|
ᠪᠦᠭᠦ ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠰᠠᠨ ᠬᠥᠮᠥᠨ ᠤ ᠲᠤᠭ᠎ᠠ 2156.7 ᠲᠦᠮᠡ ᠳᠤ ᠬᠦᠷᠴᠡᠢ |
|
|
ᠨᠡᠶᠢᠲᠡᠯᠡᠭᠰᠡᠨ ᠴᠠᠭ᠄
2025/6/4
|
|
ᠲᠦᠷᠦᠭᠦᠬᠡᠨ ᠂ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ ᠂ 4 ᠰᠠᠷ᠎ᠠ ᠶᠢᠨ ᠰᠡᠭᠦᠯᠴᠢ ᠪᠤᠯᠲᠠᠯ᠎ᠠ ᠂ ᠪᠦᠭᠦ ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠰᠠᠨ ᠬᠥᠮᠥᠨ ᠤ ᠲᠤᠭ᠎ᠠ 2156.7 ᠲᠦᠮᠡ ᠳᠤ ᠬᠦᠷᠴᠦ ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 13.76 ᠲᠦᠮᠡᠨ ᠬᠥᠮᠥᠨ ᠨᠡᠮᠡᠭᠳᠡᠵᠡᠢ ᠃ ᠲᠠᠨᠢᠯᠴᠠᠭᠤᠯᠤᠭᠰᠠᠨ ᠢᠶᠠᠷ᠂ ᠮᠠᠨ ᠤ ᠣᠷᠣᠨ ︽ᠳᠠᠭᠠᠳᠬᠠᠯ ᠳᠤ ᠣᠷᠣᠬᠤ ᠳᠤ ᠬᠦᠴᠢᠷᠲᠡᠢ︾ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠂ ︽ᠳᠡᠭᠡᠷ᠎ᠡ ᠳᠣᠣᠷ᠎ᠠ ᠱᠠᠲᠤ ᠬᠠᠮᠵᠢᠯᠴᠠᠵᠤ ᠂ ᠲᠠᠪᠤᠨ ᠱᠠᠲᠤ ᠬᠤᠯᠪᠤᠭᠠᠯᠠᠨ ᠬᠥᠳᠡᠯᠦᠯᠴᠡᠬᠦ︾ ᠪᠠᠷ ᠭᠠᠷᠳᠠᠴᠠ ᠪᠤᠯᠭᠠᠵᠤ ᠂ ᠡᠮ ᠡᠮᠨᠡᠯᠭᠡ ᠶᠢᠨ ᠳᠠᠭᠠᠳᠬᠠᠯ ᠤᠨ ᠠᠵᠢᠯᠲᠠᠨ ᠳᠠᠭᠠᠳᠬᠠᠯ ᠳᠤ ᠣᠷᠤᠯᠴᠠᠬᠤ ᠶᠠᠪᠤᠴᠠ ᠶᠢ ᠵᠢᠯᠤᠭᠤᠳᠴᠤ ᠂ ᠲᠤᠬᠠᠢ ᠶᠢᠨ ᠲᠠᠯᠠᠪᠠᠶ ᠳᠤ ᠰᠦᠢᠳᠬᠡᠯ ᠲᠤᠰᠢᠶᠠᠬᠤ ᠶᠠᠪᠤᠴᠠ ᠶᠢ ᠰᠠᠶᠢᠲᠤᠷ ᠣᠶᠢᠯᠠᠭᠠᠬᠤ ᠦᠭᠡᠢ ᠂ ᠰᠦᠢᠳᠬᠡᠯ ᠲᠤᠰᠢᠶᠠᠬᠤ ᠭᠠᠷᠳᠠᠮ ᠢ ᠬᠡᠷᠬᠢᠨ ᠭᠦᠢᠴᠡᠳᠬᠡᠬᠦ ᠶᠢ ᠮᠡᠳᠡᠬᠦ ᠦᠭᠡᠢ ᠬᠥᠮᠥᠰ ᠲᠤ ᠬᠠᠪᠰᠤᠷᠤᠯᠭ᠎ᠠ ᠦᠵᠡᠭᠦᠯᠵᠦ ᠂ ᠨᠠᠰᠤᠲᠠᠶᠢᠴᠤᠳ ᠵᠡᠮᠳᠡᠭᠴᠦᠳ ᠵᠡᠷᠭᠡ ᠣᠨᠴᠠᠭᠠᠶ ᠬᠥᠮᠥᠰ ᠲᠤ ᠴᠢᠭᠯᠡᠭᠦᠯᠦᠨ ᠂ ᠴᠠᠭ ᠲᠤᠬᠠᠢ ᠳᠤᠨᠢ ᠴᠠᠬᠢᠮ ᠴᠢᠮᠡᠭᠡ ᠶᠠᠪᠤᠭᠤᠯᠵᠤ ᠰᠦᠢᠳᠬᠡᠯ ᠲᠤᠰᠢᠶᠠᠬᠤ ᠶᠢ ᠰᠠᠨᠠᠭᠤᠯᠬᠤ ᠶᠢᠨ ᠬᠠᠮᠲᠤ ᠂ ᠳᠠᠭᠠᠳᠬᠠᠯ ᠳᠤ ᠣᠷᠣᠯᠴᠠᠬᠰᠠᠨ ︽ᠬᠠᠮᠢᠶᠠᠷᠤᠭᠴᠢ︾ ᠪᠣᠯᠵᠤ ᠂ ᠲᠤᠬᠠᠢ ᠶᠢᠨ ᠲᠠᠯᠠᠪᠠᠢ ᠳᠤ ᠣᠷᠣᠯᠠᠨ ᠲᠤᠰᠢᠶᠠᠬᠤ ᠪᠤᠶᠤ ᠮᠠᠲᠠᠭ ᠲᠠᠢ ᠠᠰᠠᠭᠤᠳᠠᠯ ᠢ ᠨᠢ ᠰᠢᠢᠳᠪᠦᠷᠢᠯᠡᠨ ᠥᠭᠴᠦ ᠂ ᠭᠠᠳᠠᠭᠰᠢ ᠭᠠᠷᠤᠭᠰᠠᠨ ᠪᠤᠶᠤ ᠭᠠᠳᠠᠭᠰᠢ ᠬᠥᠯᠥᠰᠦᠨ ᠠᠵᠢᠯ ᠬᠢᠵᠦ ᠪᠠᠶᠢᠭ᠎ᠠ ᠬᠥᠮᠥᠰ ᠲᠤ ᠴᠠᠭ ᠲᠤᠬᠠᠢ ᠳᠤᠨᠢ ᠰᠠᠨᠠᠭᠤᠯᠵᠤ ᠂ ᠰᠦᠯᠵᠢᠶ᠎ᠡ ᠪᠠᠷ ᠳᠠᠮᠵᠢᠨ ᠣᠯᠠᠨ ᠲᠦᠮᠡᠨ ᠢ ᠢᠳᠡᠪᠬᠢᠲᠡᠢ ᠪᠠᠷ ᠳᠠᠭᠠᠳᠬᠠᠯ ᠳᠤ ᠣᠷᠣᠯᠴᠠᠭᠤᠯᠵᠠᠢ ᠃ ᠡᠭᠦᠨ ᠤ ᠬᠠᠮᠲᠤ ᠂ ᠮᠠᠨ ᠤ ᠣᠷᠣᠨ ᠪᠠᠰᠠ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠪᠠᠷ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ︵ ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠵᠠᠷᠤᠳᠠᠯ ᠢ ᠣᠷᠣᠯᠠᠨ ᠲᠤᠰᠢᠶᠠᠬᠤ ᠬᠤᠯᠪᠣᠭᠳᠠᠯ ᠪᠦᠬᠦᠢ ᠵᠦᠢᠯᠡᠰ ᠢ ᠲᠣᠳᠣᠷᠬᠠᠶᠢᠯᠠᠵᠤ ᠂ ᠲᠣᠰᠬᠤᠨ ᠤ ᠬᠠᠮᠲᠤ ᠶᠢᠨ ᠠᠵᠤ ᠠᠬᠤᠢ ᠪᠠᠷ ᠲᠣᠰᠬᠤᠨ ᠤ ᠠᠷᠠᠳ ᠲᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠣᠷᠣᠯᠠᠨ ᠲᠤᠰᠢᠶᠠᠬᠤ ᠶᠢ ᠵᠣᠷᠢᠭᠵᠢᠭᠤᠯᠵᠤ ᠂ ᠨᠠᠰᠤᠲᠠᠶᠢᠴᠤᠳ ᠂ ᠵᠡᠮᠳᠡᠭᠴᠦᠳ ᠲᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠨᠠᠪᠲᠠᠷᠡᠭᠦᠯᠵᠦ ᠂ ︽ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢᠳ ᠤᠨ ᠳᠠᠭᠠᠳᠬᠠᠯ ᠳᠤ ᠣᠷᠤᠯᠴᠠᠬᠤ ᠠᠵᠢᠯᠯᠠᠭ᠎ᠠ︾ ᠶᠢ ᠥᠷᠨᠢᠭᠦᠯᠵᠦ ᠂ ᠶᠡᠭᠡ ᠳᠡᠭᠡᠳᠦ ᠰᠤᠷᠭᠠᠭᠤᠯᠢ ᠶᠢᠨ 54.4 ᠲᠦᠮᠡᠨ ᠰᠤᠷᠤᠬᠴᠢᠳ ᠳᠠᠭᠠᠳᠬᠠᠯ ᠳᠤ ᠣᠷᠣᠯᠴᠠᠵᠤ ᠂ 129.6 ᠲᠦᠮᠡᠨ ᠣᠨᠴᠠ ᠬᠦᠴᠢᠷᠳᠡᠯᠲᠡᠢ ᠬᠥᠮᠥᠰ ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠵᠡᠷᠭᠡ ᠣᠷᠣᠯᠭ᠎ᠠ ᠪᠠᠭᠠᠲᠠᠢ ᠬᠥᠮᠥᠰ ᠲᠤ ︽ᠭᠤᠶᠤᠴᠢᠯᠠᠮᠠᠭᠴᠠ ᠭᠦᠷᠳᠡᠭᠦ︾ ᠡᠮᠴᠢᠯᠡᠭᠡᠨ ᠤ ᠠᠪᠤᠷᠠᠨ ᠲᠤᠰᠠᠯᠠᠬᠤ ᠪᠡᠯᠡ ᠮᠥᠩᠭᠦ ᠶᠢᠨ ᠳᠠᠭᠠᠳᠬᠠᠯ ᠳᠤ ᠣᠷᠤᠯᠴᠠᠬᠤ ᠦᠢᠯᠡᠴᠢᠯᠡᠭᠡ ᠬᠦᠷᠲᠡᠭᠡᠪᠡ ᠃
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|