ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠥᠰᠥᠭ ᠵᠢᠷᠤᠵᠤ  ︽ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠲᠤ ᠪᠠᠷ ᠡᠳ᠋ᠯᠡᠬᠦ ᠳᠦᠷᠢᠮ︾᠎ ᠢ ᠨᠡᠶᠢᠲᠡᠯᠡᠪᠡ
ᠨᠡᠶᠢᠲᠡᠯᠡᠭᠰᠡᠨ ᠴᠠᠭ᠄
2025/6/4

  ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 3᠎ ᠤ ᠡᠳᠦᠷ ᠤᠨ ᠴᠠᠬᠢᠯᠭᠠᠨ ᠮᠡᠳᠡᠭᠡ  ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠦᠷᠦᠭᠦᠬᠡᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠥᠰᠥᠭ ᠵᠢᠷᠤᠵᠤ᠂ ︽ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠲᠤ ᠪᠠᠷ ᠡᠳ᠋ᠯᠡᠬᠦ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠪᠠ︶᠎ ᠢ ᠨᠡᠶᠢᠲᠡᠯᠡᠵᠦ᠂ 2025 ᠣᠨ ᠤ 8 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

  ︽ᠳᠦᠷᠢᠮ︾᠎ ᠨᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠠᠮᠤᠷ ᠲᠦᠪᠰᠢᠨ ᠡᠮᠬᠢ ᠵᠢᠷᠤᠮ ᠲᠠᠢ ᠥᠨᠳᠥᠷ ᠪᠦᠲᠦᠮᠵᠢᠲᠡᠶ ᠬᠠᠮᠲᠤ ᠪᠠᠷ ᠡᠳ᠋ᠯᠡᠵᠦ ᠠᠰᠢᠭᠯᠠᠬᠤ ᠶᠢ ᠠᠬᠢᠭᠤᠯᠵᠤ᠂ ᠵᠠᠰᠠᠭ ᠤᠨ ᠣᠷᠳᠣᠨ ᠤ ᠳ᠋ᠢᠭᠢᠲᠴᠢᠯᠡᠭᠰᠡᠨ ᠵᠠᠰᠠᠯᠲᠠ ᠶᠢᠨ ᠴᠢᠳᠠᠪᠤᠷᠢ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠮᠵᠢ ᠶᠢ ᠳᠡᠭᠡᠭᠰᠢᠯᠡᠭᠦᠯᠵᠦ᠂ ᠳ᠋ᠢᠭᠢᠲ ᠵᠠᠰᠠᠭ ᠤᠨ ᠣᠷᠳᠣᠨ ᠢ ᠪᠥᠬᠦ ᠲᠠᠯ᠎ᠠ ᠪᠠᠷ ᠪᠠᠶᠢᠭᠤᠯᠬᠤ ᠪᠠᠷ ᠵᠣᠷᠢᠯᠭ᠎ᠠ ᠪᠣᠯᠭᠠᠪᠠ᠃ ︽ᠳᠦᠷᠢᠮ︾᠎ ᠨᠢ ᠨᠡᠶᠢᠲᠡ 8 ᠪᠦᠯᠦᠭ 44 ᠵᠦᠢᠯ ᠲᠠᠢ᠂ ᠭᠤᠣᠯᠳᠠᠭᠤ ᠳᠣᠣᠷᠠᠬᠢ ᠠᠭᠤᠯᠭ᠎ᠠ ᠨᠤᠭᠤᠳ ᠢ ᠪᠠᠭᠲᠠᠭᠠᠪᠠ᠃

