​ᠲᠥᠪ ᠤᠨ ᠠᠮᠢ ᠠᠬᠤᠢ ᠤᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠲᠤᠭᠠᠷ ᠬᠢᠨᠠᠨ ᠪᠠᠶᠢᠴᠠᠭᠠᠬᠤ ᠲᠤᠭᠤᠶᠢᠯᠠᠩ ᠠᠴᠠ ᠦᠪᠣᠷ ᠮᠤᠩᠭᠤᠯ ᠤᠨ ᠥᠪᠡᠷᠳᠠᠭᠡᠨ ᠵᠠᠰᠠᠬᠤ ᠣᠷᠣᠨ ᠳᠤ ᠲᠠᠪᠤᠳᠤᠭᠠᠷ ᠪᠦᠯᠤᠭ᠌ ᠤᠨ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠤᠭ᠍ᠰᠡᠨ 63 ᠬᠡᠷᠡᠭ ᠢ ᠰᠢᠢᠳᠪᠦᠷᠢᠯᠡᠭᠦᠯᠬᠦ ᠪᠠᠷ ᠲᠣᠰᠢᠶᠠᠵᠠᠢ
ᠨᠡᠶᠢᠲᠡᠯᠡᠭᠰᠡᠨ ᠴᠠᠭ᠄
2025/6/3


6 ᠰᠠᠷ᠎ᠠ ᠶᠢᠨ 2᠎ ᠤᠨ ᠡᠳᠦᠷ ᠂ ᠲᠥᠪ ᠤᠨ ᠠᠮᠢ ᠠᠬᠤᠢ ᠤᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠲᠤᠭᠠᠷ ᠬᠢᠨᠠᠨ ᠪᠠᠶᠢᠴᠠᠭᠠᠬᠤ ᠲᠤᠭᠤᠶᠢᠯᠠᠩ ᠠᠴᠠ ᠦᠪᠣᠷ ᠮᠤᠩᠭᠤᠯ ᠤᠨ ᠥᠪᠡᠷᠳᠠᠭᠡᠨ ᠵᠠᠰᠠᠬᠤ ᠣᠷᠣᠨ ᠳᠤ ᠲᠠᠪᠤᠳᠤᠭᠠᠷ ᠪᠦᠯᠤᠭ᠌ ᠤᠨ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠤᠭ᠍ᠰᠡᠨ 63 ᠬᠡᠷᠡᠭ ︵ᠭᠤᠣᠯᠳᠡᠯᠭ᠎ᠠ ᠲᠠᠢ ᠠᠩᠬᠠᠷᠬᠤ 7 ᠬᠤᠪᠢ︶᠎ ᠢ ᠰᠢᠢᠳᠪᠦᠷᠢᠯᠡᠭᠦᠯᠬᠦ ᠪᠠᠷ ᠲᠣᠰᠢᠶᠠᠵᠠᠢ᠂ ᠡᠭᠦᠨ ᠳᠤ ᠤᠳᠠᠰᠤ ᠪᠠᠷ ᠢᠯᠡᠴᠢᠯᠡᠨ ᠮᠡᠳᠡᠭᠦᠯᠦᠭᠰᠠᠨ ᠬᠡᠷᠡᠭ 19 ᠬᠤᠪᠢ᠂ ᠵᠠᠬᠢᠳᠡᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ 4 ᠬᠤᠪᠢ ᠪᠣᠢ᠃ ᠲᠣᠰ ᠪᠦᠯᠦᠭ ᠤᠨ ᠵᠠᠬᠢᠳᠡᠯ ᠰᠤᠷᠪᠤᠯᠵᠢᠯᠡᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ ᠲᠤ ᠬᠥᠬᠡᠬᠤᠳᠠ ᠳᠤ ᠬᠤᠯᠪᠣᠭᠳᠠᠬᠤ 13 ᠬᠤᠪᠢ᠂ ᠪᠣᠭᠤᠲᠤ ᠬᠤᠲᠠ ᠳᠤ ᠬᠤᠯᠪᠣᠭᠳᠠᠬᠤ ᠬᠤᠪᠢ᠂ ᠬᠦᠯᠤᠨ ᠪᠣᠶᠢᠷ ᠬᠤᠲᠠ ᠳᠤ ᠬᠤᠯᠪᠣᠭᠳᠠᠬᠤ 5 ᠬᠤᠪᠢ᠂ ᠬᠢᠩᠭᠠᠨ ᠠᠶᠢᠮᠠᠭ ᠲᠤ ᠬᠤᠯᠪᠣᠭᠳᠠᠬᠤ 4 ᠬᠤᠪᠢ᠂ ᠲᠦᠩᠯᠢᠶᠣᠤ ᠬᠤᠲᠠ ᠳᠤ ᠬᠤᠯᠪᠣᠭᠳᠠᠬᠤ 3 ᠬᠤᠪᠢ᠂ ᠣᠯᠠᠭᠠᠬᠠᠲᠠ ᠬᠤᠲᠠ ᠳᠤ ᠬᠤᠯᠪᠣᠭᠳᠠᠬᠤ 8 ᠬᠤᠪᠢ᠂ ᠰᠢᠯᠢ ᠶᠢᠨ ᠭᠤᠣᠯ ᠠᠶᠢᠮᠠᠭ ᠲᠤ ᠬᠤᠯᠪᠣᠭᠲᠠᠬᠤ 4 ᠬᠤᠪᠢ᠂ ᠤᠯᠠᠭᠠᠨᠴᠠᠪ ᠬᠤᠲᠠ ᠳᠤ ᠬᠤᠯᠪᠣᠭᠳᠠᠬᠤ 3 ᠬᠤᠪᠢ᠂ ᠤᠷᠳᠤᠰ ᠬᠤᠲᠠ ᠳᠤ ᠬᠤᠯᠪᠣᠭᠳᠠᠬᠤ 12 ᠬᠤᠪᠢ᠂ ᠪᠠᠶᠠᠨᠨᠠᠭᠤᠷ ᠬᠤᠲᠠ ᠳᠤ ᠬᠤᠯᠪᠣᠭᠳᠠᠬᠤ 8 ᠬᠤᠪᠢ᠂ ᠦᠬᠠᠢ ᠬᠤᠲᠠ ᠳᠤ ᠬᠤᠯᠪᠣᠭᠲᠠᠬᠤ 2 ᠬᠤᠪᠢ ᠪᠣᠢ᠃ ᠲᠣᠰ ᠪᠦᠯᠦᠭ ᠵᠠᠬᠢᠳᠡᠯ ᠰᠤᠷᠪᠤᠯᠵᠢᠯᠡᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ ᠲᠤ ᠤᠰᠤᠨ ᠤ ᠪᠣᠬᠢᠷᠳᠤᠯ ᠤᠨ ᠬᠡᠷᠡᠭ 4 ᠬᠤᠪᠢ᠂ ᠠᠭᠠᠷ ᠮᠠᠨᠲᠠᠯ ᠤᠨ ᠪᠣᠬᠢᠷᠳᠤᠯ ᠤᠨ ᠬᠡᠷᠡᠭ 2 ᠬᠤᠪᠢ᠂ ᠬᠦᠷᠤᠰᠤ ᠰᠢᠷᠣᠢ ᠶᠢᠨ ᠪᠣᠬᠢᠷᠳᠤᠯ ᠤᠨ ᠬᠡᠷᠡᠭ 10 ᠬᠤᠪᠢ᠂ ᠠᠮᠢ ᠠᠬᠤᠢ ᠶᠢ ᠡᠪᠳᠡᠭᠰᠡᠨ ᠬᠡᠷᠡᠭ 40 ᠬᠤᠪᠢ᠂ ᠱᠤᠤᠭᠢᠶᠠᠨ ᠤ ᠪᠤᠬᠢᠷᠳᠤᠯ ᠤᠨ ᠬᠡᠷᠡᠭ 3 ᠬᠤᠪᠢ᠂ ᠪᠤᠰᠤᠳ ᠬᠡᠷᠡᠭ 4 ᠬᠤᠪᠢ ᠪᠣᠢ᠃ ᠲᠤᠬᠠᠢ ᠶᠢᠨ ᠡᠳᠦᠷ ᠂ ᠳᠡᠭᠡᠷᠡᠬᠢ ᠵᠠᠬᠢᠳᠡᠯ ᠰᠤᠷᠪᠣᠯᠵᠢᠯᠠᠯ ᠢᠶᠠᠷ ᠢᠯᠡᠴᠢᠯᠡᠨ ᠮᠡᠳᠡᠭᠦᠯᠤᠭ᠍ᠰᠡᠨ ᠬᠡᠷᠡᠭ ᠢ ᠴᠥᠮ ᠬᠤᠯᠪᠣᠭᠳᠠᠯ ᠪᠦᠬᠦᠢ ᠠᠶᠢᠮᠠᠭ ᠬᠤᠲᠠ ᠳᠤ ᠰᠢᠯᠵᠢᠭᠦᠯᠣᠨ ᠰᠢᠢᠳᠪᠦᠷᠢᠯᠡᠭᠦᠯᠵᠦ ᠪᠠᠶᠢᠨ᠎ᠠ᠃ 

