ᠳᠤᠮᠳᠠᠳᠤ ᠤᠯᠤᠰ ᠤᠨ ᠣᠨᠴᠠᠯᠢᠭ ᠪᠦᠬᠦᠢ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ
ᠨᠡᠶᠢᠲᠡᠯᠡᠭᠰᠡᠨ ᠴᠠᠭ᠄
2025/6/3

︵2024 ᠣᠨ ᠤ 9 ᠰᠠᠷ᠎ᠠ ᠶᠢᠨ 21᠎ ᠤ ᠡᠳᠦᠷ︶

  ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 26᠎ ᠤ ᠴᠠᠭᠢᠯᠭᠠᠨ ᠮᠡᠳᠡᠭᠡ  ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠳᠤᠮᠳᠠᠳᠤ ᠤᠯᠤᠰ ᠤᠨ ᠣᠨᠴᠠᠯᠢᠭ ᠪᠦᠬᠦᠢ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃

  ᠨᠢᠭᠡ᠂ ᠶᠡᠷᠦᠩᠬᠡᠢ ᠱᠠᠭᠠᠷᠳᠠᠯᠭ᠎ᠠ

  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠨᠡᠶᠢᠭᠡᠮ ᠵᠢᠷᠤᠮ ᠤᠨ ᠠᠵᠤ ᠠᠬᠤᠢ ᠶᠢᠨ ᠦᠨᠳᠦᠰᠦᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠪᠠᠷ ᠦᠨᠳᠦᠰᠦ ᠪᠤᠯᠭᠠᠵᠤ᠂ ᠥᠮᠴᠢᠯᠡᠯ ᠤᠨ ᠡᠷᠬᠡ ᠲᠣᠳᠣᠷᠬᠠᠢ᠂ ᠡᠷᠬᠡ ᠬᠠᠷᠢᠭᠤᠴᠠᠯᠭ᠎ᠠ ᠲᠣᠳᠣᠷᠬᠠᠢ᠂ ᠵᠠᠰᠠᠭ ᠤᠨ ᠣᠷᠳᠣᠨ ᠠᠵᠤ ᠠᠬᠤᠶᠢᠯᠠᠯ ᠢ ᠰᠠᠯᠭᠠᠬᠤ᠂ ᠬᠠᠮᠢᠶᠠᠷᠤᠯᠲᠠ ᠰᠢᠨᠵᠢᠯᠡᠬᠦ ᠤᠬᠠᠭᠠᠨᠴᠢ ᠪᠠᠶᠢᠬᠤ ᠪᠠᠷ ᠰᠠᠭᠤᠷᠢ ᠪᠤᠯᠭᠠᠵᠤ᠂ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠬᠦ ᠪᠠᠷ ᠭᠤᠣᠯᠳᠠᠯᠭ᠎ᠠ ᠪᠤᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠤᠯᠭᠠᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠩ ᠤᠯᠠᠨ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠦᠷᠭᠡᠳᠬᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃

  ᠠᠵᠢᠯ ᠤᠨ ᠳᠤᠮᠳᠠ ᠪᠠᠨ ᠳᠣᠣᠷᠠᠬᠢ ᠵᠦᠢᠯ ᠢ ᠪᠡᠶᠡᠯᠡᠭᠦᠯᠬᠦ ᠬᠡᠷᠡᠭᠲᠡᠢ᠄ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠶᠢ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠠᠵᠢᠯ ᠤᠨ ᠪᠦᠲᠦᠮᠵᠢᠲᠡᠢ ᠪᠦᠷᠬᠦᠴᠡ ᠶᠢ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠪᠠᠳᠠᠷᠠᠭᠤᠯᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ︽‍ᠣᠶᠠᠷ ᠤᠬᠳᠤ ᠭᠤᠶᠢᠪᠢᠰᠢ ᠦᠭᠡᠢ︾᠎ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ᠂ ᠬᠠᠮᠲᠤ ᠪᠠᠷ ᠬᠥᠭᠵᠢᠬᠦ ᠶᠢ ᠠᠬᠢᠭᠤᠯᠵᠤ᠂ ᠡᠯ᠎ᠡ ᠲᠦᠷᠦᠯ ᠤᠨ ᠠᠵᠤ ᠠᠬᠤᠶᠢᠯᠠᠯ ᠤᠨ ᠳᠣᠲᠣᠭᠠᠳᠤ ᠶᠢᠨ ᠬᠥᠳᠡᠯᠭᠡᠬᠦ ᠬᠦᠴᠦᠨ ᠪᠠ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ ᠳᠦᠷᠢᠮ ᠤᠨ ᠪᠠᠶᠢᠭᠤᠯᠤᠯᠲᠠ ᠪᠠᠷ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠨ᠂ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠺᠤᠮᠫᠠᠨᠢ ᠶᠢ ᠵᠠᠰᠠᠬᠤ ᠪᠦᠲᠦᠴᠡ ᠪᠣᠯᠣᠨ ᠵᠣᠬᠢᠶᠠᠨ ᠪᠠᠶᠢᠭᠤᠯᠤᠯᠲᠠ ᠶᠢᠨ ᠭᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠦᠨ᠂ ᠡᠯ᠎ᠡ ᠲᠥᠷᠥᠯ ᠤᠨ ᠠᠵᠤ ᠠᠬᠤᠶᠢᠯᠠᠯ ᠢ ᠳᠡᠮᠵᠢᠬᠦ ᠪᠠ ᠬᠥᠲᠥᠯᠥᠨ ᠵᠢᠯᠤᠭᠤᠳᠴᠤ ᠪᠠᠶᠢᠭᠠᠳ ᠡᠬᠢ ᠪᠠᠶᠠᠯᠢᠭ ᠬᠦᠴᠦᠨ ᠵᠦᠢᠯ ᠤᠨ ᠠᠰᠢᠭᠯᠠᠯᠲᠠ ᠶᠢᠨ ᠦᠷ᠎ᠡ ᠪᠦᠲᠦᠮᠵᠢ ᠪᠣᠯᠣᠨ ᠡᠵᠡᠩᠨᠡᠯᠲᠡ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠲᠥᠷᠥᠯ ᠬᠤᠪᠢᠶᠠᠨ ᠬᠥᠲᠥᠯᠥᠨ ᠵᠢᠯᠤᠭᠤᠳᠬᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠬᠡᠪᠴᠢᠶ᠎ᠡ᠂ ᠬᠥᠭᠵᠢᠯᠲᠡ ᠶᠢᠨ ᠱᠠᠲᠤ ᠦᠶ᠎ᠡ᠂ ᠥᠮᠴᠢᠯᠡᠯ ᠤᠨ ᠳᠦᠷᠢᠮ ᠤᠨ ᠰᠢᠨᠵᠢ ᠴᠢᠨᠠᠷ ᠵᠡᠷᠭᠡ ᠶᠢ ᠦᠨᠳᠦᠰᠦᠯᠡᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠩ ᠠᠮᠢᠵᠢᠷᠠᠯ ᠤᠨ ᠬᠦᠴᠦᠨ ᠲᠠᠢ᠂ ᠨᠠᠩ ᠤᠶᠠᠨ ᠬᠠᠲᠠᠨ ᠴᠢᠨᠠᠷᠲᠠᠢ᠂ ᠨᠠᠩ ᠥᠷᠢᠰᠦᠯᠳᠦᠬᠦ ᠬᠦᠴᠦᠨ ᠲᠠᠢ ᠣᠲᠣ ᠦᠶ᠎ᠡ ᠶᠢᠨ ᠠᠵᠤ ᠠᠬᠤᠶᠢᠯᠠᠯ ᠢ ᠪᠣᠶᠢᠵᠢᠭᠤᠯᠬᠤ ᠬᠡᠷᠡᠭᠲᠡᠢ᠃

  ᠭᠤᠣᠯ ᠬᠠᠷᠠᠯᠲᠠ᠄ 5 ᠵᠢᠯ ᠰᠢᠬᠠᠮ ᠤᠨ ᠬᠤᠭᠤᠴᠠᠭᠠᠨ ᠳᠤ᠂ ᠨᠥᠬᠦᠴᠡᠯ ᠪᠦᠷᠢᠯᠳᠦᠭᠦᠯᠦᠭᠰᠡᠨ ᠠᠵᠤ ᠠᠬᠤᠶᠢᠯᠠᠯ ᠤᠨ ᠤᠯᠤᠰ ᠤᠨ ᠪᠠᠶᠢᠳᠠᠯ ᠳᠤ ᠨᠡᠶᠢᠴᠡᠭᠰᠡᠨ᠂ ᠪᠣᠳᠠᠲᠠᠢ ᠳᠤ ᠨᠡᠶᠢᠴᠡᠭᠰᠡᠨ᠂ ᠬᠥᠭᠵᠢᠯᠲᠡ ᠶᠢᠨ ᠬᠡᠷᠡᠭᠴᠡᠭᠡ ᠶᠢ ᠬᠠᠩᠭᠠᠭᠰᠠᠨ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠨᠡᠶᠢᠳᠡᠮ ᠲᠣᠭᠲᠠᠭᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠵᠠᠰᠠᠯᠲᠠ ᠶᠢᠨ ᠪᠦᠲᠦᠴᠡ ᠶᠢ ᠨᠡᠩ ᠪᠦᠷᠢᠨᠰᠢᠭᠦᠯᠵᠦ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠨᠡᠩ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠦᠢᠯᠡᠰ ᠤᠨ ᠲᠡᠰ ᠳᠡᠪᠰᠢᠬᠦ ᠶᠢ ᠲᠤᠯᠭᠠᠭᠤᠷᠢᠯᠠᠵᠤ᠂ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠬᠦ ᠵᠡᠷᠭᠡ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ 2035 ᠣᠨ ᠪᠤᠯᠬᠤ ᠳᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠨᠡᠩ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠦᠷᠭᠡᠳᠬᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃

  ᠬᠤᠶᠠᠷ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ

  ︵ᠨᠢᠭᠡ︶ ᠨᠠᠮ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠤᠳᠤᠷᠢᠳᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠴᠢᠬᠤᠯᠠ ᠶᠡᠭᠡ ᠵᠦᠢᠯ ᠢ ᠶᠠᠷᠢᠯᠴᠠᠨ ᠲᠣᠭᠲᠠᠭᠠᠬᠤ ᠵᠠᠭᠠᠭ ᠬᠢᠵᠠᠭᠠᠷ ᠢ ᠲᠣᠳᠣᠷᠬᠠᠶᠢᠯᠠᠵᠤ᠂ ᠤᠷᠢᠳᠠᠴᠢ ᠰᠤᠳᠤᠯᠤᠨ ᠶᠠᠷᠢᠯᠴᠠᠬᠤ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠠᠮ ᠠᠴᠠ ᠺᠠᠳ᠋ᠷ ᠢ ᠬᠠᠮᠢᠶᠠᠷᠬᠤ᠂ ᠨᠠᠮ ᠠᠴᠠ ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠪᠠᠷᠢᠮᠲᠠᠯᠠᠬᠤ ᠪᠠ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠬᠤ ᠶᠢ ᠬᠠᠷᠢᠯᠴᠠᠨ ᠤᠶᠠᠯᠳᠤᠭᠤᠯᠤᠭᠰᠠᠨ ᠪᠦᠲᠦᠮᠵᠢᠲᠡᠢ ᠬᠡᠪ ᠵᠠᠭᠪᠤᠷ ᠢ ᠬᠠᠶᠢᠨ ᠰᠦᠪᠡᠭᠴᠢᠯᠡᠨ᠎ᠡ᠃