  ᠨᠢᠭᠡ ᠳᠤ ᠶᠡᠷᠦᠩᠬᠡᠢ ᠱᠠᠭᠠᠷᠳᠠᠯᠭ᠎ᠠ ᠶᠢ ᠲᠣᠳᠣᠷᠬᠠᠶᠢᠯᠠᠪᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠪᠠᠷᠢᠮᠵᠢᠶ᠎ᠠ ᠶᠢ ᠨᠢᠭᠡᠳᠬᠡᠬᠦ᠂ ᠬᠠᠤᠯᠢ ᠶᠣᠰᠣᠭᠠᠷ ᠬᠠᠮᠲᠤ ᠪᠠᠷ ᠡᠳ᠋ᠯᠡᠬᠦ᠂ ᠵᠦᠢ ᠵᠣᠬᠢᠰᠲᠠᠢ ᠬᠡᠷᠡᠭᠯᠡᠬᠦ᠂ ᠠᠮᠤᠷ ᠲᠦᠪᠰᠢᠨ ᠡᠵᠡᠮᠳᠡᠬᠦᠶᠢᠴᠡ ᠵᠠᠷᠴᠢᠮ ᠢ ᠵᠢᠷᠤᠮᠯᠠᠨ᠎ᠠ ᠭᠡᠵᠦ ᠲᠣᠭᠲᠠᠭᠠᠪᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠠᠵᠢᠯ ᠤᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠪᠠ᠃

  ᠬᠤᠶᠠᠷ ᠲᠤ ᠭᠠᠷᠴᠠᠭ ᠤᠨ ᠬᠠᠮᠢᠶᠠᠷᠤᠯᠲᠠ ᠶᠢ ᠰᠢᠯᠢᠳᠡᠭᠵᠢᠭᠦᠯᠪᠡ᠃ ᠵᠠᠰᠠᠭ ᠤᠨ ᠶᠠᠪᠤᠳᠠᠯ ᠤᠨ ᠳ᠋ᠠᠶᠢᠲ᠋ᠠ ᠳᠤ ᠨᠢᠭᠡᠳᠦᠯᠲᠡᠢ ᠭᠠᠷᠴᠠᠭ ᠤᠨ ᠬᠠᠮᠢᠶᠠᠷᠤᠯᠲᠠ ᠬᠡᠷᠡᠭᠵᠢᠭᠦᠯᠬᠦ ᠶᠢ ᠲᠣᠭᠲᠠᠭᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ᠂ ᠨᠡᠶᠢᠲᠡᠯᠡᠬᠦ ᠵᠢᠴᠢ ᠬᠥᠳᠡᠯᠦᠩᠭᠦᠢ ᠪᠠᠷ ᠰᠢᠨᠡᠳᠬᠡᠬᠦ ᠵᠡᠷᠭᠡ ᠱᠠᠭᠠᠷᠳᠠᠯᠭ᠎ᠠ ᠶᠢ ᠲᠣᠳᠣᠷᠬᠠᠶᠢᠯᠠᠪᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠬᠠᠷᠢᠶᠠᠯᠠᠯ ᠤᠨ ᠠᠩᠭᠢᠯᠠᠯ ᠢ ᠲᠣᠭᠲᠠᠭᠠᠵᠤ᠂ ᠳᠤᠷ᠎ᠠ ᠪᠠᠷ ᠢᠶᠠᠨ ᠨᠥᠬᠦᠴᠡᠯ ᠨᠡᠮᠡᠵᠦ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠲᠤ ᠪᠠᠷ ᠡᠳ᠋ᠯᠡᠬᠦ ᠶᠢ ᠬᠠᠷᠰᠢᠯᠠᠬᠤ ᠪᠠ ᠨᠥᠯᠥᠭᠡᠯᠡᠬᠦ ᠶᠢ ᠨᠢ ᠬᠤᠷᠢᠭᠯᠠᠬᠤ ᠪᠠᠷ ᠲᠣᠭᠲᠠᠭᠠᠪᠠ᠃

