︽ᠥᠪᠥᠷ ᠮᠣᠩᠭᠤᠯ ᠤᠨ ᠠᠮᠢ ᠠᠬᠤᠢ ᠶᠢᠨ ᠪᠠᠶᠢᠳᠠᠯ ᠶᠠᠮᠠᠷ ᠪᠠᠶᠢᠬᠤ ᠨᠢ ᠪᠦᠭᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠣᠷᠣᠰᠢᠯ ᠲᠣᠭᠲᠠᠨᠢᠯ ᠪᠠ ᠬᠥᠭᠵᠢᠯᠲᠡ ᠲᠠᠢ ᠬᠤᠯᠪᠣᠭᠳᠠᠬᠤ ᠪᠠᠷ ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ᠂ ᠴᠢᠨᠠᠭᠰᠢᠯᠠᠭᠠᠳ ᠪᠦᠭᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠣᠭᠳᠠᠨ᠎ᠠ︾᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠬᠤ ᠬᠡᠷᠡᠭᠲᠡᠢ︾᠂ ︽ᠡᠬᠡ ᠤᠯᠤᠰ ᠤᠨ ᠤᠮᠠᠷᠠᠲᠤ ᠶᠢᠨ ᠡᠨᠡ ᠬᠦ ᠲᠦᠮᠡᠨ ᠭᠠᠵᠠᠷ ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ ᠢ ᠨᠠᠩ ᠪᠠᠲᠤ ᠪᠠᠬᠢ ᠴᠣᠭᠴᠠᠯᠠᠬᠤ ᠬᠡᠷᠡᠭᠲᠡᠢ︾ ᠭᠡᠵᠦ ᠥᠪᠥᠷ ᠮᠣᠩᠭᠤᠯ ᠢ ᠣᠯᠠᠨᠲᠠ ᠱᠠᠭᠠᠷᠳᠠᠪᠠ᠃ 2023 ᠣᠨ ᠤ 6 ᠰᠠᠷ᠎ᠠ ᠳᠤ᠂ ᠶᠡᠷᠦᠩᠬᠡᠢ ᠱᠦᠵᠢ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ︽ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠥᠪᠥᠷ ᠮᠣᠩᠭᠤᠯ ᠤᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ ︿ᠤᠯᠤᠰ ᠤᠨ ᠶᠡᠭᠡ ᠶᠠᠪᠤᠳᠠᠯ﹀ ᠪᠣᠯᠣᠨ᠎ᠠ︾ ᠭᠡᠵᠦ ᠣᠨᠴᠠᠭᠠᠶᠢᠯᠠᠨ ᠴᠢᠬᠤᠯᠠᠴᠢᠯᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠣᠷᠣᠨ ᠳᠠᠶᠠᠭᠠᠷ ᠢᠶᠠᠨ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠶᠢ ᠲᠠᠰᠤᠷᠠᠯᠲᠠ ᠦᠭᠡᠢ ᠬᠥᠲᠥᠯᠥᠨ ᠵᠢᠯᠣᠭᠤᠳᠤᠭᠰᠠᠨ ᠪᠥᠭᠡᠳ ᠠᠬᠢᠭᠤᠯᠵᠤ᠂ ᠤᠮᠠᠷᠠᠲᠤ ᠬᠢᠯᠢ ᠶᠢᠨ ᠡᠬᠡ ᠭᠠᠵᠠᠷ ᠤᠨ ᠦᠵᠡᠰᠬᠦᠯᠡᠩᠲᠦ ᠰᠠᠶᠢᠬᠠᠨ ᠬᠢᠭᠡᠳ ᠬᠥᠭᠵᠢᠯᠲᠡ ᠶᠢᠨ ᠬᠤᠣᠰ ᠠᠮᠵᠢᠯᠲᠠ ᠣᠯᠬᠤ ᠶᠢ ᠠᠬᠢᠭᠤᠯᠪᠠ᠃
︽ᠬᠠᠮᠠᠭᠠᠯᠠᠯᠲᠠ︾ ᠪᠠᠷ ᠪᠣᠬᠢᠷᠳᠤᠯ ᠦᠭᠡᠢ ᠬᠥᠭᠵᠢᠯᠲᠡ ᠶᠢᠨ ᠳᠡᠪᠢᠰᠬᠡᠷ ᠥᠩᠭᠡ ᠶᠢ ᠥᠳᠬᠡᠷᠡᠭᠦᠯᠪᠡ
ᠥᠪᠥᠷ ᠮᠣᠩᠭᠤᠯ ᠪᠣᠯ ᠲᠡᠦᠬᠡᠨ ᠳᠡᠭᠡᠷ᠎ᠡ ᠡᠪᠡᠰᠦ ᠪᠡᠯᠴᠢᠭᠡᠷ ᠰᠠᠬᠤᠯᠢᠭ᠂ ᠲᠠᠯ᠎ᠠ ᠳᠦᠭᠦᠷᠡᠩ ᠦᠬᠡᠷ ᠬᠤᠨᠢ ᠲᠠᠢ ᠭᠠᠵᠠᠷ ᠪᠠᠶᠢᠵᠠᠢ᠃ ︽ᠴᠡᠯᠡᠭᠡᠷ ᠲᠠᠯ᠎ᠠ ᠶᠢᠨ ᠥᠷᠥᠴᠡᠨ ᠳᠤ ᠮᠤᠨᠠ ᠠᠭᠤᠯᠠ ᠶᠢᠨ ᠬᠤᠷᠮᠣᠢ ᠳᠤ ᠬᠥᠬᠡ ᠲᠡᠭᠷᠢ ᠬᠥᠳᠡᠭᠡ ᠲᠠᠯ᠎ᠠ ᠲᠠᠢ ᠭᠦᠪᠡᠭᠡ ᠬᠢᠵᠠᠭᠠᠷ ᠵᠠᠯᠭᠠᠯᠳᠤᠭᠠᠳ ᠬᠥᠪᠴᠢᠨ ᠳᠡᠯᠡᠬᠡᠢ ᠮᠣᠩᠭᠤᠯ ᠭᠡᠷ ᠰᠢᠭ ᠬᠥᠩᠬᠦᠶᠢᠵᠦᠬᠦᠢ᠃ ᠲᠡᠭᠷᠢ ᠴᠡᠪ ᠴᠡᠯᠡᠶᠢᠨ ᠲᠠᠯ᠎ᠠ ᠨᠡᠪ ᠨᠡᠯᠦᠶᠢᠭᠡᠳ ᠡᠪᠡᠰᠦᠨ ᠤ ᠲᠣᠯᠣᠭᠠᠢ ᠰᠠᠯᠬᠢᠨ ᠳᠤ ᠨᠠᠶᠢᠭᠤᠬᠤᠶ᠎ᠠ ᠦᠬᠡᠷ ᠬᠤᠨᠢᠳ ᠤᠨ ᠵᠣ ᠢᠷᠠᠯᠵᠠᠨᠠᠮ︾ ᠭᠡᠳᠡᠭ ᠨᠢ ᠳᠠᠷᠤᠢ ᠡᠨᠡ ᠬᠦ ᠲᠠᠯ᠎ᠠ ᠨᠤᠲᠤᠭ ᠤᠨ ᠥᠩᠭᠡ ᠦᠵᠡᠮᠵᠢ ᠶᠢ ᠵᠢᠷᠤᠭᠯᠠᠭᠰᠠᠨ ᠰᠢᠯᠦᠭ ᠶᠤᠮ᠃ ᠠᠲᠠᠷ ᠬᠠᠭᠠᠯᠪᠤᠷᠢᠯᠠᠨ ᠲᠠᠷᠢᠶ᠎ᠠ ᠳᠠᠷᠢᠬᠤ ᠵᠡᠷᠭᠡ ᠬᠥᠮᠥᠨ ᠲᠥᠷᠥᠯᠬᠢᠲᠡᠨ ᠤ ᠠᠵᠢᠯᠯᠠᠭ᠎ᠠ ᠣᠯᠠᠰᠢᠷᠠᠭᠰᠠᠨ ᠵᠢᠴᠢ ᠠᠭᠤᠷ ᠠᠮᠢᠰᠬᠤᠯ ᠤᠨ ᠬᠤᠪᠢᠷᠠᠯᠲᠠ ᠶᠢ ᠳᠠᠭᠠᠯᠳᠤᠨ᠂ ᠥᠪᠥᠷ ᠮᠣᠩᠭᠤᠯ ᠤᠨ ᠠᠮᠢ ᠠᠬᠤᠢ ᠳᠤ ᠠᠭᠠᠵᠢᠮ ᠢᠶᠠᠷ ︽ᠤᠯᠠᠭᠠᠨ ᠲᠤᠭ᠎ᠠ︾ ᠢᠯᠡᠷᠡᠵᠦ᠂ ᠬᠦᠨᠳᠦ ᠨᠣᠴᠢᠲᠠᠢ ᠦᠨ᠎ᠡ ᠲᠥᠯᠥᠪᠦᠷᠢ ᠭᠠᠷᠭᠠᠪᠠ᠃ ᠶᠡᠷᠦᠩᠬᠡᠢ ᠱᠦᠵᠢ ᠰᠢ ᠶᠢᠨ ᠫᠢᠩ ︽ᠠᠵᠤ ᠠᠬᠤᠢ ᠶᠢ ᠬᠥᠭᠵᠢᠭᠦᠯᠬᠦ ᠳᠤ ᠡᠬᠢ ᠪᠠᠶᠠᠯᠢᠭ ᠪᠣᠯᠣᠨ ᠠᠮᠢ ᠠᠬᠤᠢ ᠣᠷᠴᠢᠨ ᠲᠣᠭᠤᠷᠢᠨ ᠢ ᠬᠤᠭᠤᠰᠤᠷᠠᠲᠠᠯ᠎ᠠ ᠰᠢᠪᠬᠠᠵᠤ ᠪᠤᠯᠬᠤ ᠦᠭᠡᠢ︾ ᠭᠡᠵᠦ ᠴᠢᠬᠤᠯᠠᠴᠢᠯᠠᠪᠠ᠃ ᠪᠢᠳᠡ ᠶᠡᠷᠦᠩᠬᠡᠢ ᠱᠦᠵᠢ ᠶᠢᠨ ᠰᠤᠷᠭᠠᠯ ᠢ ᠪᠠᠲᠤ ᠴᠡᠭᠡᠵᠢᠯᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠬᠥᠮᠥᠨ ᠤ ᠬᠦᠴᠦ ᠪᠠᠷ ᠪᠠᠶᠢᠭᠠᠯᠢ ᠶᠢ ᠨᠥᠯᠥᠭᠡᠯᠡᠵᠦ ᠡᠪᠳᠡᠬᠦ ᠶᠢ ᠬᠠᠮᠤᠭ ᠤᠨ ᠶᠡᠭᠡ ᠴᠢᠷᠮᠠᠶᠢᠯᠭ᠎ᠠ ᠭᠠᠷᠭᠠᠨ ᠪᠠᠭᠠᠰᠬᠠᠪᠠ᠃
ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠪᠡ᠃ ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠲᠤ ᠣᠷᠣᠨ ᠤ ᠲᠠᠯᠠᠪᠠᠶ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠮᠵᠢᠲᠤ ᠣᠷᠣᠨ ᠪᠠᠶᠢᠵᠤ᠂ ᠶᠡᠭᠡ ᠬᠡᠪᠴᠢᠶᠡᠨ ᠤ ᠤᠤᠭᠠᠯ ᠠᠮᠢ ᠠᠬᠤᠢ ᠶᠢᠨ ᠣᠷᠣᠨ ᠪᠦᠰᠡ ᠶᠢ ᠬᠠᠳᠠᠭᠠᠯᠠᠵᠤ ᠪᠠᠶᠢᠳᠠᠭ᠃ ᠶᠡᠷᠦᠩᠬᠡᠢ ᠱᠦᠵᠢ ᠰᠢ ᠶᠢᠨ ᠫᠢᠩ᠂ ᠥᠪᠥᠷ ᠮᠣᠩᠭᠤᠯ ︽ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠬᠡᠷᠡᠭᠯᠡᠬᠦ ᠶᠢ ᠴᠢᠩᠭ᠎ᠠ ᠬᠠᠮᠢᠶᠠᠷᠤᠨ ᠡᠵᠡᠮᠳᠡᠵᠦ᠂ ᠴᠢᠬᠤᠯᠠ ᠪᠦᠬᠦᠢ ᠠᠮᠢ ᠠᠬᠤᠢ ᠶᠢᠨ ᠣᠷᠣᠨ ᠵᠠᠢ ᠶᠢ ᠭᠦᠢᠴᠡᠳ ᠦᠯᠡᠳᠡᠭᠡᠬᠦ ᠬᠡᠷᠡᠭᠲᠡᠢ︾ ᠭᠡᠵᠦ ᠵᠢᠭᠠᠵᠤ ᠭᠠᠷᠭᠠᠪᠠ᠃ ᠪᠢᠳᠡ ︽ᠭᠤᠷᠪᠠᠨ ᠣᠷᠣᠨ ᠭᠤᠷᠪᠠᠨ ᠱᠤᠭᠤᠮ︾ ᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ︵2021 - 2035 ᠣᠨ︶︾ ᠶᠢ ᠨᠠᠶᠢᠷᠠᠭᠤᠯᠤᠨ ᠵᠣᠬᠢᠶᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠬᠤᠪᠢᠶᠠᠷᠢᠯᠠᠨ ᠣᠷᠣᠭᠤᠯᠤᠭᠰᠠᠨ ᠲᠠᠯᠠᠪᠠᠶ 59.69 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠪᠦᠭᠦ ᠣᠷᠣᠨ ᠤ ᠶᠡᠷᠦᠩᠬᠡᠢ ᠲᠠᠯᠠᠪᠠᠶ ᠶᠢᠨ ᠬᠠᠭᠠᠰ ᠠᠴᠠ ᠳᠡᠭᠡᠭᠰᠢᠬᠢ ᠶᠢ ᠡᠵᠡᠯᠡᠪᠡ; ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ 885 ᠲᠦᠮᠡᠨ ᠮᠦ ᠵᠠᠭᠠᠭᠯᠠᠨ ᠲᠣᠭᠲᠠᠭᠠᠬᠤ ᠶᠢᠨ ᠬᠠᠮᠲᠤ 2021 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠠᠴᠠ ᠳᠠᠪᠠᠵᠤ ᠥᠯᠥ ᠪᠤᠯᠬᠤ ᠬᠠᠮᠢᠶᠠᠷᠤᠨ ᠡᠵᠡᠮᠳᠡᠬᠦ ᠵᠠᠭᠠᠭ ᠱᠤᠭᠤᠮ ᠪᠣᠯᠭᠠᠨ ᠲᠣᠬᠲᠠᠭᠠᠪᠠ; ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ 1.33 ᠳ᠋ᠦᠩᠰᠢᠭᠤᠷ ᠮᠦ ᠠᠴᠠ ᠳᠡᠭᠡᠭᠰᠢ ᠵᠠᠭᠠᠭᠯᠠᠨ ᠲᠣᠭᠲᠠᠭᠠᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠤᠯᠭᠠᠬᠤ︾ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠤᠯᠭᠠᠬᠤ︾ ᠶᠢ ᠡᠷᠡᠰ ᠬᠤᠷᠢᠭᠯᠠᠪᠠ᠃ ᠠᠮᠢ ᠠᠬᠤᠢ ᠣᠷᠴᠢᠨ ᠲᠣᠭᠤᠷᠢᠨ ᠢ ᠲᠣᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠶᠢ ᠬᠦᠴᠦᠯᠡᠨ ᠴᠢᠩᠭᠠᠳᠬᠠᠵᠤ᠂ ᠪᠦᠭᠦ ᠣᠷᠣᠨ ᠢ 1892 ᠬᠠᠮᠢᠶᠠᠷᠤᠨ ᠡᠵᠡᠮᠳᠡᠬᠦ ᠨᠢᠭᠡᠴᠢ ᠪᠣᠯᠭᠠᠨ ᠬᠤᠪᠢᠶᠠᠵᠤ᠂ ︽ᠨᠢᠭᠡ ᠨᠢᠭᠡᠴᠢ ᠳᠤ ᠨᠢᠭᠡ ᠠᠷᠭ᠎ᠠ ᠪᠣᠳᠣᠯᠭ᠎ᠠ︾ ᠶᠣᠰᠣᠭᠠᠷ ᠵᠦᠷᠢᠶᠡᠴᠢᠯᠡᠭᠰᠡᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠡᠬᠢ ᠪᠠᠶᠠᠯᠢᠭ ᠤᠨ ᠨᠡᠭᠡᠭᠡᠯᠲᠡ᠂ ᠠᠵᠤ ᠦᠢᠯᠡᠰ ᠤᠨ ᠪᠠᠶᠢᠷᠢᠰᠢᠭᠤᠯᠤᠯᠲᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠴᠢᠬᠤᠯᠠ ᠶᠡᠭᠡ ᠲᠥᠷᠥᠯ ᠵᠦᠢᠯ ᠤᠨ ᠭᠠᠵᠠᠷ ᠰᠣᠩᠭᠤᠬᠤ ᠵᠡᠷᠭᠡ ᠶᠢ ᠤᠷᠢᠳᠴᠢᠯᠠᠨ ᠦᠨᠡᠯᠡᠨ ᠵᠢᠱᠢᠵᠦ᠂ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ︽ᠪᠣᠬᠢᠷᠳᠤᠯ ᠦᠭᠡᠢ ᠬᠡᠮᠵᠢᠭᠦᠷ︾ ᠢ ᠡᠬᠢ ᠡᠭᠦᠰᠦᠯ ᠠᠴᠠ ᠨᠢ ᠴᠢᠩᠭᠠᠯᠠᠪᠠ᠃
ᠶᠡᠭᠡ ᠨᠤᠲᠤᠭ ᠪᠡᠯᠴᠢᠭᠡᠷ ᠶᠡᠭᠡ ᠣᠢ ᠰᠢᠭᠤᠢ ᠶᠢ ᠬᠦᠴᠦᠯᠡᠨ ᠬᠠᠮᠠᠭᠠᠯᠠᠪᠠ᠃ ᠨᠤᠲᠤᠭ ᠪᠡᠯᠴᠢᠭᠡᠷ᠂ ᠣᠶ ᠰᠢᠭᠤᠢ ᠶᠢ ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠣᠨ᠎ᠠ᠃ ᠥᠪᠥᠷ ᠮᠣᠩᠭᠤᠯ 8.15 ᠳ᠋ᠦᠩᠰᠢᠭᠤᠷ ᠮᠦ ᠨᠤᠲᠤᠭ ᠪᠡᠯᠴᠢᠭᠡᠷ᠂ 3.57 ᠳ᠋ᠦᠩᠰᠢᠭᠤᠷ ᠮᠦ ᠣᠶ ᠰᠢᠭᠤᠢ ᠲᠠᠢ ᠪᠠᠶᠢᠵᠤ᠂ ᠲᠠᠯᠠᠪᠠᠶ ᠨᠢ ᠲᠣᠰ ᠲᠣᠰ ᠪᠦᠭᠦ ᠤᠯᠤᠰ ᠲᠤ ᠬᠤᠶᠠᠳᠤᠭᠠᠷ᠂ ᠨᠢᠭᠡᠳᠦᠭᠡᠷ ᠲᠤ ᠣᠷᠣᠵᠤ ᠪᠠᠶᠢᠨ᠎ᠠ᠃ ᠪᠢᠳᠡ ᠨᠢᠭᠡ ᠲᠠᠯ᠎ᠠ ᠪᠠᠷ ︽ᠠᠮᠠᠷᠠᠭᠤᠯᠤᠨ ᠰᠡᠷᠭᠦᠭᠡᠬᠦ︾ ᠶᠢ ᠠᠳᠬᠤᠵᠤ᠂ ᠨᠤᠲᠤᠭ ᠪᠡᠯᠴᠢᠭᠡᠷ ᠳᠡᠭᠡᠷ᠎ᠡ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠬᠢᠵᠠᠭᠠᠷᠯᠠᠵᠤ᠂ ᠪᠠᠶᠢᠭᠠᠯᠢ ᠶᠢᠨ ᠣᠶ ᠶᠢ ᠬᠤᠳᠠᠯᠳᠤᠭᠠᠨ ᠤ ᠴᠢᠨᠠᠷᠲᠠᠢ ᠪᠠᠷ ᠣᠭᠲᠣᠯᠬᠤ ᠶᠢ ᠴᠢᠩᠭ᠎ᠠ ᠴᠠᠭᠠᠵᠠᠯᠠᠵᠤ᠂ ᠣᠶ ᠰᠢᠭᠤᠢ ᠨᠤᠲᠤᠭ ᠪᠡᠯᠴᠢᠭᠡᠷ ᠢ ᠰᠦᠢᠳᠬᠡᠬᠦ ᠶᠢ ᠬᠤᠷᠢᠭᠯᠠᠬᠤ ᠶᠡᠷᠦᠩᠬᠡᠢ ᠳᠠᠶᠢᠯᠠᠯᠳᠤᠭᠠᠨ ᠢ ᠪᠠᠶᠢᠷᠢᠯᠠᠭᠤᠯᠤᠨ ᠠᠬᠢᠭᠤᠯᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠶᠢ ᠵᠠᠰᠠᠬᠤ ᠪᠠ ᠬᠢᠯᠢ ᠬᠢᠵᠠᠭᠠᠷ ᠤᠨ ᠭᠠᠩ ᠬᠠᠭᠤᠷᠠᠢ ᠮᠠᠯᠵᠢᠬᠤ ᠣᠷᠣᠨ ᠳᠤ ᠪᠦᠬᠦᠯᠢ ᠴᠣᠭᠴᠠ ᠪᠠᠷ ᠮᠠᠯᠵᠢᠬᠤ ᠶᠢ ᠴᠠᠭᠠᠵᠠᠯᠠᠬᠤ ᠲᠤᠷᠰᠢᠯᠲᠠ ᠶᠢᠨ ᠴᠡᠭ ᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠪᠠᠭᠤᠯᠭᠠᠬᠤ ᠪᠣᠯᠣᠨ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠬᠤ ᠦᠷ᠎ᠡ ᠪᠦᠲᠦᠮᠵᠢ ᠲᠠᠢ ᠬᠤᠯᠪᠣᠭᠳᠠᠭᠤᠯᠬᠤ ᠶᠢ ᠠᠬᠢᠭᠤᠯᠵᠤ᠂ ᠥᠷᠭᠡᠨ ᠠᠭᠤᠳᠠᠮ ᠨᠤᠲᠤᠭ ᠪᠡᠯᠴᠢᠭᠡᠷ ᠢ ︽ᠴᠠᠯᠢᠩ ᠲᠠᠢ ᠪᠠᠷ ᠠᠮᠠᠷᠠᠭᠤᠯᠵᠤ︾᠂ ᠬᠢᠩᠭᠠᠨ ᠤ ᠣᠶ ᠰᠢᠭᠤᠢ ᠳᠤ ︽ᠬᠢᠷᠦᠭᠡ ᠪᠠᠨ ᠡᠯᠭᠦᠨ ᠮᠣᠳᠣ ᠣᠭᠲᠣᠯᠬᠤ ᠪᠠᠨ ᠵᠣᠭᠰᠣᠪᠠ︾᠃ ᠨᠦᠭᠦᠭᠡ ᠲᠠᠯ᠎ᠠ ᠪᠠᠷ ︽ᠪᠣᠶᠢᠵᠢᠭᠤᠯᠬᠤ︾ ᠶᠢ ᠠᠳᠬᠤᠵᠤ᠂ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠪᠠ ᠡᠷᠬᠡ ᠶᠢ ᠲᠣᠭᠲᠠᠭᠠᠨ ᠳᠠᠩᠰᠠᠯᠠᠬᠤ ᠶᠢ ᠪᠡᠶᠡᠯᠡᠭᠦᠯᠵᠦ᠂ ᠣᠶ ᠰᠢᠭᠤᠢ ︵ᠨᠤᠲᠤᠭ ᠪᠡᠯᠴᠢᠭᠡᠷ︶ ᠶᠢᠨ ᠳᠠᠷᠤᠭ᠎ᠠ ᠶᠢᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠰᠡᠷᠭᠦᠭᠡᠨ ᠵᠠᠰᠠᠬᠤ᠂ ᠪᠠᠶᠢᠭᠠᠯᠢ ᠶᠢᠨ ᠣᠶ ᠶᠢ ᠬᠠᠮᠠᠭᠠᠯᠠᠬᠤ ᠪᠠ ᠲᠠᠷᠢᠮᠠᠯ ᠣᠶ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠤᠲᠤᠭ ᠪᠡᠯᠴᠢᠭᠡᠷ ᠣᠶ ᠰᠢᠭᠤᠢ ᠶᠢᠨ ᠡᠬᠢ ᠪᠠᠶᠠᠯᠢᠭ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠪᠡ᠃ ᠡᠭᠦᠨ ᠤ ᠬᠠᠮᠲᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠣᠨᠢᠨ ᠳᠡᠭᠡᠷ᠎ᠡ ᠨᠢ ᠬᠦᠴᠦᠯᠡᠬᠦ ᠶᠢ ᠪᠠᠷᠢᠮᠲᠠᠯᠠᠵᠤ᠂ ᠶᠡᠭᠡ ᠬᠡᠪᠴᠢᠶᠡᠨ ᠤ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠪᠠᠯ ᠭᠠᠵᠠᠷ᠂ ᠠᠲᠠᠷ ᠭᠠᠵᠠᠷ᠂ ᠬᠠᠶᠠᠭᠳᠠᠮᠠᠯ ᠠᠭᠤᠷᠬᠠᠢ ᠵᠡᠷᠭᠡ ᠣᠷᠣᠨ ᠵᠠᠢ ᠳᠤ ᠨᠣᠭᠤᠭᠠᠷᠠᠭᠤᠯᠤᠯᠲᠠ ᠬᠢᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠭᠦ ᠣᠷᠣᠨ ᠨᠡᠶᠢᠲᠡ 1.43 ᠳ᠋ᠦᠩᠰᠢᠭᠤᠷ ᠮᠦ ᠮᠣᠳᠣ ᠳᠠᠷᠢᠵᠤ᠂ 3.55 ᠳ᠋ᠦᠩᠰᠢᠭᠤᠷ ᠮᠦ ᠡᠪᠡᠰᠦ ᠳᠠᠷᠢᠵᠤ᠂ ᠬᠡᠪᠴᠢᠶ᠎ᠡ ᠨᠢ ᠴᠥᠮ ᠪᠦᠭᠦ ᠤᠯᠤᠰ ᠲᠤ ᠲᠦᠷᠦᠭᠦᠯᠡᠪᠡ᠃
