ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 31 ᠤ ᠴᠠᠭᠢᠯᠭᠠᠨ ᠮᠡᠳᠡᠭᠡ 6 ᠰᠠᠷ᠎ᠠ ᠶᠢᠨ 1 ᠤ ᠡᠳᠦᠷ ᠬᠡᠪᠯᠡᠭᠳᠡᠭᠰᠡᠨ 11 ᠳ᠋ᠦ᠋ᠭᠡᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃
ᠵᠣᠬᠢᠶᠠᠯ ᠳᠤ᠂ ᠰᠤᠷᠭᠠᠨ ᠬᠥᠮᠦᠵᠢᠯ ᠪᠣᠯ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠭᠤᠷᠢ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠰᠤᠷᠭᠠᠨ ᠬᠥᠮᠦᠵᠢᠯ ᠢ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠭᠠᠷᠭᠠᠵᠤ᠂ 2035 ᠣᠨ ᠪᠤᠯᠬᠤ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠡᠮᠡᠴᠡᠯ ᠤᠨ ᠬᠠᠷᠠᠯᠲᠠ ᠶᠢ ᠲᠣᠭᠲᠠᠭᠠᠵᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠪᠠᠶᠢᠷᠢᠰᠢᠯ ᠤᠨ ᠴᠢᠨᠠᠷᠲᠠᠢ ᠬᠤᠪᠢᠷᠠᠯᠲᠠ ᠭᠠᠷᠬᠤ ᠶᠢ ᠠᠬᠢᠭᠤᠯᠵᠤ ᠪᠠᠶᠢᠨ᠎ᠠ ᠭᠡᠵᠦ ᠴᠢᠬᠤᠯᠠᠴᠢᠯᠠᠪᠠ᠃
ᠵᠣᠬᠢᠶᠠᠯ ᠳᠤ᠂ ᠪᠢᠳᠡᠨ ᠤ ᠪᠦᠲᠦᠭᠡᠨ ᠪᠠᠶᠢᠭᠤᠯᠬᠤ ᠭᠡᠵᠦ ᠪᠠᠶᠢᠭ᠎ᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠮᠥᠨ᠂ ᠬᠦᠴᠦᠷᠬᠡᠭ ᠶᠡᠭᠡ ᠦᠵᠡᠯ ᠰᠠᠨᠠᠭ᠎ᠠ ᠤᠯᠤᠰ ᠲᠦᠷᠦ ᠶᠢᠨ ᠬᠥᠲᠥᠯᠥᠨ ᠳᠠᠭᠠᠭᠤᠯᠬᠤ ᠬᠦᠴᠦᠨ᠂ ᠴᠢᠳᠠᠪᠤᠷᠢᠲᠠᠨ ᠤ ᠥᠷᠢᠰᠦᠯᠳᠦᠬᠦ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠬᠦᠴᠦᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠴᠦᠨ᠂ ᠨᠡᠶᠢᠭᠡᠮ ᠤᠨ ᠬᠠᠮᠵᠢᠯᠴᠠᠬᠤ ᠬᠦᠴᠦᠨ᠂ ᠳᠡᠯᠡᠬᠡᠢ ᠳᠤ ᠨᠥᠯᠥᠭᠡᠯᠡᠬᠦ ᠬᠦᠴᠦᠨ ᠲᠠᠢ ᠪᠠᠶᠢᠪᠠᠯ ᠵᠣᠬᠢᠨ᠎ᠠ᠃ ᠡᠶᠢᠮᠦᠷᠬᠦᠦ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ᠂ ᠡᠷᠬᠡᠪᠰᠢ ᠦᠨᠳᠦᠰᠦ ᠶᠢ ᠪᠠᠬᠢᠵᠢᠭᠦᠯᠵᠦ ᠰᠦᠭ ᠰᠦᠨᠡᠰᠦ ᠶᠢ ᠱᠤᠭᠤᠬᠤ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠰᠢᠰᠲ᠋ᠧᠮ᠂ ᠲᠥᠪ ᠭᠤᠣᠯᠴᠢ ᠴᠢᠨᠠᠷ ᠰᠠᠶᠢᠲᠠᠢ ᠰᠠᠭᠤᠷᠢ ᠰᠤᠷᠭᠠᠨ ᠬᠥᠮᠦᠵᠢᠯ ᠤᠨ ᠰᠢᠰᠲ᠋ᠧᠮ᠂ ᠥᠪᠡᠷ ᠢ ᠪᠠᠨ ᠬᠦᠴᠦᠷᠬᠡᠭᠵᠢᠭᠦᠯᠵᠦ ᠭᠠᠷᠮᠠᠭᠠᠢ ᠠᠮᠵᠢᠯᠲᠠ ᠪᠦᠲᠦᠮᠵᠢ ᠣᠯᠣᠭᠰᠠᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠰᠲ᠋ᠧᠮ᠂ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ᠂ ᠲᠦᠭᠡᠮᠡᠯ ᠬᠠᠷᠠᠭᠠᠯᠵᠠᠯᠲᠤ ᠨᠠᠰᠤᠨ ᠲᠤᠷᠰᠢᠲᠠ ᠶᠢᠨ ᠰᠤᠷᠭᠠᠨ ᠬᠥᠮᠦᠵᠢᠯ ᠤᠨ ᠰᠢᠰᠲ᠋ᠧᠮ᠂ ᠰᠢᠨ᠎ᠡ ᠶᠢ ᠡᠭᠦᠳᠴᠦ ᠬᠥᠲᠥᠯᠥᠨ ᠳᠠᠭᠠᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠤᠨ ᠰᠢᠰᠲ᠋ᠧᠮ᠂ ᠬᠡᠪ ᠪᠣᠯᠪᠠᠰᠤᠷᠠᠯ ᠰᠢᠯᠢᠳᠡᠭ ᠰᠠᠶᠢᠨ ᠪᠠᠭᠰᠢ ᠶᠢᠨ ᠡᠩᠨᠡᠭᠡ ᠶᠢᠨ ᠰᠢᠰᠲ᠋ᠧᠮ᠂ ᠨᠡᠭᠡᠭᠡᠯᠲᠡᠲᠡᠢ ᠬᠠᠷᠢᠯᠴᠠᠨ ᠲᠣᠯᠢ ᠪᠤᠯᠭᠠᠬᠤ ᠤᠯᠠᠨ ᠤᠯᠤᠰ ᠤᠨ ᠬᠠᠮᠲᠤᠷᠠᠯᠴᠠᠭᠠᠨ ᠤ ᠰᠢᠰᠲ᠋ᠧᠮ ᠢ ᠪᠦᠭᠦ ᠲᠠᠯ᠎ᠠ ᠪᠠᠷ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠂ ᠰᠤᠷᠭᠠᠨ ᠬᠥᠮᠦᠵᠢᠯ ᠤᠨ ᠤᠯᠤᠰ ᠲᠦᠷᠦ ᠶᠢᠨ ᠰᠢᠨᠵᠢ ᠴᠢᠨᠠᠷ᠂ ᠠᠷᠠᠳ ᠲᠦᠮᠡᠨ ᠤ ᠰᠢᠨᠵᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠰᠢᠨᠵᠢ ᠴᠢᠨᠠᠷ ᠢ ᠪᠦᠭᠦ ᠲᠠᠯ᠎ᠠ ᠪᠠᠷ ᠡᠵᠡᠮᠳᠡᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠯᠭᠠᠭᠤᠷᠢᠯᠠᠬᠤ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢᠨ ᠬᠠᠷᠢᠴᠠᠭ᠎ᠠ᠂ ᠮᠡᠳᠡᠯᠭᠡ ᠶᠢᠨ ᠰᠤᠷᠤᠯᠴᠠᠯᠭ᠎ᠠ ᠪᠠ ᠪᠦᠭᠦ ᠲᠠᠯ᠎ᠠ ᠶᠢᠨ ᠬᠥᠭᠵᠢᠯᠲᠡ ᠶᠢᠨ ᠬᠠᠷᠢᠴᠠᠭ᠎ᠠ᠂ ᠴᠢᠳᠠᠪᠤᠷᠢᠲᠠᠨ ᠢ ᠬᠥᠮᠥᠵᠢᠭᠦᠯᠬᠦ ᠪᠠ ᠨᠡᠶᠢᠭᠡᠮ ᠤᠨ ᠬᠡᠷᠡᠭᠴᠡᠭᠡ ᠶᠢ ᠬᠠᠩᠭᠠᠬᠤ ᠶᠢᠨ ᠬᠠᠷᠢᠴᠠᠭ᠎ᠠ᠂ ᠡᠮᠬᠢ ᠵᠢᠷᠤᠮ ᠲᠠᠢ ᠪᠠᠶᠢᠯᠭᠠᠬᠤ ᠪᠠ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠬᠠᠷᠢᠴᠠᠭ᠎ᠠ᠂ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠬᠦ ᠪᠠ ᠤᠯᠠᠨ ᠤᠯᠤᠰ ᠤᠨ ᠲᠤᠷᠰᠢᠯᠭ᠎ᠠ ᠪᠠᠷ ᠲᠣᠯᠢ ᠪᠤᠯᠭᠠᠬᠤ ᠶᠢᠨ ᠬᠠᠷᠢᠴᠠᠭ᠎ᠠ ᠶᠢ ᠵᠥᠪ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠲᠣᠭᠲᠠᠭᠰᠠᠨ ᠬᠤᠭᠤᠴᠠᠭᠠᠨ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠡᠭᠦᠷᠭᠡ ᠬᠦᠨᠳᠦ ᠪᠠᠶᠢᠨ᠎ᠠ᠂ ᠴᠠᠭ ᠪᠢᠳᠡᠨ ᠢ ᠬᠦᠯᠢᠶᠡᠬᠦ ᠦᠭᠡᠢ᠃ ᠨᠢᠭᠡᠳᠦᠭᠡᠷ ᠲᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠡᠷᠡᠰ ᠭᠤᠶᠢᠪᠢᠰᠢ ᠦᠭᠡᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠪᠣᠯᠣᠨ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠵᠡᠷᠭᠡ ᠪᠠᠷ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠃ ᠨᠠᠮ ᠤᠨ ᠰᠢᠨ᠎ᠡ ᠡᠭᠦᠳᠦᠯᠲᠡ ᠶᠢᠨ ᠤᠨᠤᠯ ᠤᠨ ᠰᠢᠰᠲ᠋ᠧᠮᠵᠢᠭᠰᠡᠨ ᠣᠨᠣᠯᠵᠢᠨ ᠶᠣᠰᠣᠵᠢᠭᠰᠠᠨ ᠰᠤᠳᠤᠯᠭᠠᠨ ᠲᠠᠶᠢᠯᠪᠤᠷᠢᠯᠠᠯᠲᠠ ᠶᠢ ᠴᠢᠩᠭᠠᠳᠬᠠᠵᠤ᠂ ᠡᠯ᠎ᠡ ᠰᠢᠨᠵᠢᠯᠡᠭᠡᠨ ᠤ ᠰᠠᠯᠠᠭ᠎ᠠ ᠶᠢᠨ ᠪᠡᠯᠭᠡ ᠲᠡᠮᠳᠡᠭ ᠤᠨ ᠴᠢᠨᠠᠷᠲᠠᠢ ᠤᠬᠠᠭᠳᠠᠬᠤᠨ᠂ ᠤᠤᠭᠠᠯ ᠡᠭᠦᠳᠦᠯᠲᠡ ᠶᠢᠨ ᠴᠢᠨᠠᠷᠲᠠᠢ ᠤᠨᠤᠯ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠦᠢᠯᠡᠳᠦᠯᠭᠡ ᠪᠠᠷ ᠬᠥᠮᠥᠨ ᠢ ᠬᠥᠮᠥᠵᠢᠭᠦᠯᠬᠦ ᠪᠠ ᠰᠦᠯᠵᠢᠶ᠎ᠡ ᠪᠠᠷ ᠬᠥᠮᠥᠨ ᠢ ᠬᠥᠮᠥᠵᠢᠭᠦᠯᠬᠦ ᠣᠷᠣᠨ ᠵᠠᠢ ᠪᠠ ᠵᠢᠭᠰᠠᠭᠠᠯ ᠤᠨ ᠭᠠᠵᠠᠷ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠬᠤᠶᠠᠳᠤᠭᠠᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠴᠢᠳᠠᠪᠤᠷᠢᠲᠠᠨ ᠳᠤ ᠦᠵᠡᠭᠦᠯᠭᠦ ᠰᠤᠷᠭᠠᠨ ᠬᠥᠮᠦᠵᠢᠯ ᠤᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠰᠠᠶᠢᠨ ᠣᠷᠴᠢᠯ ᠢ ᠠᠬᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠤ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠢ ᠬᠥᠮᠥᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠᠷ ᠬᠥᠲᠥᠯᠥᠮᠵᠢ ᠪᠤᠯᠭᠠᠵᠤ᠂ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠲᠥᠷᠥᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢᠨ ᠲᠣᠭᠲᠠᠴᠠ ᠪᠠ ᠴᠢᠳᠠᠪᠤᠷᠢᠲᠠᠨ ᠬᠥᠮᠥᠵᠢᠭᠦᠯᠬᠦ ᠵᠠᠭᠪᠤᠷ ᠢ ᠲᠡᠭᠦᠯᠳᠡᠷᠵᠢᠭᠦᠯᠬᠦ ᠬᠡᠷᠡᠭᠲᠡᠢ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠪᠣᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ᠭᠤᠷᠪᠠᠳᠤᠭᠠᠷ ᠲᠤ᠂ ᠰᠤᠷᠭᠠᠨ ᠬᠥᠮᠦᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠪᠠ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯᠲᠤ ᠴᠢᠨᠠᠷ᠂ ᠬᠦᠷᠦᠯᠴᠡᠬᠦ ᠴᠢᠨᠠᠷ᠂ ᠳᠥᠭᠦᠮ ᠳᠥᠲᠡ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ᠃ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ︽ᠬᠤᠶᠠᠷ ᠢ ᠬᠥᠩᠭᠡᠷᠡᠭᠦᠯᠦᠭᠰᠡᠨ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠤᠯᠤᠰ ᠤᠨ ᠰᠤᠷᠭᠠᠨ ᠬᠥᠮᠦᠵᠢᠯ ᠤᠨ ᠲᠣᠭᠠᠴᠢᠯᠠᠯᠳᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠨᠠᠰᠤᠨ ᠲᠤᠷᠰᠢᠲᠠ ᠶᠢᠨ ᠰᠤᠷᠤᠯᠴᠠᠯᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠳᠥᠷᠪᠡᠳᠦᠭᠡᠷ ᠲᠤ᠂ ᠰᠢᠨ᠎ᠡ ᠴᠠᠭ ᠦᠶ᠎ᠡ ᠶᠢᠨ ᠥᠨᠳᠥᠷ ᠲᠦᠪᠰᠢᠨ ᠪᠦᠬᠦᠢ ᠪᠠᠭᠰᠢ ᠶᠢᠨ ᠡᠩᠨᠡᠭᠡ ᠶᠢ ᠬᠥᠮᠥᠵᠢᠭᠦᠯᠦᠨ ᠪᠣᠶᠢᠵᠢᠭᠤᠯᠬᠤ ᠬᠡᠷᠡᠭᠲᠡᠢ᠃ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠪᠠᠭᠰᠢ ᠶᠢ ᠬᠦᠴᠦᠷᠬᠡᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢ ᠬᠥᠮᠥᠵᠢᠭᠦᠯᠵᠦ ᠪᠤᠯᠪᠠᠰᠤᠷᠠᠭᠤᠯᠬᠤ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠠᠭᠰᠢ ᠶᠢᠨ ᠬᠠᠮᠢᠶᠠᠷᠤᠯᠲᠠ ᠪᠣᠯᠣᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠢᠯᠢᠳᠡᠭᠵᠢᠭᠦᠯᠬᠦ ᠬᠡᠷᠡᠭᠲᠡᠢ᠃ ᠪᠠᠭᠰᠢ ᠶᠢᠨ ᠤᠯᠤᠰ ᠲᠥᠷᠥ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠠᠵᠢᠯ ᠮᠡᠷᠭᠡᠵᠢᠯ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠵᠦ᠂ ᠪᠠᠭᠰᠢ ᠨᠠᠷ ᠲᠤ ᠡᠷᠬᠢᠮ ᠳᠡᠭᠡᠳᠦ ᠨᠡᠶᠢᠭᠡᠮ ᠤᠨ ᠨᠡᠷ᠎ᠡ ᠬᠦᠨᠳᠦ ᠬᠦᠷᠲᠡᠭᠡᠵᠦ᠂ ᠨᠡᠶᠢᠭᠡᠮ ᠨᠡᠶᠢᠲᠡ ᠳᠤ ᠬᠠᠮᠤᠭ ᠠᠴᠠ ᠬᠦᠨᠳᠦᠳᠬᠡᠭᠳᠡᠬᠦ ᠠᠵᠢᠯ ᠮᠡᠷᠭᠡᠵᠢᠯ ᠤᠨ ᠨᠢᠭᠡ ᠪᠤᠯᠭᠠᠬᠤ ᠬᠡᠷᠡᠭᠲᠡᠢ᠃ ᠲᠠᠪᠤᠳᠤᠭᠠᠷ ᠲᠤ᠂ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠪᠦᠬᠦᠢ ᠴᠢᠬᠤᠯᠠ ᠰᠤᠷᠭᠠᠨ ᠬᠥᠮᠦᠵᠢᠯ ᠤᠨ ᠲᠥᠪ ᠢ ᠪᠠᠶᠢᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢ ᠭᠦᠨᠵᠡᠭᠡᠢ ᠠᠬᠢᠭᠤᠯᠵᠤ᠂ ︽ᠭᠠᠳᠠᠭᠠᠳᠤ ᠠᠴᠠ ᠣᠷᠣᠭᠤᠯᠵᠤ ᠠᠪᠴᠢᠷᠠᠬᠤ︾ ᠪᠠ ︽ᠭᠠᠳᠠᠭᠠᠳᠤ ᠳᠤ ᠭᠠᠷᠴᠤ ᠶᠠᠪᠤᠬᠤ︾ ᠶᠢ ᠨᠢᠭᠡᠳᠦᠯᠲᠡᠢ ᠲᠥᠯᠥᠪᠵᠢᠭᠦᠯᠦᠨ᠂ ᠰᠤᠷᠭᠠᠨ ᠬᠥᠮᠦᠵᠢᠯ ᠤᠨ ᠳᠡᠯᠡᠬᠡᠢ ᠳᠠᠬᠢ ᠨᠥᠯᠥᠭᠡᠯᠡᠬᠦ ᠬᠦᠴᠦᠨ᠂ ᠥᠷᠢᠰᠦᠯᠳᠦᠬᠦ ᠬᠦᠴᠦᠨ ᠪᠠ ᠦᠭᠡ ᠬᠡᠯᠡᠬᠦ ᠡᠷᠬᠡ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠪᠦᠭᠦ ᠪᠥᠮᠪᠥᠷᠴᠡᠭ ᠤᠨ ᠰᠤᠷᠭᠠᠨ ᠬᠥᠮᠦᠵᠢᠯ ᠤᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠪᠦᠭᠦ ᠪᠥᠮᠪᠥᠷᠴᠡᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠨᠡᠩ ᠤᠯᠠᠨ ᠳᠤᠮᠳᠠᠳᠤ ᠤᠯᠤᠰ ᠤᠨ ᠬᠦᠴᠦᠨ ᠢ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠣᠶᠢᠷ᠎ᠠ ᠦᠶ᠎ᠡ ᠠᠴᠠ ᠨᠠᠭᠠᠰᠢᠬᠢ ᠳᠤᠮᠳᠠᠳᠤ ᠶᠢᠨ ᠦᠨᠳᠦᠰᠦᠲᠡᠨ ᠤ ᠬᠦᠰᠡᠭᠰᠡᠭᠡᠷ ᠢᠷᠡᠭᠰᠡᠨ ᠰᠠᠶᠢᠨ ᠰᠠᠶᠢᠬᠠᠨ ᠬᠦᠰᠡᠯ ᠡᠷᠡᠮᠡᠯᠵᠡᠯ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠤᠰᠢᠭᠤᠴᠢ ᠡᠭᠦᠷᠭᠡ᠂ ᠪᠠᠲᠤ ᠪᠠᠬᠢ ᠰᠠᠭᠤᠷᠢ᠂ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠮᠥᠨ᠃ ᠢᠲᠡᠭᠡᠯ ᠵᠣᠷᠢᠭ ᠢᠶᠠᠨ ᠪᠠᠲᠤᠳᠬᠠᠵᠤ᠂ ᠵᠣᠷᠢᠭᠲᠠᠢ ᠤᠷᠤᠭᠰᠢᠯᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