6 ᠰᠠᠷ᠎ᠠ ᠶᠢᠨ 2᠎ ᠤᠨ ᠡᠳᠦᠷ ᠪᠣᠯᠳᠠᠯ᠎ᠠ᠂ ᠲᠥᠪ ᠤᠨ ᠠᠮᠢ ᠠᠬᠤᠢ ᠤᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠬᠢᠨᠠᠨ ᠪᠠᠶᠢᠴᠠᠭᠠᠬᠤ ᠲᠣᠭᠤᠶᠢᠯᠠᠩ ᠠᠴᠠ ᠮᠠᠨ ᠤ ᠣᠷᠣᠨ ᠳᠤ ᠵᠠᠬᠢᠳᠠᠯ ᠰᠤᠷᠪᠤᠯᠵᠢᠯᠠᠯ ᠢᠶᠠᠷ ᠢᠯᠠᠴᠢᠯᠠᠨ ᠮᠡᠳᠡᠭᠦᠯᠦᠭᠰᠡᠨ ᠬᠡᠷᠡᠭ ᠢ ᠨᠡᠶᠢᠳᠡ ᠲᠠᠪᠤᠨ ᠪᠦᠯᠦᠭ᠂ 145 ᠬᠤᠪᠢ ︵ᠭᠤᠣᠯᠳᠠᠯᠭ᠎ᠠ ᠲᠠᠢ ᠠᠩᠬᠠᠷᠬᠤ 21 ᠬᠤᠪᠢ︶᠎ ᠶᠢ ᠰᠢᠢᠳᠪᠦᠷᠢᠯᠡᠭᠦᠯᠬᠦ ᠪᠠᠷ ᠲᠣᠰᠢᠶᠠᠵᠠᠢ᠂ ᠡᠭᠦᠨ ᠳᠤ ᠤᠲᠠᠰᠤ ᠪᠠᠷ ᠢᠯᠡᠴᠢᠯᠡᠨ ᠮᠡᠳᠡᠭᠦᠯᠦᠭᠰᠡᠨ ᠬᠡᠷᠡᠭ 97 ᠬᠤᠪᠢ ᠂ ᠵᠠᠬᠢᠳᠡᠯ ᠢᠶᠠᠷ ᠢᠯᠡᠴᠢᠯᠡᠨ ᠮᠡᠳᠡᠭᠦᠯᠤᠭ᠍ᠰᠠᠨ ᠬᠡᠷᠡᠭ 48 ᠬᠤᠪᠢ ᠪᠣᠢ᠃ 145 ᠬᠤᠪᠢ ᠵᠠᠬᠢᠳᠡᠯ ᠰᠤᠷᠪᠤᠯᠵᠢᠯᠡᠯ ᠢᠶᠠᠷ ᠢᠯᠡᠴᠢᠯᠡᠨ ᠮᠡᠳᠡᠭᠦᠯᠣᠭ᠍ᠰᠠᠨ ᠬᠡᠷᠡᠭ ᠲᠤ ᠬᠥᠬᠡᠬᠤᠲᠠ ᠳᠤ ᠬᠤᠯᠪᠣᠭᠲᠠᠬᠤ 36 ᠬᠤᠪᠢ᠂ ᠪᠣᠭᠤᠲᠤ ᠬᠤᠲᠠ ᠳᠤ ᠬᠤᠯᠪᠣᠭᠳᠠᠬᠤ 5 ᠬᠤᠪᠢ᠂ ᠬᠦᠯᠤᠨ ᠪᠣᠶᠢᠷ ᠬᠤᠲᠠ ᠳᠤ ᠬᠤᠯᠪᠣᠭᠲᠠᠬᠤ 10 ᠬᠤᠪᠢ ᠂ ᠬᠢᠩᠭᠠᠨ ᠠᠶᠢᠮᠠᠭ ᠲᠤ ᠬᠤᠯᠪᠣᠭᠲᠠᠬᠤ 9 ᠬᠤᠪᠢ᠂ ᠲᠦᠩᠯᠢᠶᠣᠤ ᠬᠤᠲᠠ ᠎ ᠳᠤ ᠬᠤᠯᠪᠣᠭᠳᠠᠬᠤ 13 ᠬᠤᠪᠢ ᠤᠯᠠᠭᠠᠨᠬᠠᠳᠠ ᠬᠤᠲᠠ ᠳᠤ ᠬᠤᠯᠪᠣᠭᠳᠠᠬᠤ 16 ᠬᠤᠪᠢ ᠂ ᠰᠢᠯᠢ ᠶᠢᠨ ᠭᠤᠣᠯ ᠠᠶᠢᠮᠠᠭ ᠲᠤ ᠬᠤᠯᠪᠣᠭᠳᠠᠬᠤ 5 ᠬᠤᠪᠢ᠂ ᠤᠯᠠᠭᠠᠨᠴᠠᠪ ᠬᠤᠲᠠ ᠳᠤ ᠬᠤᠯᠪᠣᠭᠳᠠᠬᠤ 7 ᠬᠤᠪᠢ ᠂ ᠤᠷᠳᠤᠰ ᠬᠤᠲᠠ ᠳᠤ ᠬᠤᠯᠪᠣᠭᠳᠠᠬᠤ 23 ᠬᠤᠪᠢ᠂ ᠪᠠᠶᠠᠨᠨᠠᠭᠤᠷ ᠬᠤᠲᠠ ᠳᠤ ᠬᠤᠯᠪᠣᠭᠳᠠᠬᠤ 15 ᠬᠤᠪᠢ ᠂ ᠦᠬᠠᠢ ᠬᠤᠲᠠ ᠳᠤ ᠬᠤᠯᠪᠣᠭᠲᠠᠬᠤ 4 ᠬᠤᠪᠢ᠂ ᠠᠯᠠᠱᠠ ᠠᠶᠢᠮᠠᠭ ᠲᠤ ᠬᠤᠯᠪᠣᠭᠳᠠᠬᠤ 2 ᠬᠤᠪᠢ ᠪᠣᠢ᠃  

 


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