ᠬᠠᠳᠤᠨ ᠭᠤᠣᠯ ᠢ ᠰᠡᠳᠬᠢᠯ ᠲᠠᠯᠪᠢᠨ ᠰᠠᠬᠢᠨ ᠬᠠᠮᠠᠭᠠᠯᠠᠪᠠ᠃ ᠬᠠᠲᠤᠨ ᠭᠤᠣᠯ ᠤᠨ ᠶᠡᠭᠡ ᠲᠣᠬᠤᠢ ᠶᠢᠨ ᠣᠷᠣᠢ ᠶᠢᠨ ᠬᠡᠰᠡᠭ ᠨᠢ ᠥᠪᠥᠷ ᠮᠣᠩᠭᠤᠯ ᠢᠶᠠᠷ ᠤᠷᠤᠰᠤᠨ ᠥᠩᠭᠡᠷᠡᠵᠦ᠂ 843.5 ᠺᠢᠯᠣᠮᠧᠲᠷ ᠦᠷᠭᠦᠯᠵᠢᠯᠡᠵᠦ᠂ ᠬᠠᠲᠤᠨ ᠭᠤᠣᠯ ᠤᠨ ᠪᠦᠭᠦ ᠣᠷᠳᠣ ᠶᠢᠨ 1/6 ᠰᠢᠬᠠᠮ ᠢ ᠡᠵᠡᠯᠡᠵᠦ᠂ ᠰᠠᠪᠠ ᠭᠠᠵᠠᠷ ᠤᠨ ᠲᠠᠯᠠᠪᠠᠶ ᠨᠢ 15 ᠲᠦᠮᠡ ᠭᠠᠷᠤᠢ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠬᠠᠲᠤᠨ ᠭᠤᠣᠯ ᠤᠨ ᠰᠠᠪᠠ ᠭᠠᠵᠠᠷ ᠤᠨ ᠪᠦᠭᠦ ᠲᠠᠯᠠᠪᠠᠶ ᠶᠢᠨ 1/5 ᠰᠢᠬᠠᠮ ᠢ ᠡᠵᠡᠯᠡᠵᠦ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ︽ᠬᠠᠳᠤᠨ ᠭᠤᠣᠯ ᠤᠨ ︿ᠶᠡᠭᠡ ᠲᠣᠬᠤᠢ﹀ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ︾ ᠭᠡᠵᠦ ᠣᠯᠠᠨᠲᠠ ᠴᠢᠬᠤᠯᠠᠴᠢᠯᠠᠪᠠ᠃ ᠡᠶᠢᠮᠦ ᠠᠴᠠ᠂ ᠪᠢᠳᠡ ᠬᠠᠲᠤᠨ ᠭᠤᠣᠯ ᠳᠠᠭᠠᠤ ᠭᠠᠵᠠᠷ ᠣᠷᠣᠨ ᠤ 45% ᠶᠢᠨ ᠤᠯᠤᠰ ᠤᠨ ᠨᠤᠲᠤᠭ ᠳᠡᠪᠢᠰᠬᠡᠷ ᠤᠨ ᠲᠠᠯᠠᠪᠠᠶ ᠶᠢ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠣᠷᠣᠭᠤᠯᠵᠤ᠂ ᠴᠦᠯᠯᠡᠷᠭᠡᠭᠵᠢᠭᠰᠡᠨ ᠭᠠᠵᠠᠷ ᠰᠢᠷᠣᠢ ᠪᠠ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ᠂ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠶᠡᠷ ᠢ ᠰᠡᠷᠭᠡᠶᠢᠯᠡᠬᠦ ᠲᠥᠬᠦᠭᠡᠷᠦᠮᠵᠢ ᠪᠠ ᠭᠡᠮ ᠰᠣᠭᠤᠭ ᠲᠠᠢ ᠤᠰᠤᠨ ᠴᠥᠭᠦᠷᠥᠮ᠂ ᠨᠦᠯᠦᠮᠡᠯ ᠭᠠᠵᠠᠷ ᠤᠨ ᠬᠠᠰᠢᠯᠭ᠎ᠠ ᠵᠡᠷᠭᠡ ᠶᠢ ᠵᠢᠭᠰᠠᠭᠠᠨ ᠪᠠᠶᠢᠴᠠᠭᠠᠵᠤ ᠵᠠᠰᠠᠨ ᠰᠡᠷᠭᠦᠭᠡᠬᠦ ᠠᠵᠢᠯ ᠢ ᠥᠷᠨᠢᠭᠦᠯᠵᠦ᠂ ᠬᠠᠲᠤᠨ ᠭᠤᠣᠯ ᠤᠨ ᠭᠤᠣᠯ ᠤᠨ ᠵᠠᠮ ᠤᠨ ︽ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ︾ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠨᠢᠩᠰᠢᠶᠠ᠂ ᠱᠠᠨᠰᠢ ᠯᠤᠭ᠎ᠠ ᠬᠥᠨᠳᠡᠯᠡᠨ ᠴᠢᠭᠯᠡᠯ ᠤᠨ ᠠᠮᠢ ᠠᠬᠤᠢ ᠶᠢᠨ ᠨᠥᠬᠦᠪᠦᠷᠢ ᠶᠢᠨ ᠵᠥᠪᠯᠡᠯᠴᠡᠭᠡᠷ ᠲᠣᠭᠲᠠᠵᠤ᠂ ᠬᠠᠲᠤᠨ ᠭᠤᠣᠯ ᠳᠠᠭᠠᠤ ᠭᠠᠵᠠᠷ ᠣᠷᠣᠨ ᠤ ᠠᠮᠢ ᠠᠬᠤᠢ ᠶᠢᠨ ᠳᠦᠷᠰᠦ ᠪᠠᠶᠢᠳᠠᠯ ᠳᠤ ᠢᠳᠡᠪᠬᠢᠲᠡᠢ ᠬᠤᠪᠢᠷᠠᠯᠲᠠ ᠭᠠᠷᠬᠤ ᠶᠢ ᠠᠬᠢᠭᠤᠯᠵᠠᠢ᠃ ᠬᠠᠲᠤᠨ ᠭᠤᠣᠯ ᠤᠨ ᠭᠤᠣᠯ ᠤᠷᠤᠰᠬᠠᠯ ᠤᠨ ᠥᠪᠥᠷ ᠮᠣᠩᠭᠤᠯ ᠤᠨ ᠬᠡᠰᠡᠭ ᠤᠨ ᠤᠰᠤᠨ ᠤ ᠴᠢᠨᠠᠷ 5 ᠵᠢᠯ ᠳᠠᠷᠠᠭᠠᠯᠠᠨⅡ ᠲᠥᠷᠥᠯ ᠤᠨ ᠰᠢᠯᠢᠳᠡᠭ ᠰᠠᠶᠢᠨ ᠲᠦᠪᠰᠢᠨ ᠳᠤ ᠬᠦᠷᠴᠦ᠂ ᠤᠯᠤᠰ ᠤᠨ ᠭᠠᠵᠠᠷ ᠳᠡᠭᠡᠷᠡᠬᠢ ᠤᠰᠤ ᠶᠢ ᠬᠢᠨᠠᠨ ᠰᠢᠯᠭᠠᠬᠤ ᠣᠭᠲᠣᠯᠣᠭᠠᠰᠤ ᠶᠢᠨ ᠤᠰᠤᠨ ᠤ ᠴᠢᠨᠠᠷ ᠤᠨ ᠪᠠᠷᠢᠮᠵᠢᠶ᠎ᠠ ᠳᠤ ᠭᠦᠷᠦᠭᠰᠡᠨ ᠨᠣᠷᠮ᠎ᠠ 100% ᠳᠤ ᠬᠦᠷᠴᠡᠢ᠃ ᠪᠦᠭᠦ ᠤᠯᠤᠰ ᠤᠨ ᠠᠩᠬᠠᠳᠠᠭᠴᠢ ︽ᠡᠯᠡᠰᠦ ᠶᠢ ᠬᠠᠰᠢᠵᠤ ᠤᠰᠤ ᠰᠣᠯᠢᠬᠤ︾ ᠲᠤᠷᠰᠢᠯᠲᠠ ᠶᠢᠨ ᠢᠨᠵᠧᠨᠧᠷᠢᠩ ᠢ ᠪᠠᠶᠢᠭᠤᠯᠤᠨ ᠳᠠᠭᠤᠰᠬᠠᠵᠤ᠂ ᠣᠷᠳᠣᠰ ᠬᠤᠲᠠ ᠶᠢᠨ ᠬᠢᠯᠢ ᠳᠣᠲᠣᠷᠠᠬᠢ ︽ᠠᠷᠪᠠᠨ ᠲᠣᠮᠣ ᠬᠥᠨᠳᠡᠢ︾ ᠶᠢᠨ ᠬᠠᠲᠤᠨ ᠭᠤᠣᠯ ᠤᠨ ᠡᠯᠡᠰᠦ ᠰᠢᠪᠠᠷ ᠤᠨ ᠬᠡᠮᠵᠢᠶ᠎ᠡ 2000 ᠣᠨ ᠠᠴᠠ ᠡᠮᠦᠨ᠎ᠡ ᠵᠢᠯ ᠳᠤᠮᠳᠠᠴᠢ ᠪᠠᠷ 2700 ᠭᠠᠷᠤᠢ ᠲᠦᠮᠡᠨ ᠲᠣᠨ ᠪᠠᠶᠢᠭᠰᠠᠨ ᠠᠴᠠ ᠪᠠᠨ ᠪᠠᠭᠤᠷᠠᠭᠠᠳ ᠣᠲᠣ 400 ᠭᠠᠷᠤᠢ ᠲᠦᠮᠡᠨ ᠲᠣᠨ ᠪᠣᠯᠪᠠ᠃
ᠬᠠᠮᠠᠭᠠᠯᠠᠬᠤ ᠪᠣᠯ ᠬᠥᠭᠵᠢᠯᠲᠡ ᠶᠢᠨ ᠤᠷᠢᠲᠠᠯ ᠮᠥᠨ᠃ ᠥᠨᠥᠳᠥᠷ ᠤᠨ ᠥᠪᠥᠷ ᠮᠣᠩᠭᠤᠯ ᠳᠤ ︽ᠬᠠᠮᠠᠭᠠᠯᠠᠬᠤ︾ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠂ ︽ᠬᠠᠮᠠᠭᠠᠯᠠᠬᠤ︾ ᠡᠷᠴᠢᠮ ᠲᠠᠰᠤᠷᠠᠯᠲᠠ ᠦᠭᠡᠢ ᠴᠢᠩᠭᠠᠷᠠᠵᠤ᠂ ᠠᠮᠢ ᠠᠬᠤᠢ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠡᠳᠦᠷ ᠢᠷᠡᠬᠦᠶ᠎ᠡ ᠳᠡᠭᠡᠭᠰᠢᠯᠡᠵᠦ ᠪᠠᠶᠢᠨ᠎ᠠ᠃ ᠡᠭᠦᠨ ᠤ ᠵᠡᠷᠭᠡ ᠪᠠᠷ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠣᠶ ᠰᠢᠭᠤᠢ ᠨᠤᠲᠤᠭ ᠪᠡᠯᠴᠢᠭᠡᠷ ᠢ ᠰᠦᠢᠳᠬᠡᠬᠦ ᠦᠵᠡᠭᠳᠡᠯ ᠪᠠ ᠠᠮᠢ ᠠᠬᠤᠢ ᠮᠠᠭᠤᠳᠠᠬᠤ᠂ ᠤᠰᠤ ᠰᠢᠷᠣᠢ ᠶᠢᠨ ᠢᠳᠡᠭᠳᠡᠯ ᠵᠡᠷᠭᠡ ᠠᠰᠠᠭᠤᠳᠠᠯ ᠮᠥᠨ ᠬᠦ ᠣᠷᠣᠰᠢᠭᠰᠠᠭᠠᠷ ᠪᠠᠶᠢᠵᠤ᠂ ᠶᠡᠭᠡ ᠬᠦᠴᠦ ᠣᠷᠣᠭᠤᠯᠵᠤ᠂ ᠤᠷᠳᠤ ᠤᠳᠠᠭᠠᠨ ᠵᠢᠳᠬᠦᠯ ᠴᠢᠷᠮᠠᠶᠢᠯᠭ᠎ᠠ ᠭᠠᠷᠭᠠᠵᠤ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠪᠢᠳᠡ ︽ᠬᠠᠮᠠᠭᠠᠯᠠᠬᠤ︾ ᠠᠷᠭ᠎ᠠ ᠶᠢ ᠰᠠᠶᠢᠲᠤᠷ ᠬᠡᠷᠡᠭᠯᠡᠵᠦ᠂ ᠦᠵᠡᠰᠬᠦᠯᠡᠩᠲᠦ ᠰᠠᠶᠢᠬᠠᠨ ᠠᠭᠤᠯᠠ ᠤᠰᠤ ᠰᠠᠶᠢᠨ ᠰᠠᠶᠢᠬᠠᠨ ᠠᠮᠢ ᠠᠬᠤᠢ ᠶᠢ ᠰᠠᠶᠢᠲᠤᠷ ᠰᠠᠬᠢᠨ ᠬᠠᠮᠠᠭᠠᠯᠠᠵᠤ᠂ ︽ᠥᠩᠭᠡ ᠶᠢᠨ ᠴᠡᠴᠡᠭ ᠰᠣᠯᠣᠩᠭᠠᠷᠠᠵᠤ︾᠂ ︽ᠤᠰᠤᠨ ᠪᠣᠯᠣᠷ ᠭᠤᠣᠯ ᠲᠤᠨᠤᠯᠵᠠᠬᠤ︾ ᠦᠵᠡᠰᠬᠦᠯᠡᠩᠲᠦ ᠰᠠᠶᠢᠬᠠᠨ ᠦᠵᠡᠮᠵᠢ ᠶᠢ ᠤᠮᠠᠷᠠᠲᠤ ᠬᠢᠯᠢ ᠳᠤ ᠥᠨᠢᠳᠡ ᠰᠦᠨᠳᠡᠷᠯᠡᠭᠦᠯᠦᠨᠡ᠃
︽ᠵᠠᠰᠠᠯᠲᠠ︾ ᠪᠠᠷ ᠪᠣᠬᠢᠷᠳᠤᠯ ᠦᠭᠡᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠪᠡ
ᠶᠡᠷᠦᠩᠬᠡᠢ ᠱᠦᠵᠢ ᠰᠢ ᠶᠢᠨ ᠫᠢᠩ᠂ ︽ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠳᠤ ᠡᠷᠬᠡᠪᠰᠢ ᠶᠡᠷᠦᠩᠬᠡᠶᠢᠯᠡᠭᠰᠡᠨ ᠵᠠᠰᠠᠯᠲᠠ ᠬᠢᠬᠦ ᠬᠡᠷᠡᠭᠲᠡᠢ︾ ᠭᠡᠵᠦ ᠴᠢᠬᠤᠯᠠᠴᠢᠯᠠᠪᠠ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ᠂ ᠠᠮᠢ ᠠᠬᠤᠢ ᠣᠷᠴᠢᠨ ᠲᠣᠭᠤᠷᠢᠨ ᠤ ᠰᠠᠭᠤᠷᠢ ᠶᠢ ᠬᠠᠮᠠᠭᠠᠯᠠᠨ ᠪᠠᠬᠢᠵᠢᠭᠦᠯᠬᠦ ᠳᠤ ᠲᠦᠰᠢᠭᠯᠡᠬᠦ ᠪᠥᠭᠡᠳ ᠪᠠᠰᠠ ᠠᠮᠢ ᠠᠬᠤᠢ ᠣᠷᠴᠢᠨ ᠲᠣᠭᠤᠷᠢᠨ ᠢ ᠨᠥᠯᠥᠭᠡᠯᠡᠬᠦ ᠡᠪᠡᠷᠰᠢᠶᠡᠯ ᠢ ᠵᠠᠰᠠᠬᠤ ᠳᠤ ᠲᠦᠰᠢᠭᠯᠡᠬᠦ ᠬᠡᠷᠡᠭᠲᠡᠢ᠃ ᠡᠶᠢᠮᠦ ᠠᠴᠠ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ᠪᠢᠳᠡ ᠠᠶᠠᠨᠳᠠᠭᠠᠨ ᠰᠡᠷᠭᠦᠬᠦ ᠪᠠ ᠬᠥᠮᠥᠨ ᠤ ᠬᠦᠴᠦ ᠪᠠᠷ ᠰᠡᠷᠭᠦᠭᠡᠬᠦ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠪᠠ᠃
︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠪᠡ᠃ ᠶᠡᠷᠦᠩᠬᠡᠢ ᠱᠦᠵᠢ ᠰᠢ ᠶᠢᠨ ᠫᠢᠩ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠠᠶᠢᠭᠤᠯᠤᠯᠲᠠ ᠶᠢ ᠢᠮᠠᠭᠲᠠ ᠰᠠᠨᠠᠭᠠᠯᠵᠠᠭᠰᠠᠭᠠᠷ ᠢᠷᠠᠵᠠᠢ᠃ 2023 ᠣᠨ ᠤ 6 ᠰᠠᠷ᠎ᠠ ᠳᠤ᠂ ᠶᠡᠷᠦᠩᠬᠡᠢ ᠱᠦᠵᠢ ᠥᠪᠥᠷ ᠮᠣᠩᠭᠤᠯ ᠳᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠤᠷᠢᠶᠠᠯᠠᠭ᠎ᠠ ᠭᠠᠷᠭᠠᠵᠤ᠂ 10 ᠵᠢᠯ ᠰᠢᠬᠠᠮ ᠤᠨ ᠴᠠᠭ ᠢ ᠬᠡᠷᠡᠭᠰᠡᠵᠦ ᠪᠠᠶᠢᠭᠠᠳ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠳᠠᠮᠵᠢ ᠨᠢ ᠪᠦᠷᠢᠨ ᠲᠡᠭᠦᠯᠳᠡᠷ᠂ ᠡᠪᠳᠡᠷᠡᠰᠢ ᠦᠭᠡᠢ ᠪᠠᠲᠤ ᠪᠠᠬᠢ ᠤᠮᠠᠷᠠᠲᠤ ᠬᠢᠯᠢ ᠶᠢᠨ ᠪᠣᠬᠢᠷᠳᠤᠯ ᠦᠭᠡᠢ ᠣᠷᠳᠣ ᠴᠠᠭᠠᠨ ᠬᠡᠷᠡᠮ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠭᠠᠬᠤ ᠬᠡᠷᠡᠭᠲᠡᠢ ᠭᠡᠵᠦ ᠱᠠᠭᠠᠷᠳᠠᠪᠠ᠃ ᠪᠢᠳᠡ ᠥᠪᠥᠷ ᠮᠣᠩᠭᠤᠯ ᠤᠨ ᠡᠭᠦᠷᠭᠡᠯᠡᠵᠦ ᠪᠠᠶᠢᠭ᠎ᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ 60% ᠶᠢᠨ ᠡᠭᠦᠷᠭᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠵᠢᠯ ᠪᠦᠷᠢ ᠭᠠᠵᠠᠷ ᠭᠡᠰᠬᠦ ᠲᠠᠢ ᠵᠡᠷᠭᠡ ᠪᠠᠷᠠᠭᠤᠨ ᠠᠴᠠ ᠵᠡᠭᠦᠨ᠂ ᠡᠮᠦᠨ᠎ᠡ ᠠᠴᠠ ᠤᠮᠠᠷ᠎ᠠ ᠭᠦᠷᠲᠡᠯ᠎ᠡ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ︽ᠶᠡᠭᠡ ᠬᠠᠮᠲᠤᠷᠠᠭᠰᠠᠨ ᠳᠠᠶᠢᠯᠠᠯᠳᠤᠭᠠᠨ︾ ᠢ ᠪᠦᠭᠦ ᠲᠠᠯ᠎ᠠ ᠪᠠᠷ ᠥᠷᠨᠢᠭᠦᠯᠵᠦ᠂ ᠡᠯᠡᠰᠦᠨ ᠲᠡᠯᠡᠶ ᠳᠤ ᠬᠡᠰᠡᠭ ᠪᠤᠰᠠᠭ ᠦᠷᠭᠦᠯᠵᠢᠯᠡᠭᠰᠡᠨ ᠡᠯᠡᠰᠦᠨ ᠬᠠᠯᠬᠠᠪᠴᠢ ᠭᠠᠷᠭᠠᠵᠤ᠂ ᠮᠤᠷᠤᠯᠵᠠᠨ ᠵᠢᠭᠳᠡᠷᠡᠭᠰᠡᠨ ᠴᠢᠬᠢ ᠮᠣᠳᠣ ᠵᠠᠶᠢᠯᠠᠪᠠ᠃ 2023 ᠣᠨ᠂ 2024 ᠣᠨ ᠳᠤ ᠲᠣᠰ ᠲᠣᠰ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ 950 ᠲᠦᠮᠡᠨ ᠮᠦ᠂ 1954 ᠲᠦᠮᠡᠨ ᠮᠦ ᠳᠤ ᠬᠦᠷᠭᠡᠵᠦ᠂ ᠡᠯᠡᠰᠦ ᠶᠢ ᠵᠠᠰᠠᠬᠤ ᠡᠭᠦᠷᠭᠡ ᠪᠠᠷ ᠨᠡᠯᠢᠶᠡᠳ ᠪᠠᠭ᠎ᠠ 6 ᠬᠤᠰᠢᠭᠤ ᠰᠢᠶᠠᠨ ᠢ ᠪᠦᠭᠦᠨ ᠢ ᠵᠠᠰᠠᠵᠤ ᠳᠠᠭᠤᠰᠬᠠᠨ᠂ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠠᠬᠢᠴᠠ ᠶᠢ 80% ᠳᠤ ᠬᠦᠷᠭᠡᠪᠡ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠵᠦ᠂ 2024 ᠣᠨ ᠳᠤ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠮᠠᠰᠢᠨ ᠴᠣᠭᠴᠠᠯᠠᠪᠤᠷᠢ ᠶᠢ 2727 ᠲᠦᠮᠡᠨ ᠺᠢᠯᠣᠸᠠᠲ ᠪᠠᠶᠢᠭᠤᠯᠵᠤ᠂ 238 ᠲᠦᠮᠡᠨ ᠮᠦ ᠡᠯᠡᠰᠦ ᠶᠢ ᠲᠥᠭᠦᠷᠵᠢᠭᠦᠯᠦᠨ ᠵᠠᠰᠠᠵᠤ᠂ ᠬᠥᠪᠴᠢ ᠶᠢᠨ ᠡᠯᠡᠰᠦ ᠶᠢᠨ ᠬᠠᠲᠤᠨ ᠭᠤᠣᠯ ᠤᠨ ᠣᠷᠣᠨ ᠪᠦᠰᠡ ᠳᠠᠭᠠᠤ ᠨᠢᠭᠡ ᠵᠤᠷᠪᠤᠰ ︽ᠭᠡᠷᠡᠯᠴᠢ ᠴᠡᠨᠡᠭ ᠤᠨ ᠣᠷᠳᠣ ᠴᠠᠭᠠᠨ ᠬᠡᠷᠡᠮ︾ ᠢ ᠪᠠᠶᠢᠭᠤᠯᠵᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ᠂ ᠡᠨᠧᠷᠭᠢ ᠶᠢ ᠨᠡᠮᠡᠭᠳᠡᠭᠦᠯᠬᠦ ᠲᠠᠯ᠎ᠠ ᠪᠠᠷ ᠤᠯᠠᠨ ᠠᠰᠢᠭ ᠢ ᠪᠡᠶᠡᠯᠡᠭᠦᠯᠪᠡ᠃ ᠡᠨᠡ ᠵᠢᠯ 2000 ᠲᠦᠮᠡᠨ ᠮᠦ ᠠᠴᠠ ᠳᠡᠭᠡᠭᠰᠢᠬᠢ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠪᠠᠷ ᠲᠥᠯᠥᠪᠯᠡᠵᠦ᠂ ᠬᠠᠲᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠡᠰᠡᠭ ᠣᠷᠣᠨ ᠳᠤ ᠨᠣᠭᠤᠭᠠᠷᠠᠭᠤᠯᠤᠯᠲᠠ ᠶᠢᠨ ᠪᠦᠰᠡ᠂ ᠨᠦᠯᠦᠮᠡᠯ ᠭᠠᠵᠠᠷ ᠤᠨ ᠬᠠᠰᠢᠯᠭ᠎ᠠ᠂ ᠭᠡᠷᠡᠯᠴᠢ ᠴᠡᠨᠡᠭ ᠤᠨ ᠡᠯᠡᠰᠦ ᠶᠢ ᠵᠠᠰᠠᠬᠤ ᠪᠦᠰᠡ᠂ ᠡᠯᠡᠰᠦ ᠶᠢ ᠡᠮᠵᠢᠶᠡᠷᠢᠯᠡᠬᠦ ᠤᠢ ᠶᠢᠨ ︽ᠳᠥᠷᠪᠡᠨ ᠰᠡᠷᠭᠡᠶᠢᠯᠡᠯᠲᠡ ᠶᠢᠨ ᠱᠤᠭᠤᠮ︾ ᠢ ᠪᠠᠲᠤ ᠪᠠᠬᠢ ᠪᠠᠶᠢᠭᠤᠯᠵᠤ᠂ ᠬᠤᠷᠴᠢᠨ᠂ ᠬᠤᠯᠠᠨ ᠰᠢᠷᠭ᠎ᠠ ᠲᠠᠭ᠎ᠠ ᠶᠢᠨ ᠬᠤᠶᠠᠷ ᠶᠡᠭᠡ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠬᠡᠰᠡᠭ ᠣᠷᠣᠨ ᠳᠤ ︽ᠰᠢᠷᠭᠠᠯ ᠡᠯᠡᠰᠦ ᠶᠢ ᠰᠥᠨᠥᠭᠡᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠵᠢᠯ ᠤᠨ ᠳᠣᠲᠣᠷ᠎ᠠ ᠳᠠᠭᠢᠨ 9 ᠬᠤᠰᠢᠭᠤ ᠰᠢᠶᠠᠨ ᠤ ᠨᠡᠭᠦᠳᠡᠯ ᠡᠯᠡᠰᠦᠷᠬᠡᠭ ᠭᠠᠵᠠᠷ ᠢ ᠪᠦᠭᠦᠨ ᠢ ᠰᠥᠨᠥᠭᠡᠬᠦ ᠪᠠᠷ ᠴᠢᠷᠮᠠᠶᠢᠵᠤ᠂ ᠾᠧᠰᠢ ᠶᠢᠨ ᠬᠤᠩᠭᠢᠯ - ᠲᠠᠺᠯᠢᠮᠠᠺᠠᠨ ᠡᠯᠡᠰᠦᠨ ᠴᠥᠯ ᠤᠨ ᠵᠠᠬ᠎ᠠ ᠭᠦᠪᠡᠭᠡ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠤ ᠬᠡᠰᠡᠭ ᠣᠷᠣᠨ ᠳᠤ ᠪᠠᠳᠠᠢ ᠶᠢᠨ ᠵᠢᠷᠠᠨ᠂ ᠲᠡᠭᠷᠢ᠂ ᠤᠯᠠᠭᠠᠨᠪᠤᠬ᠎ᠠ ᠶᠢᠨ ᠡᠯᠡᠰᠦᠨ ᠤ ᠵᠠᠬ᠎ᠠ ᠭᠦᠪᠡᠭᠡ ᠳᠤ ᠰᠠᠯᠬᠢ ᠶᠢ ᠰᠡᠷᠭᠡᠶᠢᠯᠡᠨ ᠡᠯᠡᠰᠦ ᠶᠢ ᠬᠤᠷᠢᠭᠯᠠᠬᠤ ᠪᠦᠰᠡ ᠶᠢᠨ 431 ᠺᠢᠯᠣᠮᠧᠲᠷ ᠤᠨ ᠲᠠᠰᠤᠯᠳᠠᠯ ᠴᠡᠭ ᠢ ᠨᠥᠬᠦᠪᠦᠷᠢᠯᠡᠵᠦ᠂ ᠭᠤᠷᠪᠠᠨ ᠶᠡᠭᠡ ᠡᠯᠡᠰᠦᠨ ᠳᠤ ︽ᠨᠣᠭᠤᠭᠠᠨ ᠬᠦᠵᠦᠭᠦᠪᠴᠢ︾ ᠵᠡᠭᠦᠯᠭᠡᠪᠡ᠃ ᠨᠢᠭᠡ ᠴᠣᠭᠴᠠᠵᠢᠭᠤᠯᠬᠤ ᠢᠨᠵᠧᠨᠧᠷᠢᠩ ᠳᠤ 1500 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ ᠰᠢᠨ᠎ᠡ ᠪᠠᠷ ᠪᠠᠶᠢᠭᠤᠯᠵᠤ᠂ 140 ᠲᠦᠮᠡᠨ ᠮᠦ ᠠᠴᠠ ᠳᠡᠭᠡᠭᠰᠢ ᠡᠯᠡᠰᠦ ᠶᠢ ᠲᠥᠭᠦᠷᠵᠢᠭᠦᠯᠦᠨ ᠵᠠᠰᠠᠪᠠ᠃
ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠭᠤᠷᠪᠠᠨ ᠶᠡᠭᠡ ᠳᠠᠶᠢᠯᠠᠯᠳᠤᠭᠠᠨ ᠢ ᠰᠠᠶᠢᠲᠤᠷ ᠬᠢᠪᠡ᠃ ᠡᠨᠡ ᠪᠣᠯ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠲᠣᠭᠤᠷᠢᠵᠤ ᠭᠠᠷᠴᠤ ᠳᠡᠶᠢᠯᠭᠦ ᠦᠭᠡᠢ᠂ ᠵᠠᠶᠢᠯᠠᠵᠤ ᠴᠤ ᠳᠡᠶᠢᠯᠭᠦ ᠦᠭᠡᠢ᠂ ᠡᠷᠬᠡᠪᠰᠢ ᠰᠠᠶᠢᠲᠤᠷ ᠬᠢᠬᠦ ᠴᠢᠬᠤᠯᠠᠲᠠᠢ ᠳᠠᠶᠢᠯᠠᠯᠳᠤᠭᠠᠨ ᠪᠣᠯᠣᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠢ ᠬᠢᠴᠢᠶᠡᠩᠭᠦᠶᠢᠯᠡᠨ ᠵᠢᠷᠤᠮᠯᠠᠵᠤ᠂ ᠥᠪᠥᠷ ᠮᠣᠩᠭᠤᠯ ᠤᠨ ᠨᠣᠮᠢᠨ ᠨᠣᠭᠤᠭᠠᠨ᠂ ᠬᠥᠬᠡᠮᠳᠦᠭ ᠴᠡᠩᠬᠡᠷ᠂ ᠠᠷᠢᠭᠤᠨ ᠴᠡᠪᠡᠷ ᠢ ᠡᠷᠡᠰ ᠰᠠᠬᠢᠨ ᠬᠠᠮᠠᠭᠠᠯᠠᠪᠠ᠃ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠲᠠᠯ᠎ᠠ ᠪᠠᠷ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠ ᠣᠯᠠᠨ ᠪᠣᠬᠢᠷᠳᠤᠯ ᠪᠣᠳᠠᠰ ᠢ ᠬᠠᠮᠵᠢᠯᠴᠠᠨ ᠡᠵᠡᠮᠳᠡᠬᠦ ᠶᠢ ᠳᠣᠪᠤᠶᠢᠯᠭᠠᠵᠤ᠂ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ᠂ ᠭᠦᠭᠡᠬᠤᠲᠠ ᠪᠤᠭᠤᠲᠤ ᠣᠷᠳᠣᠰ ᠵᠡᠷᠭᠡ ᠭᠤᠣᠯᠳᠠᠯᠭ᠎ᠠ ᠲᠠᠢ ᠣᠷᠣᠨ ᠪᠦᠰᠡ ᠪᠠᠷ ᠭᠤᠣᠯ ᠲᠡᠶᠢᠨ ᠤ ᠲᠠᠯᠠᠪᠤᠷ ᠪᠤᠯᠭᠠᠵᠤ᠂ ᠨᠠᠮᠤᠷ ᠡᠪᠦᠯ ᠤᠨ ᠤᠯᠠᠷᠢᠯ ᠢᠶᠠᠷ ᠭᠤᠣᠯᠳᠠᠯᠭ᠎ᠠ ᠲᠠᠢ ᠴᠠᠭ ᠬᠤᠭᠤᠴᠠᠭ᠎ᠠ ᠪᠤᠯᠭᠠᠵᠤ᠂ ᠣᠷᠣᠨ ᠪᠦᠰᠡ ᠶᠢᠨ ᠪᠣᠬᠢᠷᠳᠤᠯ ᠢ ᠬᠠᠮᠵᠢᠯᠴᠠᠨ ᠵᠠᠰᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠪᠣᠬᠢᠷᠳᠤᠯ ᠭᠠᠳᠠᠭᠰᠢᠯᠠᠭᠤᠯᠬᠤ ᠶᠢ ᠦᠷᠭᠦᠯᠵᠢᠯᠡᠨ ᠪᠠᠭᠠᠰᠬᠠᠪᠠ᠃ 2024 ᠣᠨ ᠳᠤ ᠪᠦᠭᠦ ᠣᠷᠣᠨ ᠤ ᠨᠠᠮᠤᠷ ᠡᠪᠦᠯ ᠤᠨ ᠤᠯᠠᠷᠢᠯ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 99.2% ᠲᠤ ᠬᠦᠷᠴᠦ᠂ ᠬᠢᠨᠠᠨ ᠬᠡᠮᠵᠢᠭᠰᠡᠨ ᠲᠡᠮᠳᠡᠭᠯᠡᠯ ᠬᠢᠭᠰᠡᠨ ᠠᠴᠠ ᠨᠠᠭᠠᠰᠢᠬᠢ ᠬᠠᠮᠤᠭ ᠤᠨ ᠰᠠᠶᠢᠨ ᠲᠦᠪᠰᠢᠨ ᠢ ᠡᠭᠦᠳᠴᠡᠢ᠃ ᠬᠥᠬᠡᠮᠳᠦᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠤ ᠲᠠᠯ᠎ᠠ ᠪᠠᠷ᠂ ᠤᠰᠤᠨ ᠤ ᠠᠮᠢ ᠠᠬᠤᠢ ᠶᠢᠨ ᠵᠠᠰᠠᠯᠲᠠ ᠶᠢᠨ ᠳᠣᠲᠣᠭᠠᠳᠤ ᠵᠢᠮ᠎ᠡ ᠬᠠᠤᠯᠢ ᠪᠠ ᠵᠢᠮ᠎ᠡ ᠶᠣᠰᠣ ᠶᠢ ᠭᠦᠨᠵᠡᠭᠡᠢ ᠰᠤᠳᠤᠯᠵᠤ᠂ ᠤᠰᠤᠨ ᠤ ᠣᠷᠴᠢᠨ ᠲᠣᠭᠤᠷᠢᠨ ᠤ ᠵᠠᠰᠠᠯᠲᠠ ᠪᠠᠷ ᠭᠤᠣᠯ ᠪᠤᠯᠭᠠᠵᠤ ᠪᠠᠶᠢᠭᠰᠠᠨ ᠠᠴᠠ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠬᠦ ᠲᠡᠶᠢᠰᠢ ᠬᠤᠪᠢᠷᠠᠭᠤᠯᠵᠤ᠂ ᠬᠥᠯᠥᠨ ᠨᠠᠭᠤᠷ᠂ ᠲᠠᠭ᠎ᠠ ᠶᠢᠨ ᠨᠠᠭᠤᠷ ᠤᠨ ᠤᠰᠤᠨ ᠣᠷᠣᠨ ᠤ ᠲᠠᠯᠠᠪᠠᠶ ᠶᠢ ᠵᠦᠢ ᠵᠣᠬᠢᠰᠲᠠᠢ ᠣᠷᠣᠨ ᠪᠠᠶᠢᠷᠢ ᠳᠤ ᠲᠣᠭᠲᠠᠪᠤᠷᠢᠵᠢᠭᠤᠯᠵᠤ᠂ ᠤᠯᠠᠭᠠᠨᠰᠤᠬᠠᠢ ᠨᠠᠭᠤᠷ ᠤᠨ ᠲᠥᠪ ᠤᠨ ᠣᠭᠲᠣᠯᠣᠭᠠᠰᠤ ᠶᠢᠨ ᠤᠰᠤᠨ ᠤ ᠴᠢᠨᠠᠷ ᠢ Ⅳ ᠲᠥᠷᠥᠯ ᠳᠤ ᠬᠦᠷᠭᠡᠵᠦ᠂ ︽ᠬᠥᠯᠥᠨ ᠨᠠᠭᠤᠷ ᠤᠯᠠᠭᠠᠨᠰᠤᠬᠠᠢ ᠳᠠᠭ᠎ᠠ ᠶᠢᠨ ᠨᠠᠭᠤᠷ︾ ᠤᠨ ︽ᠭᠠᠳᠠᠷ ᠳᠦᠷᠢ ᠲᠥᠷᠬᠦ︾ ᠪᠠ ︽ᠳᠣᠲᠣᠭᠠᠳᠤ ᠳᠦᠷᠢ ᠲᠥᠷᠬᠦ︾ ᠶᠢ ᠢᠯᠡᠳᠲᠡ ᠳᠡᠭᠡᠭᠰᠢᠯᠡᠭᠦᠯᠪᠡ᠃ 2024 ᠣᠨ ᠳᠤ᠂ ᠪᠦᠭᠦ ᠣᠷᠣᠨ ᠤ ᠭᠠᠵᠠᠷ ᠳᠡᠭᠡᠷᠡᠬᠢ ᠤᠰᠤᠨ ᠤ ᠤᠯᠤᠰ ᠤᠨ ᠰᠢᠯᠭᠠᠨ ᠪᠠᠶᠢᠴᠠᠭᠠᠯᠲᠠ ᠶᠢᠨ ᠣᠭᠲᠣᠯᠣᠭᠠᠰᠤ ᠶᠢᠨ ᠤᠰᠤᠨ ᠤ ᠴᠢᠨᠠᠷⅢ ᠲᠥᠷᠥᠯ ᠤᠨ ᠤᠰᠤᠨ ᠴᠣᠭᠴᠠ ᠶᠢᠨ ᠬᠠᠷᠢᠴᠠᠯ ᠳᠤ ᠭᠦᠷᠦᠭᠰᠡᠨ ᠪᠤᠶᠤ ᠲᠡᠭᠦᠨ ᠠᠴᠠ ᠰᠠᠶᠢᠨ ᠪᠠᠶᠢᠬᠤ ᠬᠠᠷᠢᠴᠠᠯ ᠨᠢ 80.2% ᠪᠠᠶᠢᠵᠤ᠂ 2014 ᠣᠨ ᠤ ᠬᠢ ᠠᠴᠠ ᠵᠠᠭᠤᠨ ᠤ ᠬᠠᠷᠢᠴᠠᠯ ᠢᠶᠠᠷ 22.5 ᠬᠤᠪᠢ ᠳᠡᠭᠡᠭᠰᠢᠯᠡᠪᠡ᠃ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠲᠠᠯ᠎ᠠ ᠪᠠᠷ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠲᠥᠷᠥᠯ ᠬᠤᠪᠢᠶᠠᠨ ᠬᠠᠮᠢᠶᠠᠷᠬᠤ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠬᠥᠷᠥᠰᠥ ᠰᠢᠷᠣᠢ ᠪᠠ ᠭᠠᠵᠠᠷ ᠳᠣᠣᠷᠠᠬᠢ ᠤᠰᠤᠨ ᠤ ᠪᠣᠬᠢᠷᠳᠤᠯ ᠤᠨ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠴᠢᠩᠭ᠎ᠠ ᠬᠢᠵᠠᠭᠠᠷᠯᠠᠵᠤ᠂ ᠬᠤᠲᠠ ᠬᠥᠳᠡᠭᠡ ᠶᠢᠨ ᠬᠤᠭ ᠨᠣᠪᠰᠢ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠶᠢ ᠠᠬᠢᠭᠤᠯᠵᠤ᠂ ᠤᠰᠤ ᠪᠣᠷᠳᠣᠭᠤᠷ ᠪᠦᠷᠬᠦᠭᠦᠯ ᠡᠮ ︽ᠳᠥᠷᠪᠡ ᠶᠢ ᠡᠵᠡᠮᠳᠡᠬᠦ︾ ᠶᠢ ᠬᠡᠷᠡᠭᠵᠢᠭᠦᠯᠵᠦ᠂ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠶᠢ ᠪᠦᠲᠦᠮᠵᠢᠲᠡᠶ ᠪᠠᠲᠤᠯᠠᠪᠠ᠃
ᠶᠡᠷᠦᠩᠬᠡᠶᠢᠯᠡᠨ ᠵᠠᠰᠠᠬᠤ ᠪᠠᠷ ᠳᠠᠮᠵᠢᠭᠤᠯᠤᠨ᠂ ᠥᠪᠥᠷ ᠮᠣᠩᠭᠤᠯ ᠠᠮᠢ ᠠᠬᠤᠢ ᠶᠢᠨ ᠰᠢᠰᠲ᠋ᠧᠮ ᠤᠨ ︽ᠪᠦᠬᠦᠯᠢ ᠴᠣᠭᠴᠠ ᠪᠠᠷ ᠬᠤᠷᠢᠭᠯᠠᠵᠤ᠂ ᠬᠡᠰᠡᠭ ᠲᠠᠯ᠎ᠠ ᠪᠠᠷ ᠰᠠᠶᠢᠵᠢᠷᠠᠭᠰᠠᠨ︾ ᠬᠤᠪᠢᠷᠠᠯᠲᠠ ᠶᠢ ᠪᠡᠶᠡᠯᠡᠭᠦᠯᠪᠡ᠃ ᠬᠤᠶᠢᠰᠢᠳᠠ ᠮᠥᠨ ᠬᠦ ︽ᠵᠠᠰᠠᠬᠤ︾ ᠶᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠤᠰᠢᠶᠠᠯ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠡᠷᠴᠢ ᠵᠣᠷᠢᠭ ᠢᠶᠠᠨ ᠬᠥᠪᠴᠢᠯᠡᠨ᠂ ᠴᠢᠷᠮᠠᠶᠢᠨ ᠪᠣᠭᠤᠮᠲᠠ ᠰᠢᠪᠲᠤᠯᠵᠤ᠂ ᠨᠡᠩ ᠤᠯᠠᠨ ︽ᠬᠠᠮᠠᠷ ᠬᠠᠳᠬᠤᠬᠤ ᠡᠪᠡᠰᠦ ᠦᠭᠡᠢ ᠭᠠᠵᠠᠷ︾ ᠢ ︽ᠬᠥᠮᠥᠨ ᠤ ᠣᠷᠴᠢᠯᠠᠩ ᠤᠨ ᠨᠣᠭᠤᠭᠠᠨ ᠪᠦᠷᠢᠳᠦ︾ ᠪᠣᠯᠭᠠᠨ᠎ᠠ᠃ ᠨᠠᠷᠢᠯᠢᠭ ᠣᠨᠣᠴᠠᠲᠠᠢ ᠪᠠᠷ ᠪᠣᠬᠢᠷᠳᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠳᠤᠯ ᠢ ᠵᠠᠰᠠᠬᠤ᠂ ᠬᠠᠤᠯᠢ ᠶᠣᠰᠣᠭᠠᠷ ᠪᠣᠬᠢᠷᠳᠤᠯ ᠢ ᠵᠠᠰᠠᠬᠤ ᠶᠢ ᠪᠠᠷᠢᠮᠲᠠᠯᠠᠵᠤ᠂ ᠪᠣᠬᠢᠷᠳᠤᠯ ᠪᠣᠳᠠᠰ ᠢ ᠭᠡᠲᠦ ᠭᠠᠳᠠᠭᠰᠢᠯᠠᠭᠤᠯᠬᠤ᠂ ᠭᠠᠵᠠᠷ ᠳᠣᠣᠷᠠᠬᠢ ᠤᠰᠤ ᠶᠢ ᠭᠡᠲᠦ ᠮᠠᠯᠲᠠᠬᠤ᠂ ᠳᠤᠷ᠎ᠠ ᠪᠠᠷ ᠢᠶᠠᠨ ᠮᠠᠯᠲᠠᠬᠤ ᠵᠡᠷᠭᠡ ᠲᠣᠪᠣᠶᠢᠮ᠎ᠠ ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ᠂ ᠳᠦᠷᠢᠮ ᠲᠣᠭᠲᠠᠭᠠᠯ ᠲᠣᠭᠲᠠᠭᠠᠵᠤ᠂ ᠵᠠᠰᠠᠯᠲᠠ ᠶᠢ ᠲᠡᠭᠦᠯᠳᠡᠷᠵᠢᠭᠦᠯᠦᠨ᠂ ᠥᠪᠥᠷ ᠮᠣᠩᠭᠤᠯ ᠤᠨ ᠡᠬᠡ ᠭᠠᠵᠠᠷ ᠲᠤ ᠬᠥᠬᠡᠮᠳᠦᠭ ᠠᠭᠤᠯᠠ ᠥᠨᠢᠳᠡ ᠰᠦᠨᠳᠡᠷᠯᠡᠵᠦ᠂ ᠨᠣᠮᠢᠨ ᠤᠰᠤ ᠥᠨᠢᠳᠡ ᠤᠷᠤᠰᠴᠤ᠂ ᠠᠭᠤᠷ ᠠᠮᠢᠰᠬᠤᠯ ᠥᠨᠢᠳᠡ ᠰᠢᠨ᠎ᠡ ᠰᠣᠷᠭᠤᠭ ᠪᠠᠶᠢᠬᠤ ᠪᠣᠯᠭᠠᠨ᠎ᠠ᠃
︽ᠬᠤᠪᠢᠷᠠᠭᠤᠯᠤᠯᠲᠠ︾ ᠪᠠᠷ ᠪᠣᠬᠢᠷᠳᠤᠯ ᠦᠭᠡᠢ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠪᠡ
