ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠠᠩᠬᠠᠨ ᠤ ᠡᠳᠦᠷ ᠪᠦᠭᠦ ᠤᠯᠤᠰ ᠤᠨ ᠲᠡᠮᠦᠷ ᠵᠠᠮ 1780 ᠲᠦᠮᠡᠨ ᠬᠥᠮᠥᠨ ᠤᠳᠠᠭ᠎ᠠ ᠶᠢᠨ ᠠᠶᠠᠨᠴᠢᠳ ᠢ ᠬᠦᠷᠭᠡᠪᠡ
ᠨᠡᠶᠢᠲᠡᠯᠡᠭᠰᠡᠨ ᠴᠠᠭ᠄
2025/6/3

  ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ  ᠰᠤᠷᠪᠤᠯᠵᠢᠯᠠᠭᠴᠢ ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠺᠤᠮᠫᠠᠨᠢ ᠠᠴᠠ ᠣᠶᠢᠯᠠᠭᠠᠭᠰᠠᠨ ᠢᠶᠠᠷ᠂ 5 ᠰᠠᠷ᠎ᠠ ᠶᠢᠨ 31᠎ ᠤ ᠡᠳᠦᠷ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠶᠢᠨ ᠨᠢᠭᠡᠳᠦᠭᠡᠷ ᠡᠳᠦᠷ ᠲᠤ᠂ ᠪᠦᠭᠦ ᠤᠯᠤᠰ ᠤᠨ ᠲᠡᠮᠦᠷ ᠵᠠᠮ ᠤᠨ ᠠᠶᠠᠨᠴᠢᠳ ᠤᠨ ᠤᠷᠤᠰᠴᠠ ᠣᠷᠭᠢᠯ ᠳᠠᠭᠠᠨ ᠲᠤᠯᠵᠤ᠂ ᠵᠢᠱᠢᠯᠲᠡ ᠪᠠᠷ ᠠᠶᠠᠨᠴᠢᠳ ᠢ 1780 ᠲᠦᠮᠡᠨ ᠬᠥᠮᠥᠨ ᠤᠳᠠᠭ᠎ᠠ ᠬᠦᠷᠭᠡᠵᠦ᠂ ᠠᠶᠠᠨᠴᠢᠳ ᠤᠨ ᠭᠠᠯᠲᠤ ᠲᠡᠷᠭᠡ ᠶᠢ 1029 ᠨᠡᠮᠡᠬᠦ ᠪᠠᠷ ᠲᠥᠯᠥᠪᠯᠡᠵᠦ ᠪᠠᠶᠢᠨ᠎ᠠ᠃ 5 ᠰᠠᠷ᠎ᠠ ᠶᠢᠨ 30᠎ ᠤ ᠡᠳᠦᠷ᠂ ᠪᠦᠭᠦ ᠤᠯᠤᠰ ᠤᠨ ᠲᠡᠮᠦᠷ ᠵᠠᠮ ᠠᠶᠠᠨᠴᠢᠳ ᠢ 1577.7 ᠲᠦᠮᠡᠨ ᠬᠥᠮᠥᠨ ᠤᠳᠠᠭ᠎ᠠ ᠬᠦᠷᠭᠡᠵᠦ᠂ ᠲᠡᠭᠡᠭᠡᠪᠦᠷᠢ ᠨᠢ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠶᠠᠪᠤᠭᠳᠠᠪᠠ᠃

