠᠯ ᠲᠠᠢ᠂ ᠤᠷᠤᠰ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠠᠷ ᠪᠠᠷᠠᠬᠤ ᠦᠭᠡᠢ ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠬᠠᠮᠠᠭᠠᠯᠠᠬᠤ ᠪᠣᠯᠣᠨ᠎ᠠ ᠭᠡᠵᠦ ᠢᠯᠡᠳᠬᠡᠪᠡ᠃
ᠫᠦᠲ᠋ᠢᠨ᠂ ᠤᠷᠤᠰ ᠳᠤᠮᠳᠠᠳᠤ ᠶᠢᠨ ᠬᠠᠷᠢᠯᠴᠠᠭ᠎ᠠ ᠬᠠᠷᠢᠯᠴᠠᠨ ᠡᠷᠬᠡ ᠲᠡᠭᠰᠢ᠂ ᠬᠠᠷᠢᠯᠴᠠᠨ ᠬᠦᠨᠳᠦᠳᠬᠡᠬᠦ ᠰᠠᠭᠤᠷᠢᠨ ᠳᠡᠭᠡᠷ᠎ᠡ ᠪᠠᠶᠢᠭᠤᠯᠤᠭᠳᠠᠵᠤ᠂ ᠭᠤᠷᠪᠠᠳᠠᠭᠴᠢ ᠡᠲᠡᠭᠡᠳ ᠲᠤ ᠴᠢᠭᠯᠡᠭᠦᠯᠬᠦ ᠦᠭᠡᠢ᠂ ᠨᠢᠭᠡᠨ ᠴᠠᠭ ᠨᠢᠭᠡᠨ ᠬᠡᠷᠡᠭ ᠶᠠᠪᠤᠳᠠᠯ ᠳᠤ ᠨᠥᠯᠥᠭᠡᠯᠡᠭᠳᠡᠬᠦ ᠦᠭᠡᠢ᠃ ᠤᠷᠤᠰ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠬᠦ ᠪᠣᠯ ᠤᠷᠤᠰ ᠤᠨ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠣᠨ᠎ᠠ᠃ ᠤᠷᠤᠰ ᠤᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠲᠠᠶᠢᠸᠠᠨ ᠤ ᠠᠰᠠᠭᠤᠳᠠᠯ ᠳᠡᠭᠡᠷ᠎ᠡ ᠢᠮᠠᠭᠲᠠ ᠳᠤᠮᠳᠠᠳᠤ ᠶᠢᠨ ᠲᠠᠯ᠎ᠠ ᠶᠢᠨ ᠵᠣᠭᠰᠣᠯᠲᠠ ᠶᠢ ᠳᠡᠮᠵᠢᠨ᠎ᠠ᠃ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠭᠡᠳᠦ ᠳᠠᠪᠬᠤᠷᠭ᠎ᠠ ᠶᠢᠨ ᠨᠢᠭᠲᠠ ᠶᠠᠪᠤᠯᠴᠠᠭ᠎ᠠ ᠪᠠᠨ ᠪᠠᠲᠤᠯᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠡᠨᠧᠷᠭᠢ᠂ ᠬᠥᠳᠡᠭᠡ ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠤᠷᠭᠠᠨ ᠬᠥᠮᠦᠵᠢᠯ᠂ ᠰᠣᠶᠣᠯ᠂ ᠵᠠᠯᠠᠭᠤᠴᠤᠳ᠂ ᠵᠢᠭᠤᠯᠴᠢᠯᠠᠯ ᠵᠡᠷᠭᠡ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠠᠯᠤᠰ ᠳᠣᠷᠣᠨᠠᠲᠤ ᠶᠢᠨ ᠭᠠᠵᠠᠷ ᠣᠷᠣᠨ ᠤ ᠬᠠᠮᠲᠤᠷᠠᠯᠴᠠᠭᠠᠨ ᠤ ᠠᠭᠤᠯᠬᠤᠨ ᠢ ᠥᠷᠭᠡᠳᠬᠡᠨ᠎ᠡ᠃ ᠥᠨᠳᠥᠷ ᠪᠣᠭᠤᠮᠲᠠ ᠶᠢᠨ ᠭᠠᠶᠢᠯᠢ ᠶᠢ ᠨᠡᠮᠡᠵᠦ ᠲᠠᠲᠠᠪᠤᠷᠢᠯᠠᠬᠤ ᠨᠢ ᠬᠡᠪ ᠤᠨ ᠵᠦᠢ ᠶᠣᠰᠣ ᠠᠴᠠ ᠵᠥᠷᠢᠴᠡᠭᠰᠡᠨ ᠪᠥᠭᠡᠳ ᠬᠠᠤᠯᠢ ᠳᠤ ᠨᠡᠶᠢᠴᠡᠬᠦ ᠦᠭᠡᠢ᠂ ᠭᠡᠳᠡᠷᠭᠦ ᠳᠡᠭᠡᠨ ᠥᠪᠡᠷ ᠢ ᠪᠠᠨ ᠬᠤᠬᠢᠷᠠᠭᠤᠯᠬᠤ ᠶᠠᠪᠤᠳᠠᠯ ᠪᠣᠯᠣᠨ᠎ᠠ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠯᠳᠠᠨ ᠲᠣᠭᠤᠰᠭ᠋᠎ᠠ ᠤᠯᠤᠰ ᠤᠳ ᠵᠡᠷᠭᠡ ᠤᠯᠠᠨ ᠲᠠᠯᠠᠲᠤ ᠪᠣᠷᠣ ᠲᠥᠯᠥᠪ ᠤᠨ ᠳᠣᠲᠣᠷᠠᠬᠢ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠳᠡᠯᠡᠬᠡᠢ ᠶᠢᠨ ᠤᠯᠠᠨ ᠲᠤᠶᠢᠯᠵᠢᠯᠲᠠ ᠶᠢᠨ ᠠᠬᠢᠴᠠ ᠶᠢ ᠳᠡᠮᠵᠢᠵᠦ᠂ ᠭᠠᠭᠴᠠ ᠲᠠᠯᠠᠲᠤ ᠦᠵᠡᠯ ᠢ ᠬᠠᠮᠲᠤ ᠪᠠᠷ ᠡᠰᠡᠷᠭᠦᠴᠡᠵᠦ᠂ ᠳᠤᠷ᠎ᠠ ᠪᠠᠷ ᠢᠶᠠᠨ ᠵᠠᠯᠬᠠᠭᠠᠯ ᠶᠠᠪᠤᠭᠤᠯᠬᠤ ᠶᠢ ᠡᠰᠡᠷᠭᠦᠴᠡᠵᠦ᠂ ᠪᠦᠯᠦᠭᠯᠡᠯ ᠤᠨ ᠡᠰᠡᠷᠭᠦᠴᠡᠯᠳᠦᠯ ᠢ ᠡᠰᠡᠷᠭᠦᠴᠡᠵᠦ᠂ ᠳᠡᠯᠡᠬᠡᠢ ᠨᠡᠶᠢᠲᠡ ᠶᠢᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ ᠭᠡᠵᠦ ᠢᠯᠡᠳᠬᠡᠪᠡ᠃
ᠫᠦᠲ᠋ᠢᠨ᠂ ᠤᠷᠤᠰ ᠳᠤᠮᠳᠠᠳᠤ ᠬᠤᠶᠠᠷ ᠤᠯᠤᠰ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠳᠤᠮᠳᠠ ᠴᠥᠮ ᠯᠤᠲᠤ ᠶᠡᠭᠡ ᠦᠷᠡᠭᠳᠡᠯ ᠭᠠᠷᠭᠠᠵᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠢᠶᠠᠷ ᠪᠠᠶᠢᠯᠳᠤᠵᠤ᠂ ᠶᠠᠫᠤᠨ ᠢ ᠡᠰᠡᠷᠭᠦᠴᠡᠬᠦ ᠲᠠᠶᠢᠨ ᠤ ᠠᠭᠤᠤ ᠶᠡᠭᠡ ᠢᠯᠠᠯᠲᠠ ᠶᠢ ᠣᠯᠵᠤ᠂ ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢ ᠣᠯᠬᠤ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ ᠤᠷᠤᠰ ᠳᠤᠮᠳᠠᠳᠤ ᠬᠤᠶᠠᠷ ᠤᠯᠤᠰ ᠳᠠᠶᠢᠨ ᠤ ᠭᠠᠯ ᠳᠦᠷᠡᠯᠵᠡᠭᠰᠡᠨ ᠪᠡᠷᠬᠡ ᠬᠠᠲᠠᠭᠤᠵᠢᠯᠲᠠᠢ ᠣᠨ ᠰᠠᠷ᠎ᠠ ᠳᠤ ᠬᠠᠷᠢᠯᠴᠠᠨ ᠳᠡᠮᠵᠢᠵᠦ᠂ ᠭᠦᠨ ᠵᠤᠵᠠᠭᠠᠨ ᠨᠥᠬᠦᠷᠯᠡᠯ ᠢ ᠪᠠᠶᠢᠭᠤᠯᠵᠤ᠂ ᠬᠤᠶᠠᠷ ᠲᠠᠯ᠎ᠠ ᠶᠢᠨ ᠬᠠᠷᠢᠯᠴᠠᠭᠠᠨ ᠤ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠣᠯᠣᠨ ᠤᠯᠠᠨ ᠤᠯᠤᠰ ᠤᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠳᠡᠯᠡᠬᠡᠢ ᠶᠢᠨ ᠬᠤᠶᠠᠳᠤᠭᠠᠷ ᠲᠠᠶᠢᠨ ᠤ ᠲᠤᠬᠠᠢ ᠵᠥᠪ ᠲᠡᠦᠬᠡ ᠶᠢᠨ ᠲᠣᠭᠠᠴᠢᠯᠲᠠ ᠶᠢ ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠬᠤᠶᠠᠷ ᠤᠯᠤᠰ ᠪᠣᠯᠣᠨ ᠳᠡᠯᠡᠬᠡᠢ ᠶᠢᠨ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ ᠭᠡᠵᠦ ᠢᠯᠡᠳᠬᠡᠪᠡ᠃
ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ ᠤᠯᠤᠰ ᠤᠨ ᠲᠡᠷᠢᠭᠦᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠤᠷᠤᠰ ᠤᠨ ᠬᠤᠯᠪᠣᠭᠠᠨ ᠤ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ ᠢᠯᠠᠯᠲᠠ ᠣᠯᠣᠭᠰᠠᠨ ᠵᠢᠴᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠶᠢ ᠳᠤᠷᠠᠰᠬᠠᠬᠤ ᠲᠠᠰᠢᠷᠠᠮ ᠳᠤ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠪᠠ᠃
ᠬᠤᠶᠠᠷ ᠤᠯᠤᠰ ᠤᠨ ᠲᠡᠷᠢᠭᠦᠨ ᠳᠤᠮᠳᠠᠳᠤ ᠤᠷᠤᠰ ᠬᠤᠶᠠᠷ ᠲᠠᠯ᠎ᠠ ᠶᠢᠨ 20 ᠭᠠᠷᠤᠢ ᠬᠤᠪᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠰᠣᠯᠢᠯᠴᠠᠬᠤ ᠶᠢ ᠬᠠᠮᠲᠤ ᠪᠠᠷ ᠭᠡᠷᠡᠴᠢᠯᠡᠵᠦ᠂ ᠪᠦᠭᠦ ᠪᠥᠮᠪᠥᠷᠴᠡᠭ ᠤᠨ ᠪᠠᠶᠢᠯᠳᠤᠬᠤ ᠪᠣᠳᠣᠯᠭ᠎ᠠ ᠶᠢᠨ ᠲᠣᠭᠲᠠᠭᠤᠨ᠂ ᠤᠯᠠᠨ ᠤᠯᠤᠰ ᠤᠨ ᠬᠠᠤᠯᠢ ᠶᠢᠨ ᠡᠷᠬᠡ ᠰᠦᠷ ᠢ ᠬᠠᠮᠠᠭᠠᠯᠠᠬᠤ᠂ ᠠᠮᠢᠳᠤ ᠪᠣᠳᠠᠰ ᠤᠨ ᠠᠮᠤᠷ ᠲᠦᠪᠰᠢᠨ᠂ ᠪᠡᠯᠡ ᠣᠷᠣᠭᠤᠯᠤᠯᠲᠠ ᠶᠢᠨ ᠬᠠᠮᠠᠭᠠᠯᠠᠯᠲᠠ᠂ ᠲᠣᠭᠠᠴᠢᠯᠠᠭᠰᠠᠨ ᠠᠵᠤ ᠠᠬᠤᠢ᠂ ᠬᠢᠵᠢᠭ ᠢ ᠰᠢᠯᠭᠠᠨ ᠪᠠᠶᠢᠴᠠᠭᠠᠬᠤ᠂ ᠺᠢᠨᠣ᠋ ᠶᠢᠨ ᠦᠢᠯᠡᠰ ᠤᠨ ᠬᠠᠮᠲᠤᠷᠠᠯᠴᠠᠭ᠎ᠠ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠠᠢ᠃
ᠬᠤᠶᠠᠷ ᠤᠯᠤᠰ ᠤᠨ ᠲᠡᠷᠢᠭᠦᠨ ᠬᠤᠶᠠᠷ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ ᠬᠤᠶᠠᠷ ᠲᠠᠯ᠎ᠠ ᠪᠠᠷ ᠢᠶᠠᠨ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠣᠰᠣᠭᠠᠷ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠠᠬᠢᠭᠤᠯᠵᠤ᠂ ᠨᠡᠩ ᠤᠯᠠᠨ ᠪᠣᠳᠠᠲᠤ ᠦᠷ᠎ᠡ ᠪᠦᠲᠦᠮᠵᠢ ᠣᠯᠬᠤ ᠶᠢ ᠳᠠᠭᠠᠭᠠᠯᠭᠠᠪᠠ᠃
ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ᠃
ᠲᠤᠰ ᠡᠳᠦᠷ ᠤᠨ ᠦᠳᠡ ᠳᠤ ᠫᠦᠲ᠋ᠢᠨ ᠰᠢ ᠶᠢᠨ ᠫᠢᠩ ᠢ ᠤᠭᠲᠤᠬᠤ ᠳᠠᠶᠢᠯᠠᠯᠭ᠎ᠠ ᠬᠢᠪᠡ᠃
ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