  ︵ᠬᠤᠶᠠᠷ︶ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ᠃ ᠠᠵᠤ ᠠᠬᠤᠶᠢᠯᠠᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠬᠤ ᠶᠢ ᠬᠥᠲᠥᠯᠥᠨ ᠵᠢᠯᠤᠭᠤᠳᠬᠤ ᠪᠠ ᠬᠢᠨᠠᠯᠲᠠ ᠲᠠᠯᠪᠢᠵᠤ᠂ ᠡᠯ᠎ᠡ ᠲᠠᠯ᠎ᠠ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠵᠣᠬᠢᠶᠠᠨ ᠪᠠᠶᠢᠭᠤᠯᠤᠯᠲᠠ ᠬᠢᠭᠡᠳ ᠠᠵᠤ ᠠᠬᠤᠶᠢᠯᠠᠯ ᠤᠨ ᠬᠠᠮᠢᠶᠠᠷᠤᠯᠲᠠ ᠶᠢᠨ ᠳᠠᠪᠬᠤᠷᠭ᠎ᠠ ᠶᠢᠨ ᠬᠠᠮᠲᠤ ᠪᠠᠷ ᠰᠤᠷᠤᠯᠴᠠᠬᠤ᠂ ᠣᠯᠣᠯᠴᠠᠨ ᠵᠥᠪᠳᠡᠯᠴᠡᠬᠦ ᠪᠠ ᠦᠨᠡᠨᠴᠢ ᠪᠠᠷ ᠶᠠᠷᠢᠯᠴᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃

  ᠭᠤᠷᠪᠠ᠂ ᠺᠤᠮᠫᠠᠨᠢ ᠶᠢᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠦᠨ᠎ᠡ

  ︵ᠭᠤᠷᠪᠠ︶ ᠠᠵᠤ ᠠᠬᠤᠶᠢᠯᠠᠯ ᠤᠨ ᠥᠮᠴᠢᠯᠡᠯ ᠤᠨ ᠡᠷᠬᠡ ᠶᠢᠨ ᠪᠦᠲᠦᠴᠡ ᠶᠢ ᠪᠦᠷᠢᠨᠰᠢᠭᠦᠯᠦᠨ᠎ᠡ᠃ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠡᠳ᠋ ᠬᠥᠷᠥᠩᠭᠡ ᠶᠢᠨ ᠡᠷᠬᠡ ᠶᠢ ᠭᠦᠨᠳᠦᠳᠭᠡᠵᠦ᠂ ᠬᠠᠷᠢᠶᠠᠯᠠᠯ ᠨᠢ ᠲᠣᠳᠣᠷᠬᠠᠢ᠂ ᠪᠦᠲᠦᠴᠡ ᠨᠢ ᠵᠦᠢ ᠵᠣᠬᠢᠰᠲᠠᠢ᠂ ᠡᠷᠭᠢᠯᠲᠡ ᠨᠢ ᠤᠷᠤᠭᠰᠢᠲᠠᠢ ᠠᠵᠤ ᠠᠬᠤᠶᠢᠯᠠᠯ ᠤᠨ ᠥᠮᠴᠢᠯᠡᠯ ᠤᠨ ᠡᠷᠬᠡ ᠶᠢᠨ ᠳᠦᠷᠢᠮ ᠢ ᠪᠤᠢ ᠪᠣᠯᠭᠠᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠳ ᠴᠢᠳᠠᠮᠵᠢ ᠶᠢᠨ ᠪᠠᠶᠢᠷᠢ ᠲᠣᠭᠲᠠᠭᠠᠯᠲᠠ ᠪᠠᠨ ᠦᠨᠳᠦᠰᠦᠯᠡᠨ ᠰᠲ᠋ᠣᠺ ᠤᠨ ᠡᠷᠬᠡ ᠶᠢᠨ ᠪᠦᠲᠦᠴᠡ ᠪᠠᠨ ᠠᠯᠬᠤᠮ ᠠᠯᠬᠤᠮ ᠢᠶᠠᠷ ᠲᠣᠬᠢᠷᠠᠭᠤᠯᠤᠨ ᠰᠢᠯᠢᠳᠡᠭᠵᠢᠭᠦᠯᠵᠦ᠂ ᠰᠲ᠋ᠣᠺ ᠤᠨ ᠡᠷᠬᠡ ᠶᠢᠨ ᠪᠦᠲᠦᠴᠡ ᠨᠢ ᠤᠯᠠᠨ ᠡᠰᠢᠵᠢᠭᠰᠡᠨ᠂ ᠬᠤᠪᠢ ᠣᠷᠣᠭᠤᠯᠤᠭᠴᠢ ᠶᠢᠨ ᠦᠢᠯᠡ ᠠᠵᠢᠯᠯᠠᠭ᠎ᠠ ᠨᠢ ᠵᠢᠷᠤᠮᠵᠢᠬᠰᠠᠨ᠂ ᠳᠣᠲᠣᠭᠠᠳᠤ ᠶᠢᠨ ᠬᠢᠵᠠᠭᠠᠷᠯᠠᠯ ᠨᠢ ᠪᠦᠲᠦᠮᠵᠢᠲᠡᠢ᠂ ᠡᠷᠭᠢᠯᠲᠡ ᠨᠢ ᠥᠨᠳᠥᠷ ᠪᠦᠲᠦᠮᠵᠢᠲᠡᠢ ᠪᠥᠭᠡᠳ ᠠᠮᠢᠳᠤᠯᠢᠭ ᠪᠠᠶᠢᠬᠤ ᠡᠵᠡᠩᠨᠡᠯᠲᠡ ᠶᠢᠨ ᠲᠣᠭᠲᠠᠴᠠ ᠶᠢ ᠪᠤᠢ ᠪᠣᠯᠭᠠᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠥᠭᠦᠮ ᠳᠥᠲᠡ᠂ ᠲᠣᠳᠣᠷᠬᠠᠢ᠂ ᠬᠠᠷᠢᠯᠴᠠᠨ ᠨᠡᠪᠲᠡᠷᠡᠵᠦ ᠪᠤᠯᠬᠤ ᠰᠲ᠋ᠣᠺ ᠤᠨ ᠡᠷᠬᠡ ᠶᠢᠨ ᠪᠦᠲᠦᠴᠡ ᠪᠠᠶᠢᠭᠤᠯᠬᠤ ᠶᠢ ᠵᠣᠷᠢᠭᠵᠢᠭᠤᠯᠤᠨ᠎ᠠ᠃

  ︵ᠳᠥᠷᠪᠡ︶ ᠤᠯᠤᠰ ᠤᠨ ᠥᠮᠴᠢᠯᠠᠯ ᠤᠨ ᠠᠵᠤ ᠠᠬᠤᠶᠢᠯᠠᠯ ᠤᠨ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠦᠨ᠎ᠡ᠃ ᠡᠷᠬᠡ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ᠂ ᠡᠷᠬᠡ ᠬᠠᠷᠢᠭᠤᠴᠠᠯᠭ᠎ᠠ ᠶᠢ ᠢᠯᠡ ᠲᠣᠳᠣ ᠪᠠᠶᠢᠯᠭᠠᠬᠤ᠂ ᠵᠣᠬᠢᠴᠠᠩᠭᠤᠢ ᠪᠠᠷ ᠠᠵᠢᠯᠯᠠᠬᠤ᠂ ᠪᠦᠲᠦᠮᠵᠢᠲᠡᠢ ᠪᠠᠷ ᠬᠠᠷᠢᠯᠴᠠᠨ ᠬᠢᠵᠠᠭᠠᠷᠯᠠᠬᠤ ᠺᠤᠮᠫᠠᠨᠢ ᠶᠢ ᠵᠠᠰᠠᠬᠤ ᠲᠣᠭᠲᠠᠴᠠ ᠶᠢ ᠲᠦᠷᠭᠡᠳᠬᠡᠨ ᠪᠠᠶᠢᠭᠤᠯᠤᠨ ᠲᠡᠭᠦᠯᠳᠡᠷᠵᠢᠭᠦᠯᠵᠦ᠂ ᠺᠤᠮᠫᠠᠨᠢ ᠶᠢᠨ ᠵᠠᠰᠠᠯᠲᠠ ᠳᠠᠬᠢ ᠳᠦᠷᠢᠮ ᠲᠣᠭᠲᠠᠭᠠᠯ ᠤᠨ ᠰᠠᠭᠤᠷᠢ ᠪᠤᠯᠬᠤ ᠦᠢᠯᠡᠳᠦᠯ ᠢ ᠴᠢᠩᠭᠠᠳᠬᠠᠨ᠎ᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠤᠳᠤᠷᠢᠳᠬᠤ ᠦᠢᠯᠡᠳᠦᠯ ᠢᠶᠠᠨ ᠪᠠᠳᠠᠷᠠᠭᠤᠯᠤᠨ᠎ᠠ᠃ ᠬᠤᠪᠢ ᠣᠷᠣᠭᠤᠯᠤᠭᠴᠢᠳ ᠤᠨ ᠵᠥᠪᠯᠡᠯ ᠪᠣᠯ ᠺᠤᠮᠫᠠᠨᠢ ᠶᠢᠨ ᠡᠷᠬᠡᠲᠦ ᠪᠠᠶᠢᠭᠤᠯᠤᠮᠵᠢ ᠮᠥᠨ᠂ ᠬᠤᠪᠢ ᠣᠷᠣᠭᠤᠯᠤᠭᠴᠢ ᠪᠡᠯᠡ ᠭᠠᠷᠭᠠᠭᠰᠠᠨ ᠬᠠᠷᠢᠴᠠᠯ ᠪᠠ ᠳᠦᠷᠢᠮ ᠤᠨ ᠶᠣᠰᠣᠭᠠᠷ ᠪᠠᠲᠤᠯᠠᠯᠲᠠ ᠬᠢᠬᠦ ᠡᠷᠬᠡ ᠪᠠᠨ ᠬᠡᠷᠡᠭᠵᠢᠭᠦᠯᠵᠦ᠂ ᠳᠦᠷᠢᠮ ᠤᠨ ᠲᠣᠭᠲᠠᠭᠠᠯ ᠠᠴᠠ ᠬᠡᠲᠦᠷᠡᠭᠦᠯᠦᠨ ᠠᠵᠤ ᠠᠬᠤᠶᠢᠯᠠᠯ ᠤᠨ ᠡᠳᠦᠷ ᠲᠤᠳᠤᠮ ᠤᠨ ᠡᠵᠡᠩᠨᠡᠯᠲᠡ ᠳᠤ ᠭᠠᠷ ᠲᠦᠷᠦᠵᠤ ᠪᠤᠯᠬᠤ ᠦᠭᠡᠢ᠃ ᠬᠡᠷᠡᠭ ᠮᠡᠳᠡᠭᠴᠢᠳ ᠤᠨ ᠵᠥᠪᠯᠡᠯ ᠨᠢ ᠪᠠᠶᠢᠯᠳᠤᠬᠤ ᠪᠣᠳᠣᠯᠭ᠎ᠠ ᠲᠣᠭᠲᠠᠭᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠦᠭᠰᠢᠭᠦᠷᠢ ᠶᠢ ᠰᠡᠷᠭᠡᠶᠢᠯᠡᠬᠦ ᠦᠢᠯᠡᠳᠦᠯ ᠢᠶᠠᠨ ᠪᠠᠳᠠᠷᠠᠭᠤᠯᠵᠤ᠂ ᠪᠦᠯᠦᠭᠯᠡᠯ ᠤᠨ ᠶᠡᠷᠦᠩᠬᠡᠢ ᠬᠡᠯᠲᠡᠰ ᠤᠨ ᠡᠷᠬᠡ ᠣᠯᠭᠤᠬᠤ ᠡᠷᠬᠡ ᠶᠢ ᠳᠣᠷᠣᠭᠰᠢ ᠪᠠᠭᠤᠯᠭᠠᠬᠤ ᠬᠢᠭᠡᠳ ᠬᠤᠪᠢᠶᠠᠷᠢ ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ ᠵᠥᠪᠯᠡᠯ ᠤᠨ ᠡᠷᠬᠡ ᠲᠤᠰᠢᠶᠠᠯ ᠢ ᠪᠦᠯᠦᠭ ᠲᠥᠷᠥᠯ ᠬᠤᠪᠢᠶᠠᠨ ᠨᠠᠶᠢᠳᠠᠪᠤᠷᠢᠵᠢᠭᠤᠯᠬᠤ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠵᠤ᠂ ᠬᠡᠷᠡᠭ ᠮᠡᠳᠡᠭᠴᠢᠳ ᠤᠨ ᠵᠥᠪᠯᠡᠯ ᠠᠴᠠ ᠳᠠᠭᠠᠭᠠᠮᠠᠯ ᠤᠨ ᠳᠠᠪᠬᠤᠷᠭ᠎ᠠ ᠳᠤ ᠡᠷᠬᠡ ᠣᠯᠭᠤᠬᠤ ᠳᠦᠷᠢᠮ ᠢ ᠵᠢᠷᠤᠮᠵᠢᠭᠤᠯᠤᠨ ᠨᠠᠶᠢᠳᠠᠪᠤᠷᠢᠵᠢᠭᠤᠯᠤᠨ᠎ᠠ᠃ ᠭᠠᠳᠠᠨᠠᠬᠢ ᠬᠡᠷᠡᠭ ᠮᠡᠳᠡᠭᠴᠢ ᠶᠢ ᠦᠨᠡᠯᠡᠬᠦ ᠪᠠ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠠᠳᠠᠨᠠᠬᠢ ᠬᠡᠷᠡᠭ ᠮᠡᠳᠡᠭᠴᠢ ᠶᠢᠨ ᠪᠠᠶᠢᠳᠠᠯ ᠢ ᠮᠡᠳᠡᠬᠦ ᠡᠷᠬᠡ᠂ ᠪᠠᠲᠤᠯᠠᠯᠲᠠ ᠬᠢᠬᠦ ᠡᠷᠬᠡ᠂ ᠬᠢᠨᠠᠯᠲᠠ ᠲᠠᠯᠪᠢᠬᠤ ᠡᠷᠬᠡ᠂ ᠰᠠᠨᠠᠭᠤᠯᠭ᠎ᠠ ᠳᠤᠷᠠᠳᠬᠤ ᠡᠷᠬᠡ ᠶᠢ ᠨᠠᠶᠢᠳᠠᠪᠤᠷᠢᠵᠢᠭᠤᠯᠤᠨ᠎ᠠ᠃ ᠳᠠᠭᠠᠭᠠᠮᠠᠯ ᠤᠨ ᠳᠠᠪᠬᠤᠷᠭ᠎ᠠ ᠨᠢ ᠡᠵᠡᠩᠨᠡᠯᠲᠡ ᠬᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠠᠮᠢᠶᠠᠷᠤᠯᠲᠠ ᠪᠠᠨ ᠴᠢᠩᠭᠠᠳᠬᠠᠬᠤ ᠦᠢᠯᠡᠳᠦᠯ ᠢᠶᠠᠨ ᠪᠠᠳᠠᠷᠠᠭᠤᠯᠵᠤ᠂ ᠲᠤᠰᠢᠶᠠᠯ ᠡᠭᠦᠷᠭᠡᠯᠡᠬᠦ ᠬᠤᠭᠤᠴᠠᠭᠠᠨ ᠤ ᠳᠦᠷᠢᠮ ᠪᠠ ᠭᠡᠷᠡᠲᠦ ᠬᠠᠮᠢᠶᠠᠷᠤᠯᠲᠠ ᠶᠢ ᠪᠦᠭᠦ ᠲᠠᠯ᠎ᠠ ᠪᠠᠷ ᠠᠬᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠳᠠᠭᠠᠭᠠᠮᠠᠯ ᠤᠨ ᠳᠠᠪᠬᠤᠷᠭ᠎ᠠ ᠶᠢᠨ ᠪᠦᠷᠢᠯᠳᠦᠭᠦᠨ ᠤ ᠲᠤᠰᠢᠶᠠᠯ ᠡᠭᠦᠷᠭᠡᠯᠡᠬᠦ ᠬᠤᠭᠤᠴᠠᠭᠠᠨ ᠤ ᠳᠦᠷᠢᠮ ᠪᠠ ᠭᠡᠷᠡᠲᠦ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠷ ᠯᠠᠪᠯᠠᠯᠲᠠ ᠪᠤᠯᠭᠠᠵᠤ᠂ ᠬᠠᠮᠢᠶᠠᠷᠤᠯᠲᠠ ᠶᠢᠨ ᠠᠵᠢᠯᠲᠠᠨ ᠤ ᠡᠵᠡᠩᠨᠡᠯᠲᠡ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠡᠩ ᠶᠡᠭᠡ ᠬᠡᠪᠴᠢᠶ᠎ᠡ ᠪᠠᠷ᠂ ᠲᠡᠰ ᠳᠠᠪᠬᠤᠷᠭ᠎ᠠ ᠬᠤᠪᠢᠶᠠᠨ ᠲᠦᠷᠦᠯ ᠬᠤᠪᠢᠶᠠᠨ ᠨᠠᠶᠢᠳᠠᠪᠤᠷᠢᠵᠢᠭᠤᠯᠤᠨ᠎ᠠ᠃

  ︵ᠲᠠᠪᠤ︶ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠠᠴᠠ ᠵᠠᠰᠠᠬᠤ ᠪᠦᠲᠦᠴᠡ ᠶᠢ ᠰᠢᠯᠢᠳᠡᠭᠵᠢᠭᠦᠯᠬᠦ ᠶᠢ ᠳᠡᠮᠵᠢᠨ᠎ᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠬᠤᠷᠰᠢᠬᠤ ᠳᠦᠷᠢᠮ᠂ ᠺᠤᠮᠫᠠᠨᠢ ᠶᠢᠨ ᠳᠦᠷᠢᠮ ᠵᠡᠷᠭᠡ ᠤᠯᠠᠨ ᠵᠦᠢᠯ ᠤᠨ ᠵᠣᠬᠢᠶᠠᠨ ᠪᠠᠶᠢᠭᠤᠯᠤᠯᠲᠠ ᠶᠢᠨ ᠭᠡᠯᠪᠡᠷᠢ ᠮᠠᠶ᠋ᠢᠭ ᠠᠪᠬᠤ ᠶᠢ ᠵᠣᠷᠢᠭᠵᠢᠭᠤᠯᠤᠨ᠂ ᠳᠣᠲᠣᠭᠠᠳᠤ ᠵᠠᠰᠠᠯᠲᠠ ᠶᠢᠨ ᠳᠦᠷᠢᠮ ᠢᠶᠠᠨ ᠲᠡᠭᠦᠯᠳᠡᠷᠵᠢᠭᠦᠯᠦᠨ᠂ ᠵᠢᠷᠤᠮᠵᠢᠬᠰᠠᠨ ᠳᠦᠷᠢᠮ ᠲᠣᠭᠲᠠᠭᠠᠵᠤ᠂ ᠳᠦᠷᠢᠮ ᠬᠢᠭᠡᠳ ᠪᠡᠯᠡ ᠭᠠᠷᠭᠠᠬᠤ ᠵᠥᠪᠯᠡᠯᠴᠡᠭᠡᠷ ᠤᠨ ᠨᠢᠭᠡᠳᠦᠯᠲᠦ ᠴᠢᠨᠠᠷ ᠢ ᠪᠠᠲᠤᠯᠠᠨ᠂ ᠬᠤᠪᠢ ᠡᠵᠡᠮᠳᠡᠬᠦ ᠬᠤᠪᠢ ᠣᠷᠣᠭᠤᠯᠤᠭᠴᠢ᠂ ᠪᠣᠳᠠᠲᠠᠢ ᠡᠵᠡᠮᠳᠡᠭᠴᠢ ᠶᠢᠨ ᠥᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠠᠰᠠᠯᠲᠠ ᠶᠢᠨ ᠪᠦᠲᠦᠴᠡ ᠪᠠ ᠬᠠᠮᠢᠶᠠᠷᠤᠯᠲᠠ ᠶᠢᠨ ᠳᠦᠷᠢᠮ ᠢᠶᠠᠨ ᠲᠡᠭᠦᠯᠳᠡᠷᠵᠢᠭᠦᠯᠬᠦ ᠶᠢ ᠳᠡᠮᠵᠢᠨ ᠵᠢᠯᠤᠭᠤᠳᠴᠤ᠂ ᠨᠥᠬᠦᠴᠡᠯ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠤᠪᠢ ᠣᠷᠣᠭᠤᠯᠤᠭᠴᠢᠳ ᠤᠨ ᠵᠥᠪᠯᠡᠯ᠂ ᠬᠡᠷᠡᠭ ᠮᠡᠳᠡᠭᠴᠢᠳ ᠤᠨ ᠵᠥᠪᠯᠡᠯ᠂ ᠳᠠᠭᠠᠭᠠᠮᠠᠯ ᠤᠨ ᠳᠠᠪᠬᠤᠷᠭ᠎ᠠ ᠪᠠᠨ ᠵᠢᠷᠤᠮᠵᠢᠭᠤᠯᠤᠨ ᠵᠣᠬᠢᠶᠠᠨ ᠪᠠᠶᠢᠭᠤᠯᠬᠤ ᠶᠢ ᠵᠣᠷᠢᠭᠵᠢᠭᠤᠯᠤᠨ᠎ᠠ᠃ ᠲᠥᠷᠥᠯ ᠤᠭᠰᠠᠭ᠎ᠠ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠵᠠᠭᠪᠤᠷ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠠᠵᠤ ᠠᠬᠤᠶᠢᠯᠠᠯ ᠤᠨ ᠰᠣᠶᠣᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃

  ︵ᠵᠢᠷᠭᠤᠭ᠎ᠠ︶ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠬᠦ ᠳᠤ ᠦᠵᠡᠭᠦᠯᠭᠦ ᠬᠥᠷᠥᠩᠭᠡ ᠶᠢᠨ ᠵᠠᠬ᠎ᠠ ᠳᠡᠯᠭᠡᠭᠦᠷ ᠤᠨ ᠠᠬᠢᠭᠤᠯᠬᠤ ᠦᠢᠯᠡᠳᠦᠯ ᠢ ᠪᠠᠳᠠᠷᠠᠭᠤᠯᠤᠨ᠎ᠠ᠃ ᠬᠤᠪᠢ ᠡᠵᠡᠮᠳᠡᠬᠦ ᠬᠤᠪᠢ ᠣᠷᠣᠭᠤᠯᠤᠭᠴᠢ ᠶᠢᠨ ᠺᠤᠮᠫᠠᠨᠢ ᠳᠠᠬᠢ ᠦᠨᠡᠨᠴᠢ ᠢᠲᠡᠭᠡᠮᠵᠢ ᠶᠢᠨ ᠡᠭᠦᠷᠭᠡ ᠶᠢ ᠴᠢᠩᠭᠠᠳᠬᠠᠵᠤ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠬᠤᠪᠢ ᠡᠵᠡᠮᠳᠡᠬᠦ ᠬᠠᠷᠢᠴᠠᠯ ᠨᠢ 5%᠎ ᠠᠴᠠ ᠳᠡᠭᠡᠭᠰᠢᠬᠢ ᠪᠠᠶᠢᠭᠤᠯᠤᠮᠵᠢ ᠶᠢᠨ ᠪᠡᠯᠡ ᠣᠷᠣᠭᠤᠯᠤᠭᠴᠢ ᠶᠢ ᠣᠷᠣᠭᠤᠯᠤᠨ ᠠᠪᠴᠢᠷᠠᠵᠤ ᠢᠳᠡᠪᠬᠢᠲᠡᠢ ᠬᠤᠪᠢ ᠣᠷᠣᠭᠤᠯᠤᠭᠴᠢ ᠪᠤᠯᠭᠠᠬᠤ ᠶᠢ ᠳᠡᠮᠵᠢᠨ᠎ᠡ᠃ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠪᠡᠶ᠎ᠡ ᠪᠠᠨ ᠳᠠᠭᠠᠭᠠᠭᠰᠠᠨ ᠬᠡᠷᠡᠭ ᠮᠡᠳᠡᠭᠴᠢ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠡᠶ᠎ᠡ ᠪᠠᠨ ᠳᠠᠭᠠᠭᠠᠭᠰᠠᠨ ᠬᠡᠷᠡᠭ ᠮᠡᠳᠡᠭᠴᠢ ᠣᠯᠠᠩᠬᠢ ᠲᠤᠭ᠎ᠠ ᠶᠢ ᠡᠵᠡᠯᠡᠭᠰᠡᠨ ᠬᠢᠨᠠᠨ ᠪᠤᠳᠣᠬᠤ ᠵᠥᠪᠯᠡᠯ ᠪᠣᠯᠣᠨ ᠪᠡᠶ᠎ᠡ ᠪᠠᠨ ᠳᠠᠭᠠᠭᠠᠭᠰᠠᠨ ᠬᠡᠷᠡᠭ ᠮᠡᠳᠡᠭᠴᠢ ᠶᠢᠨ ᠲᠤᠰᠬᠠᠢ ᠬᠤᠷᠠᠯ ᠤᠨ ᠲᠣᠭᠲᠠᠴᠠ ᠶᠢ ᠪᠠᠶᠢᠭᠤᠯᠤᠨ᠎ᠠ᠃ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠵᠠᠰᠠᠯᠲᠠ ᠶᠢᠨ ᠬᠦᠷᠢᠶ᠎ᠡ ᠶᠢᠨ ᠮᠡᠳᠡᠭᠡ ᠵᠠᠩᠭᠢ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠵᠦ᠂ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠤᠨ᠎ᠠ᠃

  ᠳᠥᠷᠪᠡ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ

  ︵ᠲᠤᠯᠤᠭ᠎ᠠ︶ ᠪᠠᠶᠢᠯᠳᠤᠬᠤ ᠪᠣᠳᠣᠯᠭ᠎ᠠ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠴᠢᠳᠠᠪᠤᠷᠢ ᠶᠢ ᠴᠢᠩᠭᠠᠷᠠᠭᠤᠯᠤᠨ᠎ᠠ᠃ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠬᠢᠭᠡᠳ ᠣᠨ ᠤ ᠲᠥᠯᠥᠪᠯᠡᠭᠡ᠂ ᠪᠡᠯᠡ ᠣᠷᠣᠭᠤᠯᠤᠯᠲᠠ ᠶᠢᠨ ᠲᠥᠯᠥᠪᠯᠡᠭᠡ᠂ ᠡᠳ᠋ ᠤᠨ ᠶᠠᠪᠤᠳᠠᠯ ᠤᠨ ᠲᠥᠰᠥᠪ᠂ ᠲᠤᠰᠢᠶᠠᠯ ᠡᠭᠦᠷᠭᠡᠯᠡᠬᠦ ᠬᠤᠭᠤᠴᠠᠭᠠᠨ ᠤ ᠠᠵᠢᠯ ᠤᠨ ᠠᠮᠵᠢᠯᠲᠠ ᠶᠢ ᠬᠢᠨᠠᠨ ᠰᠢᠯᠭᠠᠬᠤ᠂ ᠣᠨ ᠤ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠵᠡᠷᠭᠡ ᠶᠢᠨ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠳᠤ ᠰᠠᠭᠤᠷᠢᠯᠠᠨ ᠭᠤᠣᠯ ᠬᠠᠷᠢᠭᠤᠴᠠᠯᠭ᠎ᠠ ᠭᠤᠣᠯ ᠠᠵᠢᠯ ᠢ ᠡᠮᠬᠢᠯᠡᠨ ᠲᠣᠳᠣᠷᠬᠠᠶᠢᠯᠠᠵᠤ᠂ ᠮᠡᠷᠭᠡᠵᠢᠯ᠂ ᠴᠢᠳᠠᠪᠤᠷᠢᠲᠠᠨ᠂ ᠪᠡᠯᠡ ᠮᠥᠩᠭᠦ ᠵᠡᠷᠭᠡ ᠡᠯ᠎ᠡ ᠲᠥᠷᠥᠯ ᠤᠨ ᠬᠦᠴᠦᠨ ᠵᠦᠢᠯ ᠢ ᠭᠤᠣᠯ ᠠᠵᠢᠯ ᠲᠡᠶᠢᠰᠢ ᠲᠥᠪᠯᠡᠷᠡᠭᠦᠯᠬᠦ ᠶᠢ ᠠᠬᠢᠭᠤᠯᠤᠨ᠂ ᠰᠣᠬᠤᠷ ᠪᠠᠯᠠᠢ ᠪᠠᠷ ᠣᠯᠠᠨ ᠡᠰᠢᠵᠢᠭᠦᠯᠦᠨ ᠥᠷᠭᠡᠳᠬᠡᠬᠦ ᠪᠠ ᠡᠮᠬᠢ ᠵᠢᠷᠤᠮ ᠦᠭᠡᠢ ᠪᠠᠷ ᠥᠷᠭᠡᠳᠬᠡᠬᠦ ᠶᠢ ᠰᠡᠷᠭᠡᠶᠢᠯᠡᠨ ᠬᠤᠷᠢᠭᠯᠠᠨ᠎ᠠ᠃

  ︵ᠨᠠᠢᠮᠠ︶ ᠳᠣᠲᠣᠭᠠᠳᠤ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠪᠦᠯᠦᠭᠯᠡᠯ ᠤᠨ ᠶᠡᠷᠦᠩᠬᠡᠢ ᠬᠡᠯᠲᠡᠰ ᠤᠨ ᠬᠠᠷᠢᠶ᠎ᠠ ᠠᠵᠤ ᠠᠬᠤᠶᠢᠯᠠᠯ ᠢᠶᠠᠨ ᠵᠢᠯᠣᠭᠤᠳᠤᠨ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠪᠠᠨ ᠴᠢᠩᠭᠠᠳᠬᠠᠬᠤ ᠪᠠ ᠬᠤᠯᠪᠣᠭᠳᠠᠬᠤ ᠠᠷᠠᠯᠵᠢᠶᠠᠨ ᠤ ᠬᠠᠮᠢᠶᠠᠷᠤᠯᠲᠠ ᠶᠢ ᠠᠬᠢᠭᠤᠯᠤᠨ᠎ᠠ᠃ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠳᠣᠲᠣᠭᠠᠳᠤ ᠡᠵᠡᠮᠳᠡᠯ᠂ ᠬᠠᠤᠯᠢ ᠶᠢᠨ ᠶᠠᠪᠤᠳᠠᠯ ᠤᠨ ᠪᠠᠶᠢᠭᠤᠯᠤᠮᠵᠢ ᠪᠠᠶᠢᠭᠤᠯᠵᠤ᠂ ᠬᠠᠮᠢᠶᠠᠷᠤᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠭᠦ ᠶᠢ ᠵᠣᠷᠢᠭᠵᠢᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠳᠣᠲᠣᠭᠠᠳᠤ ᠳᠠᠬᠢ ᠢᠯᠵᠢᠷᠡᠯ ᠢ ᠡᠰᠡᠷᠭᠦᠴᠡᠬᠦ ᠪᠠᠶᠢᠭᠤᠯᠤᠯ ᠢ ᠨᠢ ᠲᠡᠭᠦᠯᠳᠡᠷᠵᠢᠭᠦᠯᠵᠦ᠂ ᠬᠢᠨᠠᠨ ᠪᠤᠳᠣᠵᠤ ᠬᠢᠨᠠᠯᠲᠠ ᠲᠠᠯᠪᠢᠬᠤ ᠰᠢᠰᠲ᠋ᠧᠮ ᠪᠣᠯᠣᠨ ᠡᠳ᠋ ᠤᠨ ᠶᠠᠪᠤᠳᠠᠯ ᠨᠢᠭᠲᠠᠯᠠᠨ ᠪᠤᠳᠣᠬᠤ ᠴᠢᠩᠭ᠎ᠠ ᠪᠠᠶᠢᠭᠤᠯᠤᠯ ᠢ ᠪᠠᠶᠢᠭᠤᠯᠤᠨ᠎ᠠ᠃