ᠶᠡᠷᠦᠩᠬᠡᠢ ᠱᠦᠵᠢ ᠰᠢ ᠶᠢᠨ ᠫᠢᠩ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠰᠢᠢᠳᠪᠦᠷᠢᠯᠡᠬᠦ ᠦᠨᠳᠦᠰᠦᠨ ᠠᠴᠠ ᠨᠢ ᠵᠠᠰᠠᠬᠤ ᠠᠷᠭ᠎ᠠ ᠪᠣᠳᠣᠯᠭ᠎ᠠ ᠪᠤᠯᠭᠠᠬᠤ ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ 2023 ᠣᠨ ᠤ 6 ᠰᠠᠷ᠎ᠠ ᠳᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ︽ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ︾ ᠭᠡᠵᠦ ᠪᠢᠳᠡᠨ ᠳᠤ ᠱᠠᠭᠠᠷᠳᠠᠪᠠ᠃ ᠥᠪᠥᠷ ᠮᠣᠩᠭᠤᠯ ᠳᠤ ᠠᠪᠴᠤ ᠬᠡᠯᠡᠪᠡᠯ᠂ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢᠨ ᠴᠠᠭ ᠦᠶ᠎ᠡ ᠶᠢᠨ ᠬᠠᠭᠤᠳᠠᠰᠤ ᠶᠢ ᠰᠠᠶᠢᠲᠤᠷ ᠬᠠᠷᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠡᠷᠲᠡ ᠬᠤᠪᠢᠷᠠᠭᠤᠯᠪᠠᠯ ᠡᠷᠲᠡ ᠦᠷ᠎ᠡ ᠪᠦᠲᠦᠮᠵᠢ ᠣᠯᠬᠤ᠂ ᠡᠷᠲᠡ ᠰᠠᠨᠠᠭᠠᠴᠢᠯᠠᠭᠠᠲᠤ ᠡᠷᠬᠡ ᠶᠢ ᠣᠯᠵᠤ᠂ ᠠᠯᠭᠤᠷ ᠬᠤᠪᠢᠷᠠᠭᠤᠯᠪᠠᠯ ᠠᠰᠠᠭᠤᠳᠠᠯ ᠨᠠᠩ ᠣᠯᠠᠨ ᠬᠤᠷᠠᠮᠳᠤᠬᠤ ᠪᠣᠯᠵᠤ᠂ ᠬᠤᠶᠢᠰᠢᠳᠠ ᠶᠢᠨ ᠬᠥᠭᠵᠢᠯᠲᠡ ᠨᠠᠩ ᠰᠠᠨᠠᠭᠠᠴᠢᠯᠠᠭ᠎ᠠ ᠦᠭᠡᠢ ᠪᠠᠶᠢᠳᠠᠯ ᠳᠤ ᠣᠷᠣᠬᠤ ᠪᠣᠯᠣᠨ᠎ᠠ᠃ ᠪᠢᠳᠡ ᠠᠵᠤ ᠦᠢᠯᠡᠰ ᠢ ᠠᠮᠢ ᠠᠬᠤᠶᠢᠵᠢᠭᠤᠯᠬᠤ ᠪᠠ ᠠᠮᠢ ᠠᠬᠤᠢ ᠶᠢ ᠠᠵᠤ ᠦᠢᠯᠡᠰᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ 2024 ᠣᠨ ᠳᠤ ᠪᠦᠭᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 5.8% ᠪᠠᠷ ᠨᠡᠮᠡᠭᠳᠡᠵᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ 2.6 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠪᠦᠭᠦ ᠤᠯᠤᠰ ᠤᠨ ᠳᠤᠮᠳᠠ ᠲᠦᠪᠰᠢᠨ ᠳᠤ ᠣᠷᠣᠪᠠ᠃
ᠪᠣᠬᠢᠷᠳᠤᠯ ᠦᠭᠡᠢ ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠪᠠ᠃ ᠥᠪᠥᠷ ᠮᠣᠩᠭᠤᠯ ᠤᠨ ᠨᠡᠭᠦᠷᠡᠰᠦᠨ ᠤ ᠬᠠᠳᠠᠭᠠᠯᠠᠭᠳᠠᠴᠠ ᠪᠠ ᠭᠠᠷᠤᠯᠲᠠ ᠴᠥᠮ ᠪᠦᠭᠦ ᠤᠯᠤᠰ ᠤᠨ 1/4 ᠶᠢ ᠳᠠᠪᠠᠵᠤ᠂ ᠰᠠᠯᠬᠢᠨ ᠤ ᠡᠨᠧᠷᠭᠢ᠂ ᠨᠡᠷᠡᠨ ᠤ ᠡᠨᠧᠷᠭᠢ ᠶᠢᠨ ᠮᠡᠷᠭᠡᠵᠢᠯ ᠤᠨ ᠨᠡᠭᠡᠭᠡᠨ ᠠᠰᠢᠭᠯᠠᠵᠤ ᠪᠤᠯᠬᠤ ᠬᠡᠮᠵᠢᠶ᠎ᠡ ᠲᠣᠰ ᠲᠣᠰ ᠪᠦᠭᠦ ᠤᠯᠤᠰ ᠤᠨ 1/2 ᠪᠠ 1/5 ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠡᠷᠡᠭᠲᠡᠢ︾ ᠭᠡᠰᠡᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠶᠡᠭᠡ ᠪᠠᠷ ᠠᠬᠢᠭᠤᠯᠵᠤ᠂ ᠨᠡᠭᠦᠷᠡᠰᠦ ᠪᠠᠷ ᠴᠠᠭᠢᠯᠭᠠᠨ ᠭᠠᠷᠭᠠᠬᠤ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠪᠡᠶᠡᠯᠡᠭᠦᠯᠬᠦ ᠶᠢᠨ ᠬᠠᠮᠲᠤ᠂ ︽ᠨᠡᠭᠦᠷᠡᠰᠦ ᠪᠠᠷ ᠲᠦᠷᠦᠭᠦᠯᠡᠭᠦᠯᠵᠦ ᠬᠢᠮᠢ ᠶᠢᠨ ᠠᠵᠤ ᠦᠢᠯᠡᠳᠪᠦᠷᠢ ᠶᠢ ᠬᠠᠪᠰᠤᠷᠭᠠᠬᠤ︾ ᠶᠢ ᠣᠨᠢᠯᠠᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠲᠦᠷᠭᠡᠨ ᠬᠥᠭᠵᠢᠭᠦᠯᠵᠦ᠂ ᠤᠯᠤᠰ ᠤᠨ ᠳᠣᠲᠣᠭᠠᠳᠤ ᠶᠢᠨ ᠬᠡᠪᠴᠢᠶ᠎ᠡ ᠪᠠᠷ ᠬᠠᠮᠤᠭ ᠤᠨ ᠶᠡᠭᠡ᠂ ᠲᠦᠷᠦᠯ ᠵᠦᠢᠯ ᠢᠶᠠᠷ ᠬᠠᠮᠤᠭ ᠤᠨ ᠪᠦᠷᠢᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠢ ᠪᠠᠶᠢᠭᠤᠯᠵᠤ᠂ ᠨᠡᠭᠦᠷᠡᠰᠦᠨ ᠤ ᠠᠵᠤ ᠦᠢᠯᠡᠰ ᠤᠨ ᠬᠡᠯᠬᠢᠶ᠎ᠡ ᠶᠢ ᠠᠬᠢᠨ ᠲᠠᠭᠢᠨ ᠤᠷᠲᠤᠳᠬᠠᠵᠤ᠂ ︽ᠨᠢᠭᠡ ᠬᠡᠰᠡᠭ ᠨᠡᠭᠦᠷᠡᠰᠦ ᠶᠢ ᠨᠢᠭᠡ ᠪᠠᠭᠴᠠ ᠰᠢᠷᠬᠡᠭ᠂ ᠨᠢᠭᠡ ᠰᠢᠷᠬᠡᠭ ᠪᠥᠰ︾ ᠪᠤᠯᠭᠠᠬᠤ ᠬᠤᠪᠢᠷᠠᠯᠲᠠ ᠶᠢ ᠠᠩᠬ᠎ᠠ ᠠᠯᠬᠤᠮ ᠪᠡᠶᠡᠯᠡᠭᠦᠯᠪᠡ᠃ ︽ᠰᠠᠯᠬᠢ ᠭᠡᠷᠡᠯ ᠤᠨ ᠡᠨᠧᠷᠭᠢ ᠶᠢ ᠠᠰᠢᠭᠯᠠᠵᠤ︾ ᠶᠡᠭᠡ ᠬᠡᠪᠴᠢᠶ᠎ᠡ ᠪᠠᠷ ᠥᠨᠳᠥᠷ ᠬᠠᠷᠢᠴᠠᠯ ᠢᠶᠠᠷ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ᠂ ︽ᠡᠯᠡᠰᠦ ᠭᠤᠪᠢ ᠴᠦᠯ︾ ᠤᠨ ᠲᠣᠮᠣ ᠰᠠᠭᠤᠷᠢᠨ ᠢ ᠪᠦᠭᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ 2024 ᠣᠨ ᠤ ᠰᠡᠭᠦᠯᠴᠢ ᠪᠤᠯᠲᠠᠯ᠎ᠠ ᠪᠦᠭᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 1.35 ᠳ᠋ᠦᠩᠰᠢᠭᠤᠷ ᠺᠢᠯᠣᠸᠠᠲ ᠲᠤ ᠬᠦᠷᠴᠦ᠂ ᠢᠯᠴᠢ ᠶᠢᠨ ᠴᠠᠭᠢᠯᠭᠠᠨ ᠤ ᠮᠠᠰᠢᠨ ᠴᠣᠭᠴᠠᠯᠠᠪᠤᠷᠢ ᠠᠴᠠ ᠳᠠᠪᠠᠵᠤ᠂ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ ᠮᠠᠰᠢᠨ ᠴᠣᠭᠴᠠᠯᠠᠪᠤᠷᠢ 1000 ᠲᠦᠮᠡᠨ ᠺᠢᠯᠣᠸᠠᠲ ᠢ ᠳᠠᠪᠠᠵᠤ᠂ ᠪᠣᠬᠢᠷᠳᠤᠯ ᠦᠭᠡᠢ ᠤᠰᠤᠲᠥ᠋ᠷᠥᠭᠴᠢᠲᠤ ᠦᠢᠯᠡᠳᠪᠦᠷᠢᠯᠡᠯ ᠤᠨ ᠴᠢᠳᠠᠪᠤᠷᠢ 6 ᠲᠦᠮᠡᠨ ᠲᠣᠨ ᠳᠤ ᠬᠦᠷᠴᠦ᠂ ᠰᠢᠨ᠎ᠡ ᠡᠨᠧᠷᠭᠢ ᠪᠠᠷ ᠭᠤᠣᠯ ᠴᠣᠭᠴᠠ ᠪᠤᠯᠭᠠᠬᠰᠠᠨ ᠡᠨᠧᠷᠭᠢ ᠶᠢᠨ ᠬᠠᠩᠭᠠᠯᠭ᠎ᠠ ᠶᠢᠨ ᠰᠢᠰᠲ᠋ᠧᠮ ᠪᠠ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠪᠠᠶᠢᠭᠤᠯᠪᠠ᠃ ᠪᠣᠬᠢᠷᠳᠤᠯ ᠦᠭᠡᠢ ᠴᠠᠭᠢᠯᠭᠠᠨ ᠤ ᠪᠠᠭᠲᠠᠭᠠᠨ ᠰᠢᠩᠭᠡᠭᠡᠬᠦ ᠰᠢᠰᠲ᠋ᠧᠮ ᠢ ᠲᠡᠭᠦᠯᠳᠡᠷᠵᠢᠭᠦᠯᠵᠦ᠂ ᠰᠢᠨ᠎ᠡ ᠡᠨᠧᠷᠭᠢ ᠶᠢᠨ ᠠᠰᠢᠭᠯᠠᠯᠲᠠ ᠶᠢᠨ ᠨᠤᠷᠮ᠎ᠠ ᠶᠢ 94% ᠳᠤ ᠬᠦᠷᠭᠡᠵᠦ᠂ ᠪᠣᠬᠢᠷᠳᠤᠯ ᠦᠭᠡᠢ ᠴᠠᠭᠢᠯᠭᠠᠨ ᠤ ᠬᠡᠷᠡᠭᠯᠡᠭᠡ ᠨᠢ ᠴᠠᠭᠢᠯᠭᠠᠨ ᠬᠡᠷᠡᠭᠯᠡᠬᠦ ᠬᠡᠮᠵᠢᠶ᠎ᠡ ᠶᠢᠨ 30% ᠳᠤ ᠣᠶᠢᠷᠠᠲᠤᠪᠠ᠃ ᠮᠤᠵᠢ ᠠᠯᠤᠰᠯᠠᠭᠰᠠᠨ ᠣᠨᠴᠠ ᠥᠨᠳᠥᠷ ᠬᠦᠴᠦᠳᠡᠯᠲᠦ ᠪᠣᠬᠢᠷᠳᠤᠯ ᠦᠭᠡᠢ ᠴᠠᠭᠢᠯᠭᠠᠨ ᠤ ᠠᠷᠠᠯᠵᠢᠶ᠎ᠠ ᠶᠢ ᠢᠳᠡᠪᠬᠢᠲᠡᠢ ᠥᠷᠨᠢᠭᠦᠯᠵᠦ᠂ 5 ᠮᠤᠵᠢ ᠣᠷᠣᠨ ᠲᠠᠢ ᠪᠣᠬᠢᠷᠳᠤᠯ ᠦᠭᠡᠢ ᠴᠠᠭᠢᠯᠭᠠᠨ ᠢ ᠭᠠᠳᠠᠭᠰᠢ ᠬᠦᠷᠭᠡᠬᠦ ᠠᠷᠠᠯᠵᠢᠶᠠᠨ ᠤ ᠬᠠᠮᠲᠤᠷᠠᠯᠴᠠᠭ᠎ᠠ ᠪᠠᠶᠢᠭᠤᠯᠵᠤ᠂ ᠠᠷᠠᠯᠵᠢᠶᠠᠨ ᠤ ᠬᠡᠪᠴᠢᠶ᠎ᠡ 762 ᠳ᠋ᠦᠩᠰᠢᠭᠤᠷ ᠭᠷᠡᠳᠦ᠋ᠰ ᠲᠤ ᠭᠦᠷᠪᠡ᠃
ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠠᠬᠢᠭᠤᠯᠪᠠ᠃ ᠥᠪᠥᠷ ᠮᠣᠩᠭᠤᠯ ᠤᠨ ᠤᠯᠠᠮᠵᠢᠯᠠᠯᠲᠤ ᠠᠵᠤ ᠦᠢᠯᠡᠰ ᠣᠯᠠᠨ᠂ ᠰᠢᠨ᠎ᠡ ᠪᠠᠷ ᠮᠠᠨᠳᠤᠭᠰᠠᠨ ᠠᠵᠤ ᠦᠢᠯᠡᠰ ᠴᠥᠭᠡᠨ᠂ ᠳᠣᠣᠷᠠᠳᠤ ᠲᠠᠰ ᠤᠨ ᠠᠵᠤ ᠦᠢᠯᠡᠰ ᠣᠯᠠᠨ᠂ ᠳᠡᠭᠡᠳᠦ ᠲᠠᠰ ᠤᠨ ᠠᠵᠤ ᠦᠢᠯᠡᠰ ᠴᠥᠭᠡᠨ᠂ ᠡᠬᠢ ᠪᠠᠶᠠᠯᠢᠭ ᠤᠨ ᠭᠡᠯᠪᠡᠷᠢ ᠶᠢᠨ ᠠᠵᠤ ᠦᠢᠯᠡᠰ ᠣᠯᠠᠨ᠂ ᠥᠨᠳᠥᠷ ᠨᠡᠮᠡᠯᠲᠡ ᠥᠷᠲᠡᠭᠲᠦ ᠠᠵᠤ ᠦᠢᠯᠡᠰ ᠴᠥᠭᠡᠨ᠂ ᠭᠦᠳᠡᠯᠮᠦᠷᠢ ᠨᠢᠭᠲᠠᠷᠠᠭᠰᠠᠨ ᠠᠵᠤ ᠦᠢᠯᠡᠰ ᠣᠯᠠᠨ᠂ ᠬᠥᠷᠥᠩᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠨᠢᠭᠲᠠᠷᠠᠭᠰᠠᠨ ᠠᠵᠤ ᠦᠢᠯᠡᠰ ᠴᠥᠭᠡᠨ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ︽ᠥᠪᠥᠷ ᠮᠣᠩᠭᠤᠯ ᠤᠨ ᠥᠪᠡᠷᠮᠢᠴᠡ ᠳᠠᠪᠠᠭᠤᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ︾ ᠭᠡᠵᠦ ᠱᠠᠭᠠᠷᠳᠠᠭᠰᠠᠨ ᠨᠢ ᠪᠢᠳᠡᠨ ᠤ ᠠᠵᠤ ᠠᠬᠤᠢ ᠶᠢᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠶᠢ ᠠᠬᠢᠭᠤᠯᠬᠤ ᠳᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠬᠠᠩᠭᠠᠪᠠ᠃ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ︽9 + 5 + 3︾ ᠶᠢᠨ ᠢᠷᠡᠭᠡᠳᠦᠢ ᠶᠢᠨ ᠠᠵᠤ ᠦᠢᠯᠡᠰ ᠤᠨ ᠱᠠᠲᠤᠯᠢᠭ ᠪᠣᠶᠢᠵᠢᠭᠤᠯᠤᠨ ᠬᠥᠭᠵᠢᠭᠦᠯᠬᠦ ᠪᠠᠶᠢᠷᠢᠰᠢᠯ ᠢ ᠪᠠᠶᠢᠭᠤᠯᠵᠤ᠂ ︽9︾ ᠭᠡᠳᠡᠭ ᠨᠢ ᠳᠠᠷᠤᠢ ᠨᠡᠭᠦᠷᠡᠰᠦᠨ ᠡᠯᠧᠮᠧᠨ᠋ᠲ ᠢᠶᠠᠷ ᠰᠠᠭᠤᠷᠢ ᠪᠤᠯᠭᠠᠬᠰᠠᠨ ᠨᠢᠭᠡᠳᠪᠦᠷᠢ ᠪᠠ ᠰᠢᠨ᠎ᠡ ᠮᠠᠲ᠋ᠧᠷᠢᠶᠠᠯ᠂ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠤᠰᠤᠲᠥ᠋ᠷᠥᠭᠴᠢ ᠡᠨᠧᠷᠭᠢ᠂ ᠰᠢᠨ᠎ᠡ ᠭᠡᠯᠪᠡᠷᠢ ᠶᠢᠨ ᠨᠥᠭᠡᠴᠡ ᠡᠨᠧᠷᠭᠢ᠂ ᠪᠣᠳᠣᠯᠲᠠ ᠶᠢᠨ ᠬᠦᠴᠦᠨ ᠤ ᠲᠣᠣᠷ ᠵᠡᠷᠭᠡ 9 ᠶᠡᠭᠡ ᠳᠠᠪᠠᠭᠤᠯᠢᠭ ᠠᠵᠤ ᠦᠢᠯᠡᠰ ᠢ ᠤᠷᠢᠳ ᠢᠶᠠᠷ ᠬᠥᠭᠵᠢᠭᠦᠯᠵᠦ᠂ ︽5︾ ᠭᠡᠳᠡᠭ ᠨᠢ ᠳᠠᠷᠤᠢ ᠠᠮᠢᠳᠤ ᠪᠣᠳᠠᠰ ᠤᠨ ᠮᠠᠰ ᠤᠨ ᠪᠣᠬᠢᠷᠳᠤᠯ ᠦᠭᠡᠢ ᠡᠨᠧᠷᠭᠢ᠂ ᠨᠡᠮᠡᠯᠲᠡ ᠮᠠᠲ᠋ᠧᠷᠢᠶᠠᠯ ᠦᠢᠯᠡᠳᠬᠦ ᠵᠡᠷᠭᠡ 5 ᠶᠡᠭᠡ ᠳᠠᠯᠳᠠ ᠬᠦᠴᠦᠨ ᠲᠠᠢ ᠠᠵᠤ ᠦᠢᠯᠡᠰ ᠢ ᠲᠦᠷᠭᠡᠳᠬᠡᠨ ᠪᠣᠶᠢᠵᠢᠭᠤᠯᠵᠤ᠂ ︽3︾ ᠭᠡᠳᠡᠭ ᠨᠢ ᠭᠡᠳᠦ ᠳᠠᠮᠵᠢᠭᠤᠯᠭ᠎ᠠ ᠶᠢᠨ ᠮᠠᠲ᠋ᠧᠷᠢᠶᠠᠯ᠂ ᠣᠭᠤᠰᠣᠷ ᠦᠭᠡᠢ ᠶᠢᠷᠲᠢᠨᠴᠦ᠂ ᠲᠡᠷᠢᠭᠦᠨ ᠤ ᠴᠥᠮ᠎ᠡ ᠶᠢᠨ ᠡᠨᠧᠷᠭᠢ ᠵᠡᠷᠭᠡ 3 ᠶᠡᠭᠡ ᠪᠠᠷᠠᠯᠠᠯᠳᠤ ᠭᠡᠯᠪᠡᠷᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠤᠨ᠎ᠠ᠃ 2024 ᠣᠨ ᠳᠤ ᠨᠡᠭᠦᠷᠡᠰᠦᠨ ᠤ ᠪᠤᠰᠤ ᠠᠵᠤ ᠦᠢᠯᠡᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠡᠵᠡᠯᠡᠬᠦ ᠬᠤᠪᠢ ᠶᠢᠨ ᠵᠢᠩ 60% ᠠᠴᠠ ᠳᠡᠭᠡᠭᠰᠢ ᠳᠤ ᠬᠦᠷᠴᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠲᠣᠨᠣᠭᠯᠠᠯ ᠦᠢᠯᠡᠳᠬᠦ ᠦᠢᠯᠡᠰ ᠤᠨ ᠬᠡᠪᠴᠢᠶ᠎ᠡ ᠴᠥᠮ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠦᠷᠭᠦᠯᠵᠢᠯᠡᠨ ᠡᠯᠪᠡᠭ ᠲᠣᠭᠲᠠᠭᠤᠨ ᠪᠠᠶᠢᠵᠤ᠂ ᠠᠮᠤ ᠪᠤᠳᠠᠭᠠᠨ ᠤ ᠤᠨᠠᠯᠲᠠ 800 ᠳ᠋ᠦᠩᠰᠢᠭᠤᠷ ᠵᠢᠩ ᠢ ᠳᠠᠪᠠᠵᠤ᠂ ᠦᠬᠡᠷ ᠤᠨ ᠮᠢᠬ᠎ᠠ᠂ ᠬᠤᠨᠢᠨ ᠮᠢᠬ᠎ᠠ᠂ ᠦᠨᠢᠶᠡᠨ ᠰᠦ᠂ ᠢᠮᠠᠭᠠᠨ ᠨᠣᠣᠯᠣᠭᠤᠷ ᠤᠨ ᠭᠠᠷᠤᠯᠲᠠ ᠪᠦᠭᠦ ᠤᠯᠤᠰ ᠲᠤ ᠲᠦᠷᠦᠭᠦᠯᠡᠪᠡ᠃ ᠬᠤᠪᠣᠷ ᠰᠢᠷᠣᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠴᠢᠨᠠᠷᠲᠠᠢ ᠨᠡᠭᠡᠭᠡᠯᠲᠡ᠂ ᠴᠢᠨᠠᠷᠵᠢᠭᠤᠨ ᠠᠰᠢᠭᠯᠠᠯᠲᠠ᠂ ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠵᠤ᠂ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ 1000 ᠳ᠋ᠦᠩᠰᠢᠭᠤᠷ ᠲᠥᠭᠦᠷᠢᠭ ᠢ ᠳᠠᠪᠠᠪᠠ᠃ ᠲᠣᠭᠠᠴᠢᠯᠠᠭᠰᠠᠨ ᠠᠵᠤ ᠠᠬᠤᠢ ᠶᠢᠨ ᠳᠠᠪᠠᠭᠤᠯᠢᠭ ᠠᠭᠠᠵᠢᠮ ᠢᠶᠠᠷ ᠢᠯᠡᠷᠡᠵᠦ᠂ ᠪᠦᠭᠦ ᠣᠷᠣᠨ ᠤ ᠪᠣᠳᠣᠯᠲᠠ ᠶᠢᠨ ᠬᠦᠴᠦᠨ ᠤ ᠬᠡᠪᠴᠢᠶ᠎ᠡ 12.6 ᠲᠦᠮᠡᠨ P᠂ ᠡᠭᠦᠨ ᠳᠤ ᠣᠶᠤᠨᠲᠤ ᠪᠣᠳᠣᠯᠲᠠ ᠶᠢᠨ ᠬᠡᠪᠴᠢᠶ᠎ᠡ 11.6 ᠲᠦᠮᠡᠨ P ᠪᠤᠶ᠃ 2024 ᠣᠨ ᠳᠤ ᠰᠦ ᠶᠢᠨ ᠦᠢᠯᠡᠰ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠤᠯᠤᠰ ᠤᠨ ᠲᠠᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠳᠤ ᠰᠣᠩᠭᠤᠭᠳᠠᠪᠠ᠃
ᠡᠬᠢ ᠪᠠᠶᠠᠯᠢᠭ ᠢ ᠪᠦᠭᠦ ᠲᠠᠯ᠎ᠠ ᠪᠠᠷ ᠠᠷᠪᠢᠯᠠᠨ ᠠᠰᠢᠭᠯᠠᠬᠤ ᠶᠢ ᠠᠬᠢᠭᠤᠯᠪᠠ᠃ ᠪᠢᠳᠡ ︽ᠠᠷᠪᠢᠯᠠᠨ ᠭᠠᠮᠨᠠᠬᠤ ᠪᠣᠯ ᠳᠠᠷᠤᠢ ᠨᠡᠮᠡᠭᠳᠡᠯ᠂ ᠬᠤᠬᠢᠷᠠᠯ ᠢ ᠪᠠᠭᠠᠰᠬᠠᠬᠤ ᠪᠣᠯ ᠳᠠᠷᠤᠢ ᠤᠨᠠᠯᠲᠠ ᠶᠢᠨ ᠨᠡᠮᠡᠭᠳᠡᠯ᠂ ᠬᠤᠷᠣᠭᠳᠠᠯ ᠢ ᠪᠠᠭᠠᠰᠬᠠᠬᠤ ᠪᠣᠯ ᠳᠠᠷᠤᠢ ᠣᠷᠣᠯᠭ᠎ᠠ ᠶᠢᠨ ᠨᠡᠮᠡᠭᠳᠡᠯ︾ ᠭᠡᠬᠦ ᠲᠠᠨᠢᠯᠲᠠ ᠶᠢ ᠴᠢᠩᠭᠠᠳᠬᠠᠵᠤ᠂ ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠪᠦᠭᠦ ᠨᠡᠶᠢᠭᠡᠮ ᠤᠨ ᠡᠬᠢ ᠪᠠᠶᠠᠯᠢᠭ ᠢ ᠪᠦᠭᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠲᠣᠭᠲᠠᠭᠠᠨ ᠨᠡᠶᠢᠲᠡᠯᠡᠵᠦ᠂ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠭᠦᠢᠴᠡᠳᠬᠡᠯ ᠲᠤᠭ᠎ᠠ ᠶᠢ ᠦᠨᠡᠯᠡᠬᠦ ᠰᠢᠰᠲ᠋ᠧᠮ ᠢ ᠪᠠᠶᠢᠭᠤᠯᠵᠤ᠂ ᠡᠨᠧᠷᠭᠢ᠂ ᠤᠰᠤ᠂ ᠠᠮᠤ ᠪᠤᠳᠠᠭ᠎ᠠ᠂ ᠭᠠᠵᠠᠷ ᠰᠢᠷᠣᠢ᠂ ᠠᠭᠤᠷᠬᠠᠢ᠂ ᠮᠠᠲ᠋ᠧᠷᠢᠶᠠᠯ ᠵᠡᠷᠭᠡ ᠡᠯ᠎ᠡ ᠬᠦᠷᠢᠶᠡᠨ ᠤ ᠠᠷᠪᠢᠯᠠᠯᠲᠠ ᠶᠢ ᠪᠦᠭᠦ ᠲᠠᠯ᠎ᠠ ᠪᠠᠷ ᠴᠢᠩᠭᠠᠳᠬᠠᠪᠠ᠃ ᠵᠥᠪᠰᠢᠶᠡᠷᠡᠬᠦ ᠶᠢ ᠬᠦᠯᠢᠶᠡᠵᠦ ᠪᠠᠶᠢᠭ᠎ᠠ ᠲᠥᠷᠥᠯ ᠵᠦᠢᠯ᠂ ᠰᠤᠯᠠ ᠪᠠᠶᠢᠭ᠎ᠠ ᠭᠠᠵᠠᠷ ᠰᠢᠷᠣᠢ᠂ ᠨᠥᠭᠡᠴᠡ ᠪᠡᠯᠡ ᠮᠥᠩᠭᠦ᠂ ︽ᠬᠠᠭᠠᠰ ᠳᠤᠲᠠᠭᠤ ᠤᠷᠭᠢᠬᠰᠠᠨ︾ ᠪᠠᠷᠢᠯᠭ᠎ᠠ᠂ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠭᠦᠨ ᠳᠤ 9326 ᠲᠥᠷᠥᠯ ᠵᠦᠢᠯ ᠢ ᠵᠥᠪᠰᠢᠶᠡᠷᠡᠬᠦ ᠶᠣᠰᠣᠲᠠᠢ ᠶᠢ ᠨᠢ ᠪᠦᠭᠦᠨ ᠢ ᠵᠥᠪᠰᠢᠶᠡᠷᠡᠵᠦ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠦᠭᠡᠢ 53.85 ᠲᠦᠮᠡᠨ ᠮᠦ ᠰᠤᠯᠠ ᠪᠠᠶᠢᠭ᠎ᠠ ᠭᠠᠵᠠᠷ ᠰᠢᠷᠣᠢ ᠶᠢ ᠬᠤᠷᠢᠶᠠᠨ ᠠᠪᠤᠭᠰᠠᠨ ᠪᠠ ᠰᠢᠢᠳᠪᠦᠷᠢᠯᠡᠪᠡ᠃ 2024 ᠣᠨ ᠳᠤ 11 ᠳ᠋ᠦᠩᠰᠢᠭᠤᠷ ᠵᠢᠩ ᠠᠴᠠ ᠳᠡᠭᠡᠭᠰᠢ ᠠᠮᠤ ᠪᠤᠳᠠᠭ᠎ᠠ ᠠᠷᠪᠢᠯᠠᠵᠤ᠂ ᠲᠠᠷᠢᠶᠠᠯᠠᠩ ᠤᠨ ᠤᠰᠤ ᠠᠷᠪᠢᠯᠠᠬᠤ ᠬᠡᠮᠵᠢᠶ᠎ᠡ ᠶᠢ 3.8 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠡᠭᠦᠷᠭᠡ ᠶᠢ ᠨᠢᠭᠡ ᠵᠢᠯ ᠤᠷᠢᠳᠴᠢᠯᠠᠨ ᠪᠡᠶᠡᠯᠡᠭᠦᠯᠪᠡ᠃ ︽ᠤᠰᠤ ᠠᠷᠪᠢᠯᠠᠬᠤ ᠠᠵᠢᠯᠯᠠᠭ᠎ᠠ︾ ᠶᠢ ᠬᠡᠷᠡᠭᠵᠢᠭᠦᠯᠵᠦ᠂ ᠡᠨᠡ ᠵᠢᠯ ᠲᠠᠷᠢᠶᠠᠯᠠᠩ ᠤᠨ ᠤᠰᠤ ᠠᠷᠪᠢᠯᠠᠬᠤ ᠬᠡᠮᠵᠢᠶ᠎ᠡ ᠶᠢ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠬᠡᠷᠡᠭᠯᠡᠬᠦ ᠤᠰᠤᠨ ᠤ ᠬᠡᠮᠵᠢᠶ᠎ᠡ ᠶᠢ 2020 ᠣᠨ ᠤ ᠬᠢ ᠠᠴᠠ 13% ᠠᠴᠠ ᠳᠡᠭᠡᠭᠰᠢ ᠪᠠᠭᠠᠰᠬᠠᠵᠤ᠂ ᠬᠠᠲᠤᠨ ᠭᠤᠣᠯ ᠳᠠᠭᠠᠤ ᠬᠤᠲᠠ ᠪᠦᠭᠦᠨ ᠤ ᠤᠰᠤ ᠠᠷᠪᠢᠯᠠᠬᠤ ᠶᠢ ᠪᠠᠷᠢᠮᠵᠢᠶ᠎ᠠ ᠳᠤ ᠬᠦᠷᠭᠡᠬᠦ ᠪᠠᠷ ᠲᠥᠯᠥᠪᠯᠡᠵᠦ ᠪᠠᠶᠢᠨ᠎ᠠ᠃
︽ᠨᠣᠭᠤᠭᠠᠷᠠᠭᠤᠯᠤᠯᠲᠠ ᠬᠢᠵᠦ ᠠᠯᠲᠠ ᠪᠤᠯᠭᠠᠬᠤ︾ ᠠᠵᠢᠯ ᠢ ᠰᠠᠶᠢᠲᠤᠷ ᠬᠢᠪᠡ᠃ ᠨᠣᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠦᠨ ᠬᠠᠶᠢᠷᠬᠠᠨ ᠮᠥᠨ᠂ ᠭᠡᠪᠡᠴᠦ ᠨᠣᠮᠢᠨ ᠤᠰᠤ ᠬᠥᠬᠡᠮᠳᠦᠭ ᠠᠭᠤᠯᠠ ᠨᠢ ᠠᠶᠠᠨᠳᠠᠭᠠᠨ ᠠᠯᠳᠠᠨ ᠠᠭᠤᠯᠠ ᠮᠥᠩᠭᠦᠨ ᠬᠠᠶᠢᠷᠬᠠᠨ ᠪᠣᠯᠣᠨ ᠬᠤᠪᠢᠷᠠᠬᠤ ᠦᠭᠡᠢ ᠶᠤᠮ᠂ ᠵᠠᠩᠭᠢᠯᠠᠭ᠎ᠠ ᠨᠢ ︽ᠨᠣᠭᠤᠭᠠᠷᠠᠭᠤᠯᠤᠯᠲᠠ ᠶᠢ ᠠᠯᠲᠠ ᠪᠤᠯᠭᠠᠬᠤ︾ ᠴᠢᠳᠠᠪᠤᠷᠢ ᠶᠢ ᠡᠵᠡᠮᠰᠢᠬᠦ ᠳᠤ ᠪᠤᠢ᠃ ᠪᠢᠳᠡ ︽ᠠᠯᠳᠠᠨ ᠠᠭᠤᠯᠠ ᠮᠥᠩᠭᠦᠨ ᠬᠠᠶᠢᠷᠬᠠᠨ︾ ᠢ ᠬᠤᠪᠢᠷᠠᠭᠤᠯᠬᠤ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠵᠤ᠂ ᠴᠡᠴᠡᠭ᠂ ᠵᠢᠮᠢᠰ᠂ ᠮᠥᠭᠦ᠂ ᠡᠮ᠂ ᠡᠪᠡᠰᠦ ᠵᠡᠷᠭᠡ ᠣᠨᠴᠠᠯᠢᠭᠲᠤ ᠠᠵᠤ ᠦᠢᠯᠡᠰ ᠢ ᠪᠦᠭᠦ ᠬᠦᠴᠦᠨ ᠢᠶᠠᠷ ᠢᠶᠠᠨ ᠪᠣᠶᠢᠵᠢᠭᠤᠯᠤᠨ ᠪᠤᠵᠠᠭᠠᠶᠢᠷᠠᠭᠤᠯᠵᠤ᠂ 2024 ᠣᠨ ᠳᠤ ᠪᠦᠭᠦ ᠣᠷᠣᠨ ᠤ ᠣᠶ ᠰᠢᠭᠤᠢ ᠡᠪᠡᠰᠦᠨ ᠤ ᠠᠵᠤ ᠦᠢᠯᠡᠰ ᠤᠨ ᠦᠢᠯᠡᠳᠬᠦᠨ ᠤ ᠪᠦᠭᠦ ᠥᠷᠲᠡᠭ 1013 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.2% ᠢᠶᠠᠷ ᠨᠡᠮᠡᠭᠳᠡᠵᠦ᠂ ︽ᠨᠣᠭᠤᠭᠠᠷᠠᠭᠤᠯᠤᠯᠲᠠ ᠶᠢᠨ ᠬᠡᠮᠵᠢᠶ᠎ᠡ︾ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ︽ᠠᠯᠲᠠᠨ ᠤ ᠠᠭᠤᠯᠤᠭᠳᠠᠴᠠ︾ ᠶᠢ ᠨᠡᠮᠡᠭᠳᠡᠭᠦᠯᠪᠡ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠢ ᠬᠦᠴᠦᠯᠡᠨ ᠲᠡᠭᠦᠯᠳᠡᠷᠵᠢᠭᠦᠯᠵᠦ᠂ ᠠᠮᠢ ᠠᠬᠤᠢ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠪᠦᠷᠢᠨᠰᠢᠭᠦᠯᠵᠦ᠂ ᠪᠣᠬᠢᠷᠳᠤᠯ ᠦᠭᠡᠢ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠪᠣᠬᠢᠷᠳᠤᠯ ᠭᠠᠳᠠᠭᠰᠢᠯᠠᠭᠤᠯᠬᠤ ᠡᠷᠬᠡ᠂ ᠤᠰᠤ ᠬᠡᠷᠡᠭᠯᠡᠬᠦ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ ᠶᠡᠬᠡᠪᠡᠷ ᠠᠬᠢᠭᠤᠯᠪᠠ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠢ ᠲᠥᠰᠥᠪᠯᠡᠨ ᠪᠠᠶᠢᠭᠤᠯᠵᠤ᠂ ᠠᠵᠤ ᠦᠢᠯᠡᠳᠪᠦᠷᠢ ᠶᠢᠨ ᠬᠦᠷᠢᠶᠡᠨ ᠳᠠᠬᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠪᠠ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠭᠡᠯᠪᠡᠷᠢ ᠶᠢᠨ ᠬᠤᠪᠢᠷᠠᠭᠤᠯᠤᠯᠲᠠ ᠶᠢ ᠬᠦᠴᠦᠯᠡᠨ ᠠᠬᠢᠭᠤᠯᠵᠤ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠡᠵᠡᠮᠳᠡᠬᠦ︾ ᠶᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ︽ᠬᠤᠶᠠᠷ ᠢ ᠡᠵᠡᠮᠳᠡᠬᠦ︾ ᠲᠡᠶᠢᠰᠢ ᠬᠤᠪᠢᠷᠠᠭᠤᠯᠬᠤ ᠶᠢ ᠠᠬᠢᠭᠤᠯᠪᠠ᠃ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠠᠷᠠᠯᠵᠢᠶ᠎ᠠ ᠶᠢ ᠢᠳᠡᠪᠬᠢᠲᠡᠢ ᠰᠦᠪᠡᠭᠴᠢᠯᠡᠨ ᠬᠥᠭᠵᠢᠭᠦᠯᠵᠦ᠂ 2022 ᠣᠨ ᠠᠴᠠ ᠨᠠᠭᠠᠰᠢ 145 ᠲᠦᠮᠡᠨ ᠲᠣᠨ ᠤ ᠠᠷᠠᠯᠵᠢᠶ᠎ᠠ ᠶᠢ ᠪᠡᠶᠡᠯᠡᠭᠦᠯᠪᠡ᠃
ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠨᠢ ᠨᠢᠭᠡ ᠯᠡ ᠡᠳᠦᠷ ᠲᠤ ᠪᠦᠲᠦᠭᠡᠴᠢᠬᠡᠬᠦ ᠶᠠᠪᠤᠳᠠᠯ ᠪᠢᠰᠢ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠨᠢ ᠴᠦ ᠨᠢᠭᠡ ᠯᠡ ᠳᠡᠭᠡᠷ᠎ᠡ ᠪᠦᠲᠦᠴᠢᠬᠡᠬᠦ ᠶᠠᠪᠤᠳᠠᠯ ᠪᠢᠰᠢ ᠶᠤᠮ᠃ ᠰᠢᠨ᠎ᠡ ᠠᠶᠠᠨ ᠵᠠᠮ ᠳᠤ᠂ ᠪᠢᠳᠡ ︽ᠬᠤᠪᠢᠷᠠᠭᠤᠯᠬᠤ︾ ᠶᠢ ᠡᠴᠦᠰ ᠲᠤᠨᠢ ᠲᠤᠯᠲᠠᠯ᠎ᠠ ᠬᠢᠵᠦ᠂ ᠲᠡᠰᠪᠦᠷᠢ ᠬᠠᠲᠠᠭᠤᠵᠢᠯᠲᠠᠢ ᠪᠠᠷ ᠴᠤᠴᠠᠯᠲᠠ ᠦᠭᠡᠢ ᠤᠷᠤᠭᠰᠢᠯᠠᠵᠤ᠂ ᠵᠣᠷᠢᠭᠰᠠᠨ ᠳᠠᠭᠠᠨ ᠵᠠᠪᠠᠯ ᠬᠦᠷᠬᠦ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠣᠨ ᠲᠡᠰᠪᠦᠷᠢ ᠬᠠᠲᠠᠭᠤᠵᠢᠯᠲᠠᠢ ᠲᠡᠮᠡᠴᠡᠵᠦ᠂ ᠬᠠᠷᠠᠮ ᠦᠭᠡᠢ ᠵᠣᠷᠢᠭᠤᠯᠵᠤ᠂ ᠰᠢᠨᠲᠠᠷᠠᠰᠢ ᠦᠭᠡᠢ ᠴᠢᠷᠮᠠᠶᠢᠵᠤ᠂ ᠤᠷᠳᠤ ᠬᠤᠭᠤᠴᠠᠭ᠎ᠠ ᠪᠠᠷ ᠵᠢᠳᠬᠦᠨ ᠴᠢᠷᠮᠠᠶᠢᠬᠤ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠥᠩᠭᠡ ᠪᠤᠳᠤᠭ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤᠨ ᠳᠤ ᠥᠩᠭᠡ ᠪᠤᠳᠤᠭ ᠨᠡᠮᠡᠷᠢᠯᠡᠬᠦ ᠬᠡᠷᠡᠭᠲᠡᠢ᠃
︵ᠤᠭ ᠵᠣᠬᠢᠶᠠᠯ ᠢ 2025 ᠣᠨ ᠤ 11 ᠳ᠋ᠦ᠋ᠭᠡᠷ ᠬᠤᠭᠤᠴᠠᠭ᠎ᠠ ᠶᠢᠨ ︽ᠦᠨᠡᠨ︾ ᠰᠡᠳᠬᠦᠯ ᠳᠤ ᠨᠡᠶᠢᠲᠡᠯᠡᠪᠡ︶