︽5•1︾ ᠤ ᠠᠮᠠᠷᠠᠯᠲᠠ ᠶᠢᠨ ᠬᠤᠭᠤᠴᠠᠭᠠᠨ ᠳᠤ ᠮᠠᠨ ᠤ ᠣᠷᠣᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ︽ᠭᠠᠯ ᠤᠨ ᠠᠶᠤᠯ ᠥᠬᠡᠶ ᠪᠠᠶᠢᠳᠠᠯ︾ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/5/9

      ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ︽5•1︾ ᠤ ᠠᠮᠠᠷᠠᠯᠲᠠ ᠶᠢᠨ ᠬᠤᠭᠤᠴᠠᠭᠠᠨ ᠳᠤ ᠮᠠᠨ ᠤ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ᠂ ᠬᠡᠭᠡᠷ᠎ᠡ ᠭᠠᠳᠠᠨ᠎ᠠ ᠶᠢᠨ ᠵᠤᠭᠠᠯᠠᠯᠭ᠎ᠠ ᠵᠡᠷᠭᠡ ᠠᠵᠢᠯᠯᠠᠭ᠎ᠠ ᠨᠤᠭᠤᠳ ᠨᠡᠮᠡᠭᠳᠡᠭᠰᠡᠨ ᠠᠴᠠ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠪᠣᠯᠣᠮᠵᠢ ᠶᠢᠨ ᠪᠠᠶᠢᠳᠠᠯ ᠥᠨᠳᠥᠷᠵᠢᠭᠡᠳ ᠪᠠᠭᠤᠷᠠᠳᠠᠭ ᠦᠭᠡᠢ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠤᠷᠢᠳᠴᠢᠯᠠᠨ ᠪᠠᠶᠢᠷᠢᠯᠠᠭᠤᠯᠤᠯᠲᠠ ᠬᠢᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠭᠰᠡᠨ ᠪᠣᠯᠬᠤᠷ ︽5•1︾ ᠤ ᠠᠮᠠᠷᠠᠯᠲᠠ ᠶᠢᠨ ᠬᠤᠭᠤᠴᠠᠭᠠᠨ ᠳᠠᠬᠢ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ︽ᠭᠠᠯ ᠤᠨ ᠠᠶᠤᠯ ᠥᠬᠡᠶ ᠪᠠᠶᠢᠳᠠᠯ︾ ᠢ ᠪᠡᠶᠡᠯᠡᠭᠦᠯᠪᠡ᠃

      ᠭᠠᠯ ᠤᠨ ᠠᠶᠤᠯ ᠤᠨ ᠪᠠᠶᠢᠳᠠᠯ ᠢ ᠴᠠᠭᠳᠠᠨ ᠪᠠᠶᠢᠴᠠᠭᠠᠬᠤ ᠬᠠᠮᠠᠭᠠᠯᠠᠯᠲᠠ ᠶᠢ ᠴᠢᠩᠭᠠᠷᠠᠭᠤᠯᠬᠤ ᠶᠢᠨ ᠲᠥᠯᠥᠭᠡ᠂ 10 ᠠᠶᠢᠮᠠᠭ ᠬᠤᠲᠠ ᠳᠠᠬᠢ ᠠᠭᠠᠷ ᠠᠶᠠᠯᠠᠯ ᠢᠶᠠᠷ ᠣᠶ ᠰᠢᠭᠤᠶ ᠶᠢ ᠬᠠᠮᠠᠭᠠᠯᠠᠬᠤ 13 ᠨᠢᠰᠬᠡᠯ ᠢᠶᠠᠷ ᠠᠭᠠᠷ ᠢᠶᠠᠷ ᠴᠠᠭᠳᠠᠨ ᠪᠠᠶᠢᠴᠠᠭᠠᠬᠤ ᠤᠳᠠᠭ᠎ᠠ ᠲᠤᠭ᠎ᠠ ᠪᠠᠨ ᠨᠡᠮᠡᠭᠳᠡᠭᠦᠯᠵᠦ᠂ ᠭᠤᠤᠯᠳᠠᠯᠭ᠎ᠠ ᠪᠣᠯᠬᠤ ᠭᠠᠵᠠᠷ ᠣᠷᠣᠨ ᠨᠤᠭᠤᠳ ᠢ ᠴᠥᠮ ᠬᠠᠮᠤᠷᠪᠠ᠃ ᠡᠯ᠎ᠡ ᠭᠠᠵᠠᠷ ᠤᠨ ᠬᠢᠨ ᠰᠤᠪᠤᠷᠭᠠᠲᠤ ᠲᠠᠶᠢᠰᠠ ᠪᠠᠷ ᠪᠠᠷᠠᠯᠠᠬᠤ᠂ ᠸᠢᠳᠢᠣ᠋ ᠪᠠᠷ ᠬᠢᠨᠠᠨ ᠡᠵᠡᠮᠳᠡᠬᠦ ᠶᠢ ᠣᠶ ᠰᠢᠭᠤᠶ ᠬᠠᠮᠠᠭᠠᠯᠠᠭᠴᠢ᠂ ᠨᠤᠲᠤᠭ ᠪᠡᠯᠴᠢᠭᠡᠷ ᠤᠨ ᠬᠠᠮᠢᠶᠠᠷᠤᠭᠴᠢ ᠶᠢᠨ ᠭᠠᠵᠠᠷ ᠳᠡᠭᠡᠷᠡᠬᠢ ᠴᠠᠭᠳᠠᠨ ᠪᠠᠶᠢᠴᠠᠭᠠᠬᠤ ᠬᠠᠮᠠᠭᠠᠯᠠᠯᠲᠠ ᠪᠠ ᠬᠠᠷᠠᠭᠤᠯ ᠥᠷᠲᠡᠭᠡᠨ ᠤ ᠬᠠᠮᠢᠶᠠᠷᠤᠯᠲᠠ ᠯᠤᠭ᠎ᠠ ᠤᠶᠠᠯᠳᠤᠭᠤᠯᠤᠨ᠂ ︽ᠠᠭᠠᠷ ᠣᠭᠲᠠᠷᠭᠤᠢ ᠭᠠᠵᠠᠷ ᠬᠥᠮᠦᠨ︾ ᠤ ᠪᠣᠰᠤᠭ᠎ᠠ ᠴᠣᠭᠴᠠᠲᠤ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠪᠣᠶ ᠪᠣᠯᠭᠠᠵᠤ᠂ ᠬᠥᠮᠦᠨ ᠤ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ᠂ ᠪᠣᠳᠠᠰ ᠤᠨ ᠰᠡᠷᠭᠡᠶᠢᠯᠡᠯᠲᠡ ᠶᠢᠨ ᠥᠨᠳᠥᠷ ᠪᠦᠲᠦᠮᠵᠢᠲᠡᠶ ᠪᠠᠷ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠪᠡ᠃ ᠭᠠᠯ ᠤᠨ ᠢᠷᠡᠯᠲᠡ ᠶᠢᠨ ᠬᠠᠮᠢᠶᠠᠷᠤᠯᠲᠠ ᠶᠢᠨ ᠲᠠᠯ᠎ᠠ ᠪᠠᠷ᠂ ᠡᠯ᠎ᠡ ᠭᠠᠵᠠᠷ ᠤᠨ ᠬᠢᠨ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠰᠢᠲᠠᠮᠠᠬᠠᠶ ᠪᠣᠳᠠᠰ ᠢ ᠴᠡᠪᠡᠷᠯᠡᠬᠦ ᠲᠤᠰᠬᠠᠶ ᠠᠵᠢᠯ ᠢ ᠤᠷᠢᠳᠴᠢᠯᠠᠨ ᠥᠷᠨᠢᠭᠦᠯᠵᠦ᠂ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠶᠢ ᠪᠠᠶᠢᠴᠠᠭᠠᠨ ᠰᠢᠢᠳᠪᠦᠷᠢᠯᠡᠬᠦ ᠲᠤᠰᠬᠠᠶ ᠠᠵᠢᠯᠯᠠᠭ᠎ᠠ ᠶᠢ ᠪᠠᠶᠢᠩᠭᠤᠵᠢᠭᠤᠯᠤᠨ ᠠᠬᠢᠭᠤᠯᠵᠤ᠂ ᠭᠠᠯ ᠤᠨ ᠡᠭᠦᠰᠬᠡᠭᠦᠷ ᠢ ᠠᠭᠤᠯᠠᠨ ᠳᠤ ᠭᠠᠷᠭᠠᠬᠤ ᠥᠬᠡᠶ᠂ ᠭᠠᠯ ᠠᠪᠴᠤ ᠣᠶ ᠳᠤ ᠣᠷᠣᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠭᠠᠯ ᠠᠪᠴᠤ ᠶᠠᠪᠤᠬᠤ ᠶᠢᠨ ᠴᠢᠩᠭ᠎ᠠ ᠨᠢᠭᠲᠠ ᠬᠠᠮᠢᠶᠠᠷᠤᠯᠲᠠ ᠶᠢ ᠪᠡᠶᠡᠯᠡᠭᠦᠯᠪᠡ᠃ ᠡᠭᠦᠨ ᠤ ᠬᠠᠮᠲᠤ᠂ ᠡᠯ᠎ᠡ ᠭᠠᠵᠠᠷ ᠤᠨ ᠬᠢᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠭᠰᠠᠨ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