  ᠲᠡᠮᠦᠷ ᠵᠠᠮ ᠤᠨ 12306 ᠲᠡᠷᠭᠡᠨ ᠪᠢᠯᠧᠲ ᠢ ᠤᠷᠢᠳᠴᠢᠯᠠᠨ ᠬᠤᠳᠠᠯᠳᠤᠭᠰᠠᠨ ᠪᠠᠶᠢᠳᠠᠯ ᠠᠴᠠ ᠦᠵᠡᠪᠡᠯ᠂ 31᠎ ᠤ ᠡᠳᠦᠷ ᠬᠠᠯᠠᠮᠰᠢᠯ ᠵᠢᠭᠤᠯᠴᠢᠯᠠᠬᠤ ᠪᠠᠷ ᠣᠴᠢᠬᠤ ᠬᠤᠲᠠ ᠳᠤ ᠭᠤᠣᠯᠳᠠᠭᠤ ᠪᠡᠭᠡᠵᠢᠩ᠂ ᠱᠠᠩᠬᠠᠢ᠂ ᠭᠤᠸᠠᠩᠵᠧᠦ᠂ ᠴᠧᠩᠳᠦ᠋᠂ ᠱᠧᠨᠵᠧᠨ᠂ ᠬᠠᠩᠵᠧᠦ᠂ ᠵᠧᠩᠵᠧᠦ᠂ ᠦᠬᠠᠨ᠂ ᠰᠢ ᠠᠨ᠂ ᠨᠠᠨᠵᠢᠩ ᠪᠤᠢ︔ ᠬᠠᠯᠠᠮᠰᠢᠯ ᠵᠢᠭᠤᠯᠴᠢᠯᠠᠬᠤ ᠪᠠᠷ ᠬᠦᠷᠬᠦ ᠬᠤᠲᠠ ᠳᠤ ᠭᠤᠣᠯᠳᠠᠭᠤ ᠪᠡᠭᠡᠵᠢᠩ᠂ ᠭᠤᠸᠠᠩᠵᠧᠦ᠂ ᠱᠠᠩᠬᠠᠢ᠂ ᠴᠧᠩᠳᠦ᠋᠂ ᠬᠠᠩᠵᠧᠦ᠂ ᠨᠠᠨᠵᠢᠩ᠂ ᠵᠧᠩᠵᠧᠦ᠂ ᠲᠢᠶᠠᠨᠵᠢᠨ᠂ ᠴᠠᠩᠱᠠ᠂ ᠦᠬᠠᠨ ᠪᠤᠶ︔ ᠱᠧᠨᠵᠧᠨ ᠠᠴᠠ ᠰᠢᠶᠠᠩᠭᠠᠩ ᠬᠦᠷᠬᠦ᠂ ᠪᠡᠭᠡᠵᠢᠩ ᠠᠴᠠ ᠵᠢᠨᠠᠨ ᠬᠦᠷᠬᠦ᠂ ᠭᠤᠸᠠᠩᠵᠧᠦ ᠠᠴᠠ ᠨᠠᠨᠨᠢᠩ ᠬᠦᠷᠬᠦ᠂ ᠰᠢᠶᠠᠩᠭᠠᠩ ᠠᠴᠠ ᠱᠧᠨᠵᠧᠨ ᠬᠦᠷᠬᠦ᠂ ᠪᠡᠭᠡᠵᠢᠩ ᠠᠴᠠ ᠮᠦᠭᠳᠡᠨ ᠬᠦᠷᠬᠦ᠂ ᠪᠡᠭᠡᠵᠢᠩ ᠠᠴᠠ ᠵᠧᠩᠵᠧᠦ ᠬᠦᠷᠬᠦ᠂ ᠪᠡᠭᠡᠵᠢᠩ ᠠᠴᠠ ᠴᠢᠩᠳᠣᠣ ᠬᠦᠷᠬᠦ᠂ ᠦᠬᠠᠨ ᠠᠴᠠ ᠴᠠᠩᠱᠠ ᠬᠦᠷᠬᠦ᠂ ᠪᠡᠭᠡᠵᠢᠩ ᠠᠴᠠ ᠳ᠋ᠠᠲ᠋ᠦ᠋ᠩ ᠬᠦᠷᠬᠦ᠂ ᠰᠢ ᠠᠨ ᠠᠴᠠ ᠴᠧᠩᠳᠦ᠋ ᠬᠦᠷᠬᠦ ᠵᠡᠷᠭᠡ ᠬᠠᠯᠠᠮᠰᠢᠯ ᠣᠷᠣᠨ ᠤ ᠬᠤᠭᠤᠷᠣᠨᠳᠣᠭᠢ ᠠᠶᠠᠨᠴᠢᠳ ᠤᠨ ᠤᠷᠤᠰᠴᠠ ᠨᠡᠯᠢᠶᠡᠳ ᠲᠥᠪᠯᠡᠷᠡᠵᠦ ᠪᠠᠶᠢᠨ᠎ᠠ᠃