  ᠭᠤᠷᠪᠠ ᠳᠤ ᠬᠠᠮᠲᠤ ᠪᠠᠷ ᠡᠳ᠋ᠯᠡᠵᠦ ᠬᠡᠷᠡᠭᠯᠡᠬᠦ ᠱᠠᠭᠠᠷᠳᠠᠯᠭ᠎ᠠ ᠶᠢ ᠨᠠᠷᠢᠯᠢᠭᠵᠢᠭᠤᠯᠪᠠ᠃ ᠬᠠᠮᠲᠤ ᠳᠤ ᠪᠠᠨ ᠡᠳ᠋ᠯᠡᠬᠦ ᠪᠠᠷ ᠳᠠᠮᠵᠢᠭᠤᠯᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠣᠯᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠴᠡᠭᠡ ᠶᠢ ᠬᠠᠩᠭᠠᠵᠤ ᠳᠡᠶᠢᠯᠬᠦ ᠳᠤ ᠭᠦᠷᠪᠡᠯ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠳᠠᠬᠢᠨ ᠳᠠᠪᠲᠠᠨ ᠴᠤᠭᠯᠠᠭᠤᠯᠵᠤ ᠪᠣᠯᠬᠤ ᠦᠭᠡᠢ ᠭᠡᠵᠦ ᠲᠣᠭᠲᠠᠭᠠᠭᠰᠠᠨ ᠪᠥᠭᠡᠳ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠲᠦᠷᠦᠭᠦᠯᠡᠨ ᠴᠤᠭᠯᠠᠭᠤᠯᠬᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠳᠤ ᠪᠠᠨ ᠡᠳ᠋ᠯᠡᠬᠦ ᠪᠠᠷ ᠭᠤᠶᠤᠴᠢᠯᠠᠬᠤ᠂ ᠬᠠᠷᠢᠭᠤᠯᠬᠤ ᠴᠤᠪᠤᠷᠠᠯ ᠵᠢᠴᠢ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠨᠢ ᠨᠠᠷᠢᠯᠢᠭᠵᠢᠭᠤᠯᠪᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠶᠠᠰᠤ ᠴᠢᠨᠠᠷ ᠤᠨ ᠬᠠᠮᠢᠶᠠᠷᠤᠯᠲᠠ᠂ ᠬᠠᠷᠭᠤᠭᠤᠯᠤᠨ ᠵᠠᠯᠠᠷᠠᠭᠤᠯᠬᠤ ᠵᠢᠴᠢ ᠬᠠᠮᠲᠤ ᠪᠠᠷ ᠡᠳ᠋ᠯᠡᠬᠦ ᠳᠤ ᠡᠭᠦᠰᠦᠭᠰᠡᠨ ᠮᠠᠷᠭᠤᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠨᠢ ᠲᠣᠳᠣᠷᠬᠠᠶᠢᠯᠠᠪᠠ᠃ ᠳᠡᠭᠡᠳᠦ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠨᠢ ᠳᠣᠣᠷᠠᠳᠤ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠡᠷᠡᠭᠴᠡᠭᠡ ᠶᠢ ᠦᠨᠳᠦᠰᠦᠯᠡᠨ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠬᠠᠮᠢᠶ᠎ᠠ ᠪᠦᠬᠦᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠴᠠᠭ ᠲᠤᠬᠠᠢ ᠳᠤ ᠨᠢ᠂ ᠪᠦᠷᠢᠨ ᠪᠦᠲᠦᠨ ᠢᠶᠠᠷ ᠪᠤᠴᠠᠭᠠᠯᠭᠠᠬᠤ ᠶᠢ ᠲᠣᠭᠲᠠᠭᠠᠪᠠ᠃

