5 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠮᠡᠳᠡᠭᠳᠡᠯ ᠨᠡᠶᠢᠲᠡᠯᠡᠵᠦ᠂ 2025 ᠣᠨ ᠤ ᠤᠰᠤ ᠠᠷᠪᠢᠯᠠᠬᠤ ᠶᠢᠨ ᠬᠡᠪ ᠳᠠᠭᠤᠷᠢᠶᠠᠯ ᠪᠣᠯᠬᠤᠶᠢᠴᠠ ᠠᠵᠤ ᠠᠬᠤᠶᠢᠯᠠᠯ ᠤᠳ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠤᠳ᠂ ᠤᠰᠤ ᠠᠷᠪᠢᠯᠠᠬᠤ ᠬᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠳ ᠤᠨ ᠨᠡᠷᠡᠰ ᠢ ᠨᠡᠶᠢᠲᠡᠯᠡᠪᠡ᠃
ᠮᠡᠳᠡᠭᠳᠡᠯ ᠳᠤ ᠵᠢᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭᠠᠨ ᠪᠠ ᠠᠵᠤ ᠦᠢᠯᠡᠳᠪᠦᠷᠢ ᠶᠢᠨ ᠤᠰᠤ ᠠᠷᠪᠢᠯᠠᠬᠤ ᠶᠢ ᠳᠡᠭᠡᠭᠰᠢᠯᠡᠭᠦᠯᠬᠦ ᠠᠵᠢᠯᠯᠠᠭᠠᠨ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠦᠢᠯᠡᠳᠬᠦ ᠦᠢᠯᠡᠰ ᠤᠨ ᠬᠦᠷᠢᠶᠡᠨ ᠳᠠᠬᠢ ᠤᠰᠤ ᠠᠷᠪᠢᠯᠠᠵᠤ ᠭᠠᠳᠠᠭᠰᠢᠯᠠᠭᠤᠯᠤᠯᠲᠠ ᠶᠢ ᠪᠠᠭᠠᠰᠬᠠᠬᠤ ᠠᠵᠢᠯ ᠢ ᠲᠦᠷᠭᠡᠳᠬᠡᠨ ᠠᠬᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠯᠤᠭ᠎ᠠ ᠬᠠᠮᠲᠤᠷᠠᠨ 2025 ᠣᠨ ᠤ ᠤᠰᠤ ᠠᠷᠪᠢᠯᠠᠬᠤ ᠶᠢᠨ ᠬᠡᠪ ᠳᠠᠭᠤᠷᠢᠶᠠᠯ ᠪᠣᠯᠬᠤᠶᠢᠴᠠ ᠠᠵᠤ ᠠᠬᠤᠶᠢᠯᠠᠯ ᠤᠳ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠤᠳ ᠵᠢᠴᠢ ᠤᠰᠤ ᠠᠷᠪᠢᠯᠠᠬᠤ ᠬᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠳ ᠢ ᠡᠭᠦᠳᠦᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ᠃ ᠡᠯ᠎ᠡ ᠠᠶᠢᠮᠠᠭ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠲᠠᠨᠢᠯᠴᠠᠭᠤᠯᠬᠤ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠠᠴᠠ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠦᠨᠡᠯᠡᠨ ᠲᠣᠭᠲᠠᠭᠠᠬᠤ᠂ ᠨᠡᠶᠢᠭᠡᠮ ᠨᠡᠶᠢᠲᠡ ᠳᠤ ᠢᠯᠡ ᠨᠡᠶᠢᠲᠡᠯᠡᠬᠦ ᠵᠡᠷᠭᠡ ᠶᠠᠪᠤᠴᠠ ᠪᠠᠷ ᠳᠠᠮᠵᠢᠭᠤᠯᠤᠨ᠂ ᠤᠰᠤ ᠠᠷᠪᠢᠯᠠᠬᠤ ᠶᠢᠨ ᠬᠡᠪ ᠳᠠᠭᠤᠷᠢᠶᠠᠯ ᠪᠣᠯᠬᠤᠶᠢᠴᠠ 8 ᠠᠵᠤ ᠠᠬᠤᠶᠢᠯᠠᠯ᠂ ᠤᠰᠤ ᠠᠷᠪᠢᠯᠠᠬᠤ ᠬᠡᠯᠪᠡᠷᠢ ᠶᠢᠨ 91 ᠠᠵᠤ ᠠᠬᠤᠶᠢᠯᠠᠯ᠂ ᠤᠰᠤ ᠠᠷᠪᠢᠯᠠᠬᠤ ᠬᠡᠯᠪᠡᠷᠢ ᠶᠢᠨ ᠠᠵᠤ ᠦᠢᠯᠡᠳᠪᠦᠷᠢ ᠶᠢᠨ 12 ᠬᠦᠷᠢᠶᠡᠯᠡᠩ ᠲᠣᠭᠤᠷᠢᠭ ᠢ ᠲᠣᠭᠲᠠᠭᠠᠪᠠ᠃
ᠮᠡᠳᠡᠭᠳᠡᠯ ᠳᠤ ᠵᠢᠭᠠᠭᠰᠠᠨ ᠢᠶᠠᠷ᠂ ᠦᠨᠡᠯᠡᠭᠳᠡᠭᠰᠡᠨ ᠨᠢᠭᠡᠴᠢ ᠨᠦᠭᠦᠳ ᠤᠰᠤ ᠠᠷᠪᠢᠯᠠᠬᠤ ᠶᠢᠨ ᠬᠡᠪ ᠳᠠᠭᠤᠷᠢᠶᠠᠯ ᠪᠣᠯᠬᠤ ᠵᠢᠱᠢᠶ᠎ᠡ ᠦᠵᠡᠭᠦᠯᠬᠦ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠰᠤ ᠬᠡᠷᠡᠭᠯᠡᠬᠦ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠤᠰᠤ ᠠᠷᠪᠢᠯᠠᠬᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠤᠰᠤ ᠠᠷᠪᠢᠯᠠᠬᠤ ᠲᠡᠷᠢᠭᠦᠨ ᠤ ᠤᠷ᠎ᠠ ᠮᠡᠷᠭᠡᠵᠢᠯ ᠪᠠ ᠲᠣᠨᠤᠭ ᠲᠥᠬᠦᠭᠡᠷᠦᠮᠵᠢ ᠶᠢ ᠢᠳᠡᠪᠬᠢᠲᠡᠢ ᠪᠠᠷ ᠳᠡᠯᠭᠡᠷᠡᠭᠦᠯᠦᠨ ᠬᠡᠷᠡᠭᠯᠡᠵᠦ᠂ ᠠᠵᠢᠯ ᠲᠥᠷᠥᠯ ᠤᠨ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠳ ᠢ ᠳᠠᠶᠢᠴᠢᠯᠠᠨ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠬᠠᠮᠲᠤ ᠪᠠᠷ ᠳᠡᠭᠡᠭᠰᠢᠯᠡᠭᠦᠯᠦᠨ᠂ ᠪᠥᠬᠦ ᠨᠡᠶᠢᠭᠡᠮ ᠢᠶᠠᠷ ᠢᠶᠠᠨ ᠤᠰᠤ ᠶᠢ ᠠᠷᠪᠢᠯᠠᠬᠤ᠂ ᠤᠰᠤ ᠶᠢ ᠭᠠᠮᠨᠠᠬᠤ᠂ ᠤᠰᠤ ᠶᠢ ᠬᠠᠮᠠᠭᠠᠯᠠᠬᠤ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠠᠶᠢᠮᠠᠭ ᠬᠤᠲᠠ ᠶᠢᠨ ᠬᠢᠨ ︽ᠳᠡᠯᠡᠬᠡᠢ ᠶᠢᠨ ᠤᠰᠤ ᠠᠷᠪᠢᠯᠠᠬᠤ ᠡᠳᠦᠷ︾᠂ ︽ᠳᠤᠮᠳᠠᠳᠤ ᠤᠯᠤᠰ ᠤᠨ ᠤᠰᠤ ᠠᠷᠪᠢᠯᠠᠬᠤ ᠭᠠᠷᠠᠭ︾ ᠵᠡᠷᠭᠡ ᠠᠵᠢᠯᠯᠠᠭ᠎ᠠ ᠨᠤᠭᠤᠳ ᠲᠠᠬᠢ ᠴᠢᠬᠤᠯᠠ ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠤᠨ᠂ ᠤᠰᠤ ᠠᠷᠪᠢᠯᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠤᠬᠠᠭᠤᠯᠤᠨ ᠳᠡᠯᠭᠡᠷᠡᠭᠦᠯᠬᠦ ᠠᠵᠢᠯ ᠢ ᠭᠦᠨᠵᠡᠭᠡᠢ ᠦᠷᠨᠢᠭᠦᠯᠦᠨ᠎ᠡ᠃ ᠨᠡᠶᠢᠲᠡᠯᠢᠭ ᠵᠢᠱᠢᠶ᠎ᠡ ᠪᠠᠷ ᠬᠥᠲᠥᠯᠥᠨ ᠵᠢᠯᠤᠭᠤᠳᠬᠤ ᠪᠠᠷ ᠳᠡᠮᠵᠢᠨ᠂ ᠠᠵᠤ ᠠᠬᠤᠶᠢᠯᠠᠯ ᠤᠨ ᠤᠰᠤ ᠠᠷᠪᠢᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠦᠢᠯᠡᠳᠬᠦᠨ ᠤ ᠤᠰᠤᠨ ᠤ ᠠᠰᠢᠭᠯᠠᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠵᠤ᠂ ᠤᠰᠤ ᠠᠷᠪᠢᠯᠠᠬᠤ ᠠᠵᠤ ᠦᠢᠯᠡᠰ ᠤᠨ ᠮᠡᠷᠭᠡᠵᠢᠯ ᠤᠨ ᠲᠠᠰ ᠳᠡᠪᠰᠢᠭᠦᠯᠬᠦ ᠶᠢ ᠠᠬᠢᠭᠤᠯᠤᠨ᠂ ᠦᠢᠯᠡᠳᠬᠦ ᠦᠢᠯᠡᠰ ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠳᠦ᠋ᠷᠦᠭᠴᠢᠲᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
ᠥᠨᠣ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ ᠣᠶᠢᠯᠠᠭᠠᠭᠰᠠᠨ ᠢᠶᠠᠷ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠤᠳ ᠵᠢᠴᠢ ᠤᠰᠤ ᠠᠷᠪᠢᠯᠠᠬᠤ ᠬᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠳ ᠢ ᠡᠭᠦᠳᠦᠨ ᠪᠠᠶᠢᠭᠤᠯᠬᠤ ᠲᠥᠰᠥᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠡᠯ᠎ᠡ ᠠᠶᠢᠮᠠᠭ ᠬᠤᠲᠠ ᠶᠢᠨ ᠬᠢᠨ ᠡᠨᠡ ᠵᠢᠯ ᠤᠨ ᠡᠴᠦᠰ ᠠᠴᠠ ᠡᠮᠦᠨ᠎ᠡ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ ᠡᠭᠦᠳᠦᠨ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠤᠳ ᠵᠢᠴᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠳ ᠢ ᠳᠠᠬᠢᠨᠲᠠ ᠬᠠᠷᠭᠤᠭᠤᠯᠬᠤ ᠠᠵᠢᠯ ᠢᠶᠠᠨ ᠳᠠᠭᠤᠰᠬᠠᠬᠤ ᠪᠣᠯᠣᠨ᠎ᠠ᠃ ᠳᠠᠬᠢᠨᠲᠠ ᠬᠠᠷᠭᠤᠭᠤᠯᠬᠤ ᠶᠢ ᠦᠩᠭᠡᠷᠡᠭᠦᠯᠦᠭᠰᠡᠨ ᠪᠣᠯ ᠬᠢᠷᠢ ᠬᠡᠮ ᠤᠨ ᠬᠦᠴᠦᠨ ᠲᠠᠢ ᠬᠤᠭᠤᠴᠠᠭ᠎ᠠ ᠶᠢ ᠨᠢ 2027 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠤᠷᠲᠤᠳᠬᠠᠨ᠎ᠠ︔ ᠦᠩᠭᠡᠷᠡᠵᠦ ᠳᠡᠶᠢᠯᠦᠭᠰᠡᠨ ᠦᠭᠡᠢ ᠪᠣᠯ ᠲᠡᠭᠦᠨ ᠤ ᠬᠢᠷᠢ ᠬᠡᠮ ᠢ ᠨᠢ ᠬᠠᠰᠤᠨ᠎ᠠ᠃