  ᠡᠯ᠎ᠡ ᠭᠠᠵᠠᠷ ᠤᠨ ᠲᠡᠮᠦᠷ ᠵᠠᠮ ᠤᠨ ᠰᠠᠯᠠᠭ᠎ᠠ ᠮᠥᠴᠢᠷ ᠤᠨ ᠬᠢᠨ ᠠᠶᠠᠨᠴᠢᠳ ᠤᠨ ᠤᠷᠤᠰᠴᠠ ᠶᠢᠨ ᠪᠠᠶᠢᠳᠠᠯ ᠢ ᠬᠥᠳᠡᠯᠦᠩᠭᠦᠢ ᠪᠠᠷ ᠮᠥᠷᠳᠡᠵᠦ᠂ ᠲᠡᠭᠡᠭᠡᠪᠦᠷᠢ ᠶᠢᠨ ᠬᠦᠴᠦᠨ ᠤ ᠣᠷᠣᠭᠤᠯᠤᠯᠲᠠ ᠶᠢ ᠨᠠᠷᠢᠯᠢᠭ ᠣᠨᠣᠴᠠᠲᠠᠢ ᠪᠠᠷ ᠨᠡᠮᠡᠭᠳᠡᠭᠦᠯᠦᠨ᠂ ᠲᠡᠷᠭᠡᠨ ᠥᠷᠲᠡᠭᠡᠨ ᠤ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠠᠶᠠᠨᠴᠢᠳ ᠲᠤ ᠨᠠᠩ ᠰᠠᠶᠢᠨ ᠰᠠᠶᠢᠬᠠᠨ ᠶᠠᠪᠤᠵᠤ ᠰᠠᠭᠤᠬᠤ ᠲᠥᠷᠥᠭᠳᠡᠯ ᠣᠯᠭᠤᠪᠠ᠃ ᠤᠯᠤᠰ ᠤᠨ ᠲᠡᠮᠦᠷ ᠵᠠᠮ ᠤᠨ ᠬᠠᠷᠪᠢᠨ ᠤ ᠲᠣᠪᠴᠢᠶᠠᠨ ᠤ ᠪᠦᠯᠦᠭᠯᠡᠯ ᠺᠤᠮᠫᠠᠨᠢ ᠶᠢᠨ ᠰᠦᠢ ᠹᠧᠨ ᠾᠧ ᠦᠷᠳᠡᠭᠡ ᠨᠢ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠵᠤ᠂ 402 ᠤᠳᠠᠭ᠎ᠠ ᠶᠢᠨ ᠤᠯᠠᠨ ᠤᠯᠤᠰ ᠤᠨ ᠭᠠᠯᠲᠤ ᠲᠡᠷᠭᠡᠨ ᠳᠤ ᠰᠠᠭᠤᠬᠤ ᠠᠶᠠᠨᠴᠢᠳ ᠤᠨ ᠬᠢᠯᠢ ᠪᠠᠷ ᠣᠷᠣᠵᠤ ᠭᠠᠷᠬᠤ ᠰᠠᠭᠠᠳ ᠦᠭᠡᠢ ᠪᠥᠭᠡᠳ ᠥᠨᠳᠥᠷ ᠪᠦᠲᠦᠮᠵᠢᠲᠡᠢ ᠪᠠᠶᠢᠬᠤ ᠶᠢ ᠪᠠᠲᠤᠯᠠᠪᠠ︔ ᠤᠯᠤᠰ ᠤᠨ ᠲᠡᠮᠦᠷ ᠵᠠᠮ ᠤᠨ ᠪᠡᠭᠡᠵᠢᠩ ᠤᠨ ᠲᠣᠪᠴᠢᠶ᠎ᠠ ᠶᠢᠨ ᠪᠦᠯᠦᠭᠯᠡᠯ ᠺᠤᠮᠫᠠᠨᠢ ᠵᠢᠨᠠᠨ᠂ ᠲᠠᠶᠢᠶᠤᠸᠠᠨ᠂ ᠵᠧᠩᠵᠧᠦ᠂ ᠱᠠᠩᠬᠠᠢ᠂ ᠴᠢᠩᠳᠣᠣ᠂ ᠲᠢᠶᠠᠨᠵᠢᠨ᠂ ᠴᠢᠭᠤᠯᠤᠯᠲᠤ ᠬᠠᠭᠠᠯᠭ᠎ᠠ᠂ ᠪᠧᠢ ᠳ᠋ᠠᠢ ᠾᠧ ᠵᠡᠷᠭᠡ ᠴᠢᠭᠯᠡᠯ ᠤᠨ ᠠᠶᠠᠨᠴᠢᠳ ᠤᠨ ᠭᠠᠯᠲᠤ ᠲᠡᠷᠭᠡ ᠶᠢ 159 ᠨᠡᠮᠡᠪᠡ︔ ᠤᠯᠤᠰ ᠤᠨ ᠲᠡᠮᠦᠷ ᠵᠠᠮ ᠤᠨ ᠰᠢ ᠠᠨ ᠤ ᠲᠣᠪᠴᠢᠶ᠎ᠠ ᠶᠢᠨ ᠪᠦᠯᠦᠭᠯᠡᠯ ᠺᠤᠮᠫᠠᠨᠢ ᠰᠢ ᠠᠨ ᠥᠷᠲᠡᠭᠡ᠂ ᠰᠢ ᠠᠨ ᠤ ᠬᠤᠶᠢᠲᠤ ᠥᠷᠲᠡᠭᠡ ᠳᠤ ︽ᠠᠷᠪᠠᠨ ᠭᠤᠷᠪᠠᠨ ᠲᠦᠷᠦ ᠶᠢ ᠲᠤᠭᠤᠯᠬᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠴᠠᠩ ᠠᠨ ᠤ ᠠᠶᠠᠯᠠᠯ︾᠎ ᠤᠨ ᠵᠢᠯᠣᠭᠤᠳᠤᠮᠵᠢ ᠶᠢᠨ ᠮᠠᠶ᠋ᠢᠭ ᠤᠨ ᠶᠣᠰᠣᠯᠠᠯ ᠰᠣᠶᠣᠯ ᠤᠨ ᠭᠢᠯᠠᠰ ᠠᠵᠢᠯᠯᠠᠭ᠎ᠠ ᠥᠷᠨᠢᠭᠦᠯᠪᠡ︔ ᠤᠯᠤᠰ ᠤᠨ ᠲᠡᠮᠦᠷ ᠵᠠᠮ ᠤᠨ ᠨᠠᠨᠴᠠᠩ ᠤᠨ ᠲᠣᠪᠴᠢᠶ᠎ᠠ ᠶᠢᠨ ᠪᠦᠯᠦᠭᠯᠡᠯ ᠺᠤᠮᠫᠠᠨᠢ ᠰᠠᠨ ᠮᠢᠩ ᠬᠤᠶᠢᠲᠤ ᠥᠷᠲᠡᠭᠡᠨ ᠤ ᠲᠡᠷᠭᠡ ᠬᠦᠯᠢᠶᠡᠬᠦ ᠲᠠᠰᠤᠭ ᠲᠤ ᠲᠦᠷᠭᠡᠨ ᠴᠠᠭᠢᠯᠭᠠᠨ ᠴᠡᠨᠡᠭᠯᠡᠬᠦ ᠠᠮᠠᠰᠠᠷ ᠲᠠᠢ ᠰᠠᠭᠤᠳᠠᠯ ᠢ ᠰᠢᠨ᠎ᠡ ᠪᠠᠷ ᠨᠡᠮᠡᠵᠦ᠂ ᠠᠶᠠᠨᠴᠢᠳ ᠤᠨ ᠴᠠᠭᠢᠯᠭᠠᠨ ᠴᠡᠨᠡᠭᠯᠡᠬᠦ ᠳᠤ ᠲᠥᠭᠦᠮ ᠦᠵᠡᠭᠦᠯᠵᠦ ᠪᠤᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