  ︵ᠶᠢᠰᠦ︶ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠦᠯᠦᠭᠯᠡᠯ ᠺᠤᠮᠫᠠᠨᠢ ᠨᠤᠭᠤᠳ ᠣᠯᠠᠨ ᠳᠡᠰ ᠳᠠᠪᠬᠤᠷᠭ᠎ᠠ ᠪᠦᠬᠦᠢ ᠲᠦᠭᠰᠢᠭᠦᠷᠢ ᠶᠢ ᠰᠡᠷᠡᠮᠵᠢᠯᠡᠬᠦ ᠪᠠ ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠡᠯᠡ ᠣᠷᠣᠭᠤᠯᠤᠨ ᠡᠵᠡᠩᠨᠡᠬᠦ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠣᠲᠣᠭᠠᠳᠤ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠭᠦ ᠲᠣᠭᠲᠠᠴᠠ ᠪᠠᠶᠢᠭᠤᠯᠬᠤ ᠶᠢ ᠵᠣᠷᠢᠭᠵᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠡᠵᠡᠩᠨᠡᠯᠲᠡ ᠬᠠᠮᠢᠶᠠᠷᠤᠯᠲᠠ ᠶᠢᠨ ᠡᠯ᠎ᠡ ᠭᠤᠭᠴᠤᠭ᠎ᠠ ᠳᠤ ᠣᠷᠣᠭᠤᠯᠤᠨ᠎ᠠ᠃

  ︵ᠠᠷᠪᠠ︶ ᠰᠢᠨᠵᠢᠯᠡᠬᠦ ᠤᠬᠠᠭᠠᠨᠴᠢ ᠠᠷᠠᠳᠴᠢᠯᠠᠭᠰᠠᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠤᠨ ᠪᠦᠭᠦ ᠲᠠᠯ᠎ᠠ ᠶᠢᠨ ᠲᠥᠰᠥᠪ ᠤᠨ ᠬᠠᠮᠢᠶᠠᠷᠤᠯᠲᠠ ᠪᠠ ᠪᠦᠭᠦ ᠠᠵᠢᠯᠲᠠᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠬᠡᠷᠡᠭᠵᠢᠭᠦᠯᠬᠦ ᠶᠢ ᠵᠣᠷᠢᠭᠵᠢᠭᠤᠯᠵᠤ᠂ ᠬᠠᠮᠢᠶᠠᠷᠤᠯᠲᠠ ᠶᠢᠨ ᠲᠠᠰ ᠱᠠᠲᠤ᠂ ᠬᠠᠤᠯᠢ ᠶᠢᠨ ᠡᠷᠬᠡᠲᠡᠨ ᠤ ᠲᠠᠰ ᠱᠠᠲᠤ ᠶᠢ ᠵᠦᠢ ᠵᠣᠬᠢᠰᠲᠠᠢ ᠡᠵᠡᠮᠳᠡᠨ᠂ ᠲᠣᠭᠠᠴᠢᠯᠠᠭᠰᠠᠨ ᠮᠡᠷᠭᠡᠵᠢᠯ ᠬᠢᠭᠡᠳ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠠᠵᠤ ᠠᠬᠤᠶᠢᠯᠠᠯ ᠤᠨ ᠳ᠋ᠠᠶᠢᠲ᠋ᠠ ᠶᠢ ᠵᠠᠰᠠᠬᠤ ᠪᠠ ᠳ᠋ᠠᠶᠢᠲ᠋ᠠ ᠶᠢ ᠭᠦᠢᠯᠭᠡᠭᠡᠨ ᠳᠤ ᠬᠡᠷᠡᠭᠯᠡᠬᠦ ᠴᠢᠳᠠᠪᠤᠷᠢ ᠶᠢ ᠴᠢᠩᠭᠠᠳᠬᠠᠨ᠂ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠠᠬᠢᠭᠤᠯᠤᠨ᠎ᠠ᠃ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠢᠶᠠᠷ ᠦᠨᠳᠦᠰᠦᠨ ᠭᠡᠯᠪᠡᠷᠢ ᠪᠤᠯᠭᠠᠬᠰᠠᠨ ᠠᠵᠤ ᠠᠬᠤᠶᠢᠯᠠᠯ ᠤᠨ ᠠᠷᠠᠳᠴᠢᠯᠠᠭᠰᠠᠨ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠦᠨ᠂ ᠠᠵᠢᠯᠲᠠᠨ ᠠᠵᠢᠯᠴᠢᠨ ᠤ ᠬᠡᠷᠡᠭ ᠮᠡᠳᠡᠭᠴᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠦᠨ᠎ᠡ᠃ ᠠᠵᠢᠯᠴᠢᠨ ᠤ ᠡᠪᠯᠡᠯ ᠵᠡᠷᠭᠡ ᠣᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠴᠠᠯᠢᠩ ᠢ ᠬᠠᠮᠲᠤ ᠪᠠᠷ ᠵᠥᠪᠳᠡᠯᠴᠡᠬᠦ ᠪᠠᠶᠢᠭᠤᠯᠤᠯ ᠢ ᠢᠳᠡᠪᠬᠢᠲᠡᠢ ᠪᠠᠷ ᠬᠡᠷᠡᠭᠵᠢᠭᠦᠯᠦᠨ᠂ ᠠᠵᠤ ᠠᠬᠤᠶᠢᠯᠠᠯ ᠤᠨ ᠪᠣᠳᠠᠲᠠᠢ ᠲᠠᠢ ᠨᠡᠶᠢᠴᠡᠭᠰᠡᠨ᠂ ᠬᠡᠷᠡᠭᠵᠢᠭᠦᠯᠵᠦ ᠪᠣᠯᠬᠤᠶᠢᠴᠠ ᠴᠢᠨᠠᠷᠲᠠᠢ ᠬᠠᠮᠲᠤ ᠪᠠᠷ ᠵᠥᠪᠳᠡᠯᠴᠡᠬᠦ ᠲᠣᠭᠲᠠᠴᠠ ᠶᠢ ᠪᠠᠶᠢᠭᠤᠯᠤᠨ᠎ᠠ᠃

  ᠲᠠᠪᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠪᠠᠶᠢᠭᠤᠯᠤᠯ ᠢ ᠪᠦᠷᠢᠨᠰᠢᠭᠦᠯᠦᠨ᠎ᠡ

  ︵ᠠᠷᠪᠠᠨ ᠨᠢᠭᠡ︶ ᠰᠢᠨ᠎ᠡ ᠶᠢ ᠡᠭᠦᠳᠬᠦ ᠭᠡᠯᠪᠡᠷᠢ ᠶᠢᠨ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠶᠢᠨ ᠭᠡᠯᠪᠡᠷᠢ ᠶᠢ ᠪᠤᠢ ᠪᠣᠯᠭᠠᠨ᠎ᠠ᠃ ᠠᠵᠤ ᠠᠬᠤᠶᠢᠯᠠᠯ ᠤᠨ ᠨᠢᠭᠡ ᠪᠦᠯᠦᠭ ᠰᠢᠨ᠎ᠡ ᠭᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ᠂ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠬᠤ ᠪᠤᠶᠤ ᠬᠠᠮᠲᠤ ᠪᠠᠷ ᠪᠠᠶᠢᠭᠤᠯᠬᠤ ᠶᠢ ᠠᠬᠢᠭᠤᠯᠵᠤ᠂ ᠬᠠᠮᠵᠢᠯᠴᠠᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠬᠡᠷᠡᠭᠵᠢᠭᠦᠯᠦᠨ᠎ᠡ᠃ ᠲᠣᠮᠣ ᠭᠡᠯᠪᠡᠷᠢ ᠶᠢᠨ ᠠᠵᠤ ᠠᠬᠤᠶᠢᠯᠠᠯ ᠤᠨ ᠬᠤᠳᠠᠯᠳᠤᠨ ᠠᠪᠬᠤ ᠪᠠᠷᠢᠮᠵᠢᠶ᠎ᠠ ᠪᠠᠨ ᠰᠢᠯᠢᠳᠡᠭᠵᠢᠭᠦᠯᠬᠦ᠂ ᠮᠡᠷᠭᠡᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠭᠦ ᠶᠢ ᠠᠬᠢᠭᠤᠯᠵᠤ᠂ ᠬᠠᠩᠭᠠᠯᠭ᠎ᠠ ᠶᠢᠨ ᠬᠡᠯᠬᠢᠶ᠎ᠡ ᠪᠠᠨ ᠬᠠᠷᠢᠯᠴᠠᠨ ᠨᠡᠪᠲᠡᠷᠡᠭᠦᠯᠬᠦ ᠶᠢ ᠪᠡᠶᠡᠯᠡᠭᠦᠯᠦᠨ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠰᠢᠨ᠎ᠡ ᠶᠢ ᠡᠭᠦᠳᠬᠦ ᠡᠬᠢ ᠪᠠᠶᠠᠯᠢᠭ ᠢ ᠴᠢᠯᠦᠭᠡᠲᠡᠢ ᠨᠡᠭᠡᠭᠡᠵᠦ᠂ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠪᠠ ᠣᠨᠳᠣᠣᠰᠢᠭᠤᠯᠬᠤ ᠳᠡᠮᠵᠢᠯᠭᠡ ᠬᠠᠩᠭᠠᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃

  ︵ᠠᠷᠪᠠᠨ ᠬᠤᠶᠠᠷ︶ ᠰᠢᠨ᠎ᠡ ᠶᠢ ᠡᠭᠦᠳᠬᠦ ᠬᠦᠴᠦᠨ ᠵᠦᠢᠯ ᠢ ᠥᠨᠳᠥᠷ ᠪᠦᠲᠦᠮᠵᠢᠲᠡᠢ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠡᠭᠡᠭᠡᠯᠲᠡᠲᠤ ᠭᠡᠯᠪᠡᠷᠢ ᠶᠢᠨ ᠠᠵᠤ ᠠᠬᠤᠶᠢᠯᠠᠯ ᠤᠨ ᠴᠢᠳᠠᠪᠤᠷᠢᠲᠠᠨ ᠤ ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠬᠢᠭᠡᠳ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠬᠤᠣᠰ ᠴᠢᠭᠯᠡᠯ ᠢᠶᠠᠷ ᠰᠢᠯᠵᠢᠭᠦ ᠲᠣᠭᠲᠠᠴᠠ ᠶᠢ ᠪᠦᠷᠢᠨᠰᠢᠭᠦᠯᠦᠨ᠎ᠡ᠃ ᠠᠵᠤ ᠠᠬᠤᠶᠢᠯᠠᠯ ᠤᠨ ᠮᠡᠷᠭᠡᠵᠢᠯ ᠢ ᠣᠨᠳᠣᠣᠰᠢᠭᠤᠯᠬᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠤᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠤᠬᠠᠭᠳᠠᠬᠤᠨ ᠢᠶᠠᠷ ᠰᠢᠯᠭᠠᠨ ᠪᠠᠲᠤᠯᠠᠬᠤ᠂ ᠪᠠᠭ᠎ᠠ ᠳᠤᠮᠳᠠ ᠵᠡᠷᠭᠡ ᠶᠢᠨ ᠲᠤᠷᠰᠢᠯᠲᠠ ᠬᠢᠬᠦ᠂ ᠪᠠᠶᠢᠴᠠᠭᠠᠨ ᠭᠡᠷᠡᠴᠢᠯᠡᠬᠦ ᠵᠡᠷᠭᠡ ᠮᠡᠷᠭᠡᠵᠢᠯ ᠤᠨ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠳᠦᠷᠢᠮ ᠢ ᠬᠤᠪᠢᠷᠠᠭᠤᠯᠬᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠥᠭᠡᠷᠡᠴᠢᠯᠡᠯᠲᠡ ᠶᠢ ᠲᠦᠷᠭᠡᠳᠬᠡᠵᠦ᠂ ᠲᠤᠰᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠳᠤ ᠡᠷᠬᠡ ᠣᠯᠭᠤᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠲᠣᠭᠲᠠᠭᠠᠯ ᠶᠣᠰᠣᠭᠠᠷ ᠥᠷᠨᠢᠭᠦᠯᠦᠨ᠎ᠡ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠨᠴᠠᠯᠢᠭᠲᠤ ᠳᠠᠪᠠᠭᠤᠯᠢᠭ ᠢᠶᠠᠨ ᠪᠠᠳᠠᠷᠠᠭᠤᠯᠬᠤ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠤᠨ ᠬᠥᠩᠭᠡᠨ ᠬᠥᠷᠥᠩᠭᠡ ᠶᠢᠨ ᠣᠨᠴᠠᠯᠢᠭ ᠲᠤ ᠲᠣᠬᠢᠷᠠᠬᠤ ᠮᠥᠩᠭᠦᠨ ᠭᠦᠢᠯᠭᠡᠭᠡᠨ ᠤ ᠦᠢᠯᠡᠳᠬᠦᠨ ᠢ ᠨᠡᠭᠡᠭᠡᠨ ᠬᠥᠭᠵᠢᠭᠦᠯᠦᠨ᠎ᠡ᠃

  ︵ᠠᠷᠪᠠᠨ ᠭᠤᠷᠪᠠ︶ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠤᠯᠭᠠᠬᠰᠠᠨ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠠᠵᠤ ᠠᠬᠤᠶᠢᠯᠠᠯ ᠤᠨ ᠳᠤᠮᠳᠠ ᠣᠷᠳᠣ ᠬᠤᠭᠤᠴᠠᠭᠠᠨ ᠤ ᠥᠷᠲᠡᠭ ᠤᠨ ᠡᠭᠦᠳᠦᠯᠲᠡ ᠶᠢ ᠴᠢᠬᠤᠯᠠᠴᠢᠯᠠᠬᠤ ᠶᠢ ᠵᠣᠷᠢᠭᠵᠢᠭᠤᠯᠵᠤ᠂ ᠲᠥᠷᠥᠯ ᠵᠦᠢᠯ ᠤᠨ ᠪᠦᠯᠭᠦᠮ ᠳᠤ ᠭᠦᠢᠴᠡᠳ ᠡᠵᠡᠨ ᠮᠡᠳᠡᠬᠦ ᠡᠷᠬᠡ ᠣᠯᠭᠤᠵᠤ᠂ ᠣᠯᠠᠨ ᠵᠦᠢᠯ ᠤᠨ ᠠᠷᠭ᠎ᠠ ᠮᠠᠶ᠋ᠢᠭ ᠢ ᠪᠦᠲᠦᠮᠵᠢᠲᠡᠶ ᠬᠡᠷᠡᠭᠯᠡᠨ ᠤᠷᠮᠠᠰᠢᠭᠤᠯᠬᠤ ᠶᠢ ᠴᠢᠩᠭᠠᠷᠠᠭᠤᠯᠤᠨ᠎ᠠ᠃ ᠨᠥᠬᠦᠴᠡᠯ ᠲᠠᠢ ᠠᠵᠤ ᠠᠬᠤᠶᠢᠯᠠᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯᠯᠠᠭᠠᠨ ᠤ ᠪᠠᠶᠢᠭᠤᠯᠤᠮᠵᠢ ᠪᠠᠶᠢᠭᠤᠯᠬᠤ ᠶᠢ ᠠᠬᠢᠭᠤᠯᠤᠨ᠎ᠠ᠃

  ᠵᠢᠷᠭᠤᠭ᠎ᠠ᠂ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠬᠢᠭᠡᠳ ᠠᠵᠤ ᠠᠬᠤᠶᠢᠯᠠᠯ ᠤᠨ ᠰᠣᠶᠣᠯ ᠤᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ

  ︵ᠠᠷᠪᠠᠨ ᠳᠥᠷᠪᠡ︶ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢᠨ ᠣᠶᠢᠯᠠᠭᠠᠭᠳᠠᠬᠤᠨ ᠢ ᠦᠢᠯᠡᠳᠪᠦᠷᠢᠯᠡᠯ ᠡᠵᠡᠩᠨᠡᠯᠲᠡ ᠶᠢᠨ ᠪᠦᠭᠦ ᠶᠠᠪᠤᠴᠠ ᠳᠤ ᠠᠭᠤᠰᠤᠯᠴᠠᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠬᠠᠤᠯᠢ ᠶᠣᠰᠣᠭᠠᠷ ᠡᠵᠡᠩᠨᠡᠬᠦ᠂ ᠦᠨᠡᠨᠴᠢ ᠢᠲᠡᠭᠡᠮᠵᠢᠲᠡᠢ ᠪᠠᠶᠢᠬᠤ ᠶᠢ ᠬᠥᠲᠥᠯᠥᠨ ᠵᠢᠯᠣᠭᠤᠳᠤᠨ᠎ᠠ᠃ ᠠᠵᠤ ᠠᠬᠤᠶᠢᠯᠠᠯ ᠤᠨ ᠪᠣᠬᠢᠷᠳᠤᠯ ᠦᠭᠡᠢ ᠬᠥᠭᠵᠢᠯᠲᠡ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠨᠡᠶᠢᠲᠡ ᠶᠢᠨ ᠠᠰᠠᠷᠠᠮᠵᠢ᠂ ᠰᠣᠶᠣᠯ ᠤᠨ ᠤᠯᠠᠮᠵᠢᠯᠠᠯ ᠵᠡᠷᠭᠡ ᠦᠢᠯᠡᠰ ᠲᠤ ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠬᠦ ᠶᠢ ᠲᠡᠮᠵᠢᠨ᠎ᠡ᠃

  ︵ᠠᠷᠪᠠᠨ ᠲᠠᠪᠤ︶ ᠠᠵᠤ ᠠᠬᠤᠶᠢᠯᠠᠯ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠴᠠᠯᠢᠩ ᠤᠨ ᠵᠦᠢ ᠵᠣᠬᠢᠰᠲᠠᠢ ᠨᠡᠮᠡᠭᠳᠡᠯ ᠤᠨ ᠲᠣᠭᠲᠠᠴᠠ ᠶᠢ ᠪᠦᠷᠢᠨᠰᠢᠭᠦᠯᠬᠦ ᠶᠢ ᠠᠬᠢᠭᠤᠯᠵᠤ᠂ ᠰᠢᠨᠵᠢᠯᠡᠬᠦ ᠤᠬᠠᠭᠠᠨᠴᠢ ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠤ ᠴᠠᠯᠢᠩ ᠬᠥᠯᠥᠰᠦ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠦᠷᠢᠮ ᠢ ᠪᠠᠶᠢᠭᠤᠯᠵᠤ᠂ ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠤ ᠴᠠᠯᠢᠩ ᠬᠥᠯᠥᠰᠦ ᠶᠢᠨ ᠲᠦᠪᠰᠢᠨ ᠢ ᠵᠦᠢ ᠵᠣᠬᠢᠰᠲᠠᠢ ᠲᠣᠭᠲᠠᠭᠠᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠠᠯᠢᠩ ᠤᠨ ᠬᠤᠪᠢᠶᠠᠷᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠥᠬᠦᠴᠡᠯ ᠳᠤ ᠨᠡᠶᠢᠴᠡᠬᠦ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠴᠠᠯᠢᠩ ᠤᠨ ᠶᠡᠷᠦᠩᠬᠡᠢ ᠲᠥᠰᠥᠪ ᠤᠨ ᠦᠶᠡᠯᠡᠯ ᠤᠨ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠦ ᠶᠢᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠯ᠎ᠡ ᠱᠠᠲᠤᠨ ᠤ ᠬᠠᠷᠢᠭᠤᠴᠠᠯᠭᠠᠲᠠᠨ ᠤ ᠴᠠᠯᠢᠩ ᠬᠥᠯᠥᠰᠦ᠂ ᠨᠡᠮᠡᠭᠦᠷᠢ ᠨᠥᠬᠦᠪᠦᠷᠢ ᠵᠡᠷᠭᠡ ᠶᠢ ᠵᠦᠢ ᠵᠣᠬᠢᠰᠲᠠᠢ ᠲᠣᠭᠲᠠᠭᠠᠬᠤ ᠶᠢᠨ ᠬᠠᠮᠲᠤ ᠴᠢᠩᠭ᠎ᠠ ᠵᠢᠷᠤᠮᠵᠢᠭᠤᠯᠤᠨ᠎ᠠ᠃ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠳᠤᠮᠳᠠ ᠤᠷᠲᠤ ᠬᠤᠭᠤᠴᠠᠭᠠᠨ ᠤ ᠤᠷᠮᠠᠰᠢᠭᠤᠯᠤᠯ ᠥᠷᠨᠢᠭᠦᠯᠬᠦ ᠶᠢ ᠠᠬᠢᠭᠤᠯᠵᠤ᠂ ᠲᠣᠭᠲᠠᠭᠤᠨ ᠪᠥᠭᠡᠳ ᠤᠷᠲᠤ ᠬᠤᠭᠤᠴᠠᠭᠠᠨ ᠤ ᠪᠡᠯᠡᠨ ᠵᠣᠭᠤᠰ ᠤᠨ ᠠᠰᠢᠭ ᠬᠤᠪᠢᠶᠠᠬᠤ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃

  ︵ᠠᠷᠪᠠᠨ ᠵᠢᠷᠭᠤᠭ᠎ᠠ︶ ᠰᠢᠯᠢᠳᠡᠭ ᠠᠵᠤ ᠠᠬᠤᠶᠢᠯᠠᠯ ᠤᠨ ᠰᠣᠶᠣᠯ ᠢ ᠪᠣᠶᠢᠵᠢᠭᠤᠯᠤᠨ᠎ᠠ᠃ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠢ᠂ ᠵᠢᠷᠤᠮ ᠢᠶᠠᠷ ᠠᠰᠢᠭ ᠣᠯᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠵᠡᠷᠭᠡ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠣᠶᠢᠯᠠᠭᠠᠭᠳᠠᠬᠤᠨ ᠢ ᠠᠵᠤ ᠠᠬᠤᠶᠢᠯᠠᠯ ᠤᠨ ᠬᠠᠮᠢᠶᠠᠷᠤᠯᠲᠠ ᠶᠢᠨ ᠦᠢᠯᠡᠳᠦᠯᠭᠡ ᠳᠤ ᠬᠡᠷᠡᠭᠯᠡᠵᠦ᠂ ᠺᠤᠮᠫᠠᠨᠢ ᠶᠢᠨ ᠵᠠᠰᠠᠯᠲᠠ ᠳᠤ ᠠᠭᠤᠰᠤᠯᠴᠠᠭᠤᠯᠬᠤ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠤᠯᠤᠰ ᠢᠶᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ᠂ ᠬᠠᠤᠯᠢ ᠶᠢ ᠰᠠᠬᠢᠵᠤ ᠡᠵᠡᠩᠨᠡᠬᠦ᠂ ᠦᠢᠯᠡᠰ ᠪᠣᠰᠬᠠᠨ ᠰᠢᠨ᠎ᠡ ᠶᠢ ᠡᠭᠦᠳᠬᠦ᠂ ᠨᠡᠶᠢᠭᠡᠮ ᠳᠤ ᠠᠴᠢ ᠬᠠᠷᠢᠭᠤᠯᠠᠬᠤ ᠬᠡᠪ ᠳᠠᠭᠤᠷᠢᠶᠠᠯ ᠪᠤᠯᠭᠠᠬᠤ ᠪᠠᠷ ᠴᠢᠷᠮᠠᠶᠢᠨ᠎ᠠ᠃ ᠠᠵᠤ ᠠᠬᠤᠶᠢᠯᠠᠯ ᠤᠨ ᠰᠣᠶᠣᠯ ᠤᠨ ᠪᠠᠶᠢᠭᠤᠯᠤᠯᠲᠠ ᠪᠠᠨ ᠪᠠᠶᠢᠯᠳᠤᠬᠤ ᠪᠣᠳᠣᠯᠭ᠎ᠠ ᠶᠢᠨ ᠬᠠᠮᠢᠶᠠᠷᠤᠯᠲᠠ᠂ ᠦᠢᠯᠡᠳᠪᠦᠷᠢᠯᠡᠯ ᠡᠵᠡᠩᠨᠡᠯᠲᠡ᠂ ᠠᠵᠢᠯᠲᠠᠨ ᠠᠵᠢᠯᠴᠢᠨ ᠤ ᠪᠣᠯᠪᠠᠰᠤᠷᠠᠯ᠂ ᠰᠢᠯᠭᠠᠨ ᠬᠢᠨᠠᠵᠤ ᠦᠨᠡᠯᠡᠬᠦ ᠵᠡᠷᠭᠡ ᠪᠦᠭᠦ ᠶᠠᠪᠤᠴᠠ ᠳᠤ ᠠᠭᠤᠰᠤᠯᠴᠠᠭᠤᠯᠬᠤ ᠶᠢ ᠳᠡᠮᠵᠢᠨ᠎ᠡ᠃ ᠠᠵᠤ ᠠᠬᠤᠶᠢᠯᠠᠯ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠬᠢᠨ ᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠬᠤᠯᠪᠤᠭᠠᠯᠠᠨ ᠣᠲᠣ ᠦᠶ᠎ᠡ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠣᠨᠣᠯ ᠢ ᠠᠬᠢᠭᠤᠯᠤᠨ ᠲᠡᠭᠦᠯᠳᠡᠷᠵᠢᠭᠦᠯᠬᠦ ᠶᠢ ᠳᠡᠮᠵᠢᠨ᠎ᠡ᠃ ᠳᠤᠮᠳᠠᠳᠤ ᠤᠯᠤᠰ ᠤᠨ ᠠᠵᠤ ᠠᠬᠤᠶᠢᠯᠠᠯ ᠤᠨ ᠳᠦᠷᠢ ᠲᠥᠷᠬᠦ ᠶᠢ ᠱᠤᠭᠤᠵᠤ᠂ ᠦᠨᠳᠦᠰᠦᠲᠡᠨ ᠤ ᠲᠦᠷᠦᠯ ᠲᠡᠮᠳᠡᠭ ᠢ ᠬᠦᠴᠦᠷᠬᠡᠭᠵᠢᠭᠦᠯᠦᠨ ᠪᠤᠵᠠᠭᠠᠶᠢᠷᠠᠭᠤᠯᠤᠨ᠎ᠠ᠃

  ᠳᠣᠯᠤᠭ᠎ᠠ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠤ ᠰᠢᠰᠲ᠋ᠧᠮ ᠢ ᠰᠢᠯᠢᠳᠡᠭᠵᠢᠭᠦᠯᠦᠨ᠎ᠡ

  ︵ᠠᠷᠪᠠᠨ ᠳᠣᠯᠤᠭ᠎ᠠ︶ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠠᠵᠤ ᠠᠬᠤᠶᠢᠯᠠᠯ ᠤᠨ ᠡᠵᠡᠩᠨᠡᠯᠲᠡ ᠶᠢᠨ ᠰᠠᠯᠠᠭ᠎ᠠ ᠮᠥᠴᠢᠷ ᠠᠯᠤᠰᠯᠠᠨ ᠬᠤᠯᠪᠤᠭᠠᠯᠠᠨ ᠬᠢᠨᠠᠨ ᠬᠠᠮᠢᠶᠠᠷᠬᠤ ᠶᠢ ᠴᠢᠩᠭᠠᠳᠬᠠᠵᠤ᠂ ᠬᠢᠨᠠᠨ ᠬᠠᠮᠢᠶᠠᠷᠬᠤ ᠳᠦᠷᠢᠮ ᠪᠠ ᠲᠥᠷᠥ ᠶᠢᠨ ᠪᠣᠳᠣᠯᠭ᠎ᠠ ᠶᠢᠨ ᠲᠣᠭᠲᠠᠪᠤᠷᠢᠲᠤ ᠴᠢᠨᠠᠷ᠂ ᠵᠢᠱᠢᠵᠦ ᠪᠣᠯᠬᠤᠶᠢᠴᠠ ᠴᠢᠨᠠᠷ ᠢ ᠴᠢᠩᠭᠠᠷᠠᠭᠤᠯᠤᠨ᠂ ᠬᠢᠨᠠᠨ ᠬᠠᠮᠢᠶᠠᠷᠬᠤ ᠮᠡᠳᠡᠭᠡ ᠵᠠᠩᠭᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠪᠦᠷᠢᠨᠰᠢᠭᠦᠯᠵᠦ᠂ ᠢᠲᠡᠭᠡᠮᠵᠢ ᠶᠢᠨ ᠪᠠᠶᠢᠳᠠᠯ ᠢ ᠦᠨᠳᠦᠰᠦᠯᠡᠨ ᠳᠡᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠬᠥᠷᠥᠩᠭᠡ ᠪᠠ ᠮᠥᠩᠭᠦᠨ ᠭᠦᠢᠯᠭᠡᠭᠡᠨ ᠤ ᠬᠥᠷᠥᠩᠭᠡ ᠶᠢᠨ ︽ᠰᠡᠷᠭᠡᠶᠢᠯᠡᠯᠲᠡ ᠶᠢᠨ ᠬᠡᠷᠡᠮ︾᠎ ᠢ ᠪᠠᠶᠢᠭᠤᠯᠵᠤ᠂ ᠬᠥᠷᠥᠩᠭᠡ ᠶᠢᠨ ᠭᠦᠢᠴᠡᠳ ᠴᠢᠨᠠᠷ ᠤᠨ ᠬᠠᠮᠢᠶᠠᠷᠤᠯᠲᠠ ᠪᠠ ᠺᠤᠮᠫᠠᠨᠢ ᠶᠢᠨ ᠵᠠᠰᠠᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠭᠦᠢᠯᠭᠡᠭᠡᠨ ᠤ ᠴᠢᠨᠠᠷᠲᠠᠢ ᠲᠦᠭᠰᠢᠭᠦᠷᠢ ᠶᠢ ᠴᠢᠩᠭ᠎ᠠ ᠡᠵᠡᠮᠳᠡᠵᠦ᠂ ᠮᠥᠩᠭᠦᠨ ᠭᠦᠢᠯᠭᠡᠭᠡᠨ ᠤ ᠰᠲ᠋ᠣᠺ ᠡᠵᠡᠮᠰᠢᠯ ᠤᠨ ᠺᠤᠮᠫᠠᠨᠢ ᠶᠢ ᠪᠦᠬᠦᠯᠢ ᠴᠣᠭᠴᠠ ᠪᠠᠷ ᠨᠢ ᠬᠦᠰᠦᠨᠦᠭᠲᠦ ᠨᠡᠶᠢᠯᠡᠭᠦᠯᠬᠦ ᠬᠠᠮᠢᠶᠠᠷᠤᠯᠲᠠ ᠶᠢ ᠬᠡᠷᠡᠭᠵᠢᠭᠦᠯᠵᠦ᠂ ᠬᠤᠪᠢ ᠣᠷᠣᠭᠤᠯᠤᠭᠴᠢ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠤᠨ ᠬᠢᠵᠠᠭᠠᠷᠯᠠᠬᠤ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠬᠠᠭᠤᠷᠮᠠᠭᠯᠠᠯ ᠢ ᠴᠢᠩᠭ᠎ᠠ ᠰᠡᠷᠭᠡᠶᠢᠯᠡᠨ ᠬᠠᠮᠢᠶᠠᠷᠤᠨ᠎ᠠ᠃