  ᠳᠥᠷᠪᠡ ᠳᠤ ᠲᠠᠪᠴᠠᠩ ᠤᠨ ᠲᠤᠯᠭᠠᠭᠤᠷᠢᠯᠠᠯ ᠢ ᠴᠢᠩᠭᠠᠳᠬᠠᠪᠠ᠃ ᠪᠥᠬᠦ ᠤᠯᠤᠰ ᠤᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠶᠢ ᠨᠡᠶᠢᠳᠬᠡᠵᠦ ᠪᠠᠶᠢᠭᠤᠯᠬᠤ ᠪᠠᠷ ᠲᠣᠭᠲᠠᠭᠠᠵᠤ᠂ ᠪᠠᠶᠢᠭᠤᠯᠤᠭᠠᠳ ᠪᠠᠶᠢᠭ᠎ᠠ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠲᠠᠪᠴᠠᠩ ᠢ ᠨᠢ ᠪᠥᠬᠦ ᠤᠯᠤᠰ ᠤᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠳᠤ ᠣᠷᠣᠭᠤᠯᠬᠤ ᠪᠠᠷ ᠱᠠᠭᠠᠷᠳᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠵᠦ ᠰᠣᠯᠢᠯᠴᠠᠬᠤ ᠰᠢᠰᠲ᠋ᠧᠮ ᠢ ᠵᠠᠷᠴᠢᠮ ᠳᠡᠭᠡᠷ᠎ᠡ ᠪᠠᠨ ᠰᠢᠨ᠎ᠡ ᠪᠠᠷ ᠪᠠᠶᠢᠭᠤᠯᠬᠤ ᠦᠭᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠪᠥᠬᠦ ᠤᠯᠤᠰ ᠤᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠪᠠᠷ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠲᠤ ᠪᠠᠷ ᠡᠳ᠋ᠯᠡᠬᠦ ᠠᠵᠢᠯ ᠢ ᠥᠷᠨᠢᠭᠦᠯᠬᠦ ᠬᠡᠷᠡᠭᠲᠡᠢ ᠭᠡᠵᠦ ᠲᠣᠳᠣᠷᠬᠠᠶᠢᠯᠠᠪᠠ᠃

  ᠲᠠᠪᠤ ᠳᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠪᠠ᠃ ᠬᠡᠨ ᠬᠠᠮᠢᠶᠠᠷᠪᠠᠯ ᠲᠡᠷᠡ ᠬᠠᠷᠢᠭᠤᠴᠠᠬᠤ᠂ ᠬᠡᠨ ᠬᠡᠷᠡᠭᠯᠡᠪᠡᠯ ᠲᠡᠷᠡ ᠬᠠᠷᠢᠭᠤᠴᠠᠬᠤ ᠵᠠᠷᠴᠢᠮ ᠶᠣᠰᠣᠭᠠᠷ ᠡᠯ᠎ᠡ ᠭᠤᠭᠴᠣᠭᠠᠨ ᠳᠠᠬᠢ ᠠᠮᠤᠷ ᠲᠦᠪᠰᠢᠨ ᠤ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠤᠯᠢ ᠶᠣᠰᠣᠭᠠᠷ ᠬᠠᠮᠲᠤ ᠡᠳ᠋ᠯᠡᠬᠦ ᠶᠠᠪᠤᠴᠠ ᠳᠤᠮᠳᠠᠬᠢ ᠬᠡᠷᠡᠭᠴᠡᠭᠡ ᠲᠠᠢ ᠰᠠᠯᠠᠭ᠎ᠠ ᠮᠥᠴᠢᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠬᠤᠯᠠᠴᠢᠯᠠᠪᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠨᠠᠶᠢᠳᠠᠯᠭ᠎ᠠ ᠬᠦᠯᠢᠶᠡᠭᠰᠡᠨ ᠲᠠᠯ᠎ᠠ ᠶᠢᠨ ᠬᠢᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠶᠢ ᠨᠢ ᠨᠠᠷᠢᠯᠢᠭᠵᠢᠭᠤᠯᠵᠤ᠂ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠵᠢᠴᠢ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠰᠢᠢᠳᠪᠦᠷᠢᠯᠡᠬᠦ ᠱᠠᠭᠠᠷᠳᠠᠯᠭ᠎ᠠ ᠶᠢ ᠨᠢ ᠲᠣᠳᠣᠷᠬᠠᠶᠢᠯᠠᠪᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠵᠠᠷᠤᠳᠠᠯ ᠤᠨ ᠪᠠᠲᠤᠯᠠᠭ᠎ᠠ ᠪᠠ ᠲᠥᠰᠥᠪ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠳᠤᠷᠠᠳᠪᠠ᠃

ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