  ︵ᠠᠷᠪᠠᠨ ᠨᠠᠢᠮᠠ︶ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠦᠨ᠎ᠡ᠃ ᠬᠥᠷᠥᠩᠭᠡ ᠶᠢ ᠬᠠᠮᠢᠶᠠᠷᠬᠤ ᠪᠠᠷ ᠭᠤᠣᠯ ᠪᠣᠯᠭᠠᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠳᠠᠮᠵᠢ ᠶᠢ ᠵᠠᠭᠠᠭᠯᠠᠨ ᠲᠣᠭᠲᠠᠭᠠᠬᠤ ᠪᠠ ᠲᠥᠷᠥᠯ ᠬᠤᠪᠢᠶᠠᠨ ᠵᠢᠯᠤᠭᠤᠳᠬᠤ ᠶᠢ ᠲᠡᠭᠦᠯᠳᠡᠷᠵᠢᠭᠦᠯᠵᠦ᠂ ᠲᠥᠷᠥᠯ ᠬᠤᠪᠢᠶᠠᠨ ᠡᠷᠬᠡ ᠣᠯᠭᠤᠵᠤ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶᠢᠷᠡᠭᠦᠯᠦᠨ᠂ ᠲᠥᠷᠥᠯ ᠬᠤᠪᠢᠶᠠᠨ ᠬᠢᠨᠠᠨ ᠬᠠᠮᠢᠶᠠᠷᠬᠤ᠂ ᠲᠥᠷᠥᠯ ᠬᠤᠪᠢᠶᠠᠨ ᠰᠢᠯᠭᠠᠨ ᠬᠢᠨᠠᠬᠤ ᠶᠢ ᠰᠢᠯᠢᠳᠡᠭᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠳᠣᠲᠣᠭᠠᠳᠤ ᠥᠷᠲᠡᠭ᠂ ᠣᠷᠳᠣ ᠬᠤᠭᠤᠴᠠᠭᠠᠨ ᠤ ᠥᠷᠲᠡᠭ ᠢ ᠴᠢᠬᠤᠯᠠᠴᠢᠯᠠᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠪᠡᠯᠡ ᠣᠷᠣᠭᠤᠯᠤᠯᠲᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠪᠣᠯᠣᠨ ᠬᠠᠷᠢᠭᠤᠴᠠᠯᠭ᠎ᠠ ᠶᠢᠨ ᠬᠢᠵᠠᠭᠠᠷᠯᠠᠯ ᠢ ᠴᠢᠩᠭᠠᠷᠠᠭᠤᠯᠤᠨ᠎ᠠ᠃

  ︵ᠠᠷᠪᠠ ᠶᠢᠰᠦ︶ ᠠᠵᠤ ᠠᠬᠤᠶᠢᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ ᠵᠥᠪᠰᠢᠶᠡᠷᠡᠯ ᠤᠨ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠤᠨ᠎ᠠ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠦᠷᠢᠮ ᠢ ᠲᠡᠭᠦᠯᠳᠡᠷᠵᠢᠭᠦᠯᠵᠦ᠂ ᠬᠦᠴᠦᠨ ᠦᠭᠡᠢ ᠪᠤᠯᠭᠠᠬᠤ ᠵᠡᠷᠭᠡ ᠵᠠᠬ᠎ᠠ ᠳᠡᠯᠭᠡᠭᠦᠷ ᠠᠴᠠ ᠪᠤᠴᠠᠭᠠᠵᠤ ᠭᠠᠷᠭᠠᠬᠤ ᠲᠣᠭᠲᠠᠴᠠ ᠶᠢ ᠰᠢᠯᠢᠳᠡᠭᠵᠢᠭᠦᠯᠦᠨ᠂ ᠭᠠᠵᠠᠷ ᠣᠷᠣᠨ ᠪᠣᠯᠣᠨ ᠠᠵᠢᠯ ᠲᠥᠷᠥᠯ ᠤᠨ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ᠂ ᠳᠦᠷᠢᠮ ᠤᠨ ᠵᠣᠬᠢᠴᠠᠩᠭᠤᠢ ᠪᠥᠭᠡᠳ ᠨᠢᠭᠡᠳᠦᠯᠲᠡᠢ ᠪᠠᠶᠢᠬᠤ ᠶᠢ ᠠᠬᠢᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠰᠢᠭᠤᠳ ᠬᠦᠷᠭᠡᠵᠦ ᠲᠦᠷᠭᠡᠨ ᠡᠳ᠋ᠯᠡᠬᠦ᠂ ︽ᠭᠤᠶᠤᠴᠢᠯᠠᠬᠤ ᠠᠴᠠ ᠬᠡᠯᠲᠦᠷᠢᠭᠦᠯᠦᠨ ᠲᠡᠷᠡ ᠳᠠᠷᠤᠢ ᠳᠤᠨᠢ ᠡᠳ᠋ᠯᠡᠬᠦ︾ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠤ ᠬᠥᠮᠦᠵᠢᠯ ᠪᠣᠯᠪᠠᠰᠤᠷᠠᠯ ᠤᠨ ᠳᠦᠷᠢᠮ ᠢ ᠲᠡᠭᠦᠯᠳᠡᠷᠵᠢᠭᠦᠯᠬᠦ ᠶᠢ ᠳᠡᠮᠵᠢᠨ᠎ᠡ᠃

  ᠨᠠᠢᠮᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ

  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠪᠣᠳᠠᠲᠠᠢ ᠲᠠᠢ ᠪᠠᠨ ᠤᠶᠠᠯᠳᠤᠭᠤᠯᠤᠨ ᠲᠣᠰ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠳᠤᠮᠳᠠᠳᠤ ᠤᠯᠤᠰ ᠤᠨ ᠣᠨᠴᠠᠯᠢᠭ ᠪᠦᠬᠦᠢ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠳᠦᠷᠢᠮ ᠤᠨ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠤᠯᠢ ᠳᠤ ᠵᠠᠰᠠᠪᠤᠷᠢ ᠣᠷᠣᠭᠤᠯᠬᠤ ᠵᠡᠷᠭᠡ ᠶᠢ ᠠᠬᠢᠭᠤᠯᠵᠤ᠂ ᠠᠵᠤ ᠠᠬᠤᠶᠢᠯᠠᠯ ᠤᠨ ᠬᠠᠤᠯᠢ ᠶᠣᠰᠣᠭᠠᠷ ᠡᠵᠡᠩᠨᠡᠬᠦ᠂ ᠬᠠᠤᠯᠢ ᠶᠣᠰᠣᠭᠠᠷ ᠠᠵᠤ ᠠᠬᠤᠶᠢᠯᠠᠯ ᠢ ᠵᠠᠰᠠᠬᠤ ᠶᠢ ᠠᠬᠢᠭᠤᠯᠤᠨ᠎ᠠ᠃ ᠨᠢᠭᠲᠠᠯᠠᠨ ᠪᠤᠳᠣᠬᠤ᠂ ᠯᠠᠪᠯᠠᠭ᠎ᠠ ᠥᠭᠬᠦ᠂ ᠬᠠᠤᠯᠢ ᠴᠠᠭᠠᠵᠠ᠂ ᠢᠲᠡᠭᠡᠮᠵᠢ ᠶᠢᠨ ᠳᠡᠰ ᠲᠣᠭᠲᠠᠭᠠᠬᠤ ᠵᠡᠷᠭᠡ ᠲᠤᠰᠬᠠᠢ ᠪᠠᠶᠢᠭᠤᠯᠤᠮᠵᠢ ᠶᠢᠨ ᠠᠵᠢᠯ ᠡᠷᠭᠢᠯᠡᠭᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠲᠤᠰᠬᠠᠢ ᠪᠠᠶᠢᠭᠤᠯᠤᠮᠵᠢ ᠶᠢᠨ ᠠᠵᠢᠯ ᠡᠷᠭᠢᠯᠡᠭᠦ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠡᠷᠭᠢᠯᠡᠭᠦ ᠳᠠᠬᠢ ᠬᠢᠨᠠᠯᠲᠠ ᠲᠠᠯᠪᠢᠬᠤ ᠪᠠ ᠲᠤᠰᠬᠠᠢ ᠦᠢᠯᠡᠴᠢᠯᠡᠭᠡᠨ ᠤ ᠦᠢᠯᠡᠳᠦᠯ ᠢ ᠨᠢ ᠪᠠᠳᠠᠷᠠᠭᠤᠯᠵᠤ᠂ ᠡᠷᠬᠡ ᠲᠡᠭᠰᠢ ᠪᠠᠷ ᠥᠷᠢᠰᠦᠯᠳᠦᠬᠦ᠂ ᠦᠨᠡᠨᠴᠢ ᠢᠲᠡᠭᠡᠮᠵᠢᠲᠡᠢ ᠵᠢᠷᠤᠮᠵᠢᠯ ᠲᠠᠢ ᠪᠠᠶᠢᠬᠤ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠠᠮᠠᠭᠠᠯᠠᠨ᠎ᠠ᠃ ᠤᠳᠤ ᠦᠶ᠎ᠡ ᠶᠢᠨ ᠠᠵᠤ ᠠᠬᠤᠶᠢᠯᠠᠯ ᠤᠨ ᠪᠠᠶᠢᠭᠤᠯᠤᠯ ᠢ ᠦᠢᠯᠡᠳᠦᠯᠭᠡᠵᠢᠭᠦᠯᠦᠨ ᠰᠦᠪᠡᠭᠴᠢᠯᠡᠭᠰᠡᠨ ᠪᠠ ᠠᠮᠵᠢᠯᠲᠠ ᠲᠠᠢ ᠲᠤᠷᠰᠢᠯᠭ᠎ᠠ ᠶᠢ ᠤᠬᠠᠭᠤᠯᠬᠤ ᠪᠠᠨ ᠴᠢᠩᠭᠠᠳᠬᠠᠵᠤ᠂ ᠨᠢᠭᠡ ᠪᠦᠯᠦᠭ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠨᠡᠶᠢᠲᠡᠯᠢᠭ ᠲᠤᠷᠰᠢᠯᠭ᠎ᠠ ᠶᠢ ᠳ᠋ᠦᠩᠨᠡᠵᠦ᠂ ᠨᠢᠭᠡ ᠪᠦᠯᠦᠭ ᠺᠤᠮᠫᠠᠨᠢ ᠶᠢᠨ ᠵᠠᠰᠠᠯᠲᠠ ᠶᠢᠨ ᠨᠡᠶᠢᠲᠡᠯᠢᠭ ᠦᠢᠯᠡᠳᠦᠯᠭᠡ ᠶᠢᠨ ᠬᠡᠷᠡᠭ ᠤᠨ ᠵᠢᠱᠢᠶ᠎ᠡ ᠶᠢ ᠳᠡᠯᠭᠡᠷᠡᠭᠦᠯᠦᠨ᠎ᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