5 ᠰᠠᠷ᠎ᠠ ᠶᠢᠨ 30 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ ︾ ︵ᠳᠣᠷᠣᠭᠰᠢ ︽ᠳᠦᠷᠢᠮ ︾ ᠭᠡᠵᠦ ᠲᠣᠪᠴᠢᠯᠠᠨ᠎ᠠ ︶ ᠤᠨ ᠬᠠᠤᠯᠢ ᠲᠣᠭᠲᠠᠭᠠᠭᠰᠠᠨ ᠪᠠᠶᠢᠳᠠᠯ ᠪᠠ ᠲᠠᠷᠠᠭᠠᠴᠢ ᠶᠢᠨ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠤᠨ ᠲᠤᠬᠠᠢ ᠨᠡᠶᠢᠲᠡᠯᠡᠭᠰᠡᠨ ᠪᠥᠭᠡᠳ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠵᠤ ᠂ ︽ᠳᠦᠷᠢᠮ ︾ ᠢ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠵᠤ ᠂ ︽ᠳᠦᠷᠢᠮ︾ ᠢ ᠪᠦᠭᠦ ᠲᠠᠯ᠎ᠠ ᠪᠠᠷ ᠵᠥᠪ ᠣᠨᠣᠪᠴᠢᠲᠠᠶ ᠪᠦᠲᠦᠮᠵᠢᠲᠡᠶ ᠬᠡᠷᠡᠭᠵᠢᠭᠦᠯᠬᠦ ᠶᠢ ᠠᠬᠢᠭᠤᠯᠬᠤ ᠶᠢ ᠵᠣᠷᠢᠪᠠ ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ ᠶᠡᠷᠦᠩᠬᠡᠢ ᠳᠤᠨᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠠᠵᠢᠯ ᠤᠨ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠷᠢᠭᠤᠴᠠᠯᠭᠠᠲᠠᠨ ᠨᠥᠬᠦᠳ ︽ᠳᠦᠷᠢᠮ ︾ ᠢ ᠨᠡᠶᠢᠲᠡᠯᠡᠭᠰᠡᠨ ᠠᠬᠤᠢ ᠪᠠᠶᠢᠳᠠᠯ ︔ ︽ᠳᠦᠷᠢᠮ ︾ ᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠶᠠᠪᠤᠴᠠ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠡᠷᠬᠢᠨ ᠬᠠᠤᠯᠢ ᠲᠣᠭᠲᠠᠭᠠᠬᠤ ᠭᠤᠣᠯᠯᠠᠬᠤ ᠦᠢᠯᠡᠳᠦᠯ ᠢᠶᠠᠨ ᠪᠠᠳᠠᠷᠠᠭᠤᠯᠵᠤ ᠬᠥᠯᠥᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠰᠠᠨ ︔ ᠵᠠᠰᠠᠭ ᠤᠨ ᠣᠷᠳᠣᠨ ᠵᠢᠴᠢ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨ ︽ᠳᠦᠷᠢᠮ ︾ ᠢ ᠬᠡᠷᠬᠢᠨ ᠲᠤᠭᠤᠰᠢᠯᠠᠭᠤᠯᠤᠨ ᠬᠡᠷᠡᠭᠵᠢᠭᠦᠯᠬᠦ ᠵᠡᠷᠭᠡ ᠠᠭᠤᠯᠭ᠎ᠠ ᠶᠢᠨ ᠲᠤᠬᠠᠢ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠵᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠭᠢᠯᠡᠪᠡ ᠃
ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠲᠠᠨᠢᠯᠴᠠᠭᠤᠯᠤᠭᠰᠠᠨ ᠢᠶᠠᠷ᠂ ᠬᠥᠯᠥᠰᠦᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ ᠠᠰᠠᠭᠤᠳᠠᠯ ᠨᠢ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠂ ᠨᠠᠮ ᠤᠨ ᠲᠥᠪ ᠬᠤᠷᠢᠶ᠎ᠠ ᠠᠴᠠ ᠳᠡᠭᠡᠳᠦ ᠬᠡᠮᠵᠢᠶ᠎ᠡ ᠪᠠᠷ ᠠᠩᠬᠠᠷᠴᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠣᠯᠠᠨ ᠤᠳᠠᠭ᠎ᠠ ᠴᠢᠬᠤᠯᠠᠴᠢᠯᠠᠵᠤ ᠰᠢᠢᠳᠪᠦᠷᠢᠯᠡᠭᠰᠡᠨ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠣᠯᠣᠨ᠎ᠠ ᠃
ᠲᠤᠰ ︽ᠳᠦᠷᠢᠮ ︾ ᠢ ᠲᠣᠭᠲᠠᠭᠠᠭᠰᠠᠨ ᠨᠢ ᠨᠠᠮ ᠤᠨ ᠲᠥᠪ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠠᠯᠢᠩ ᠥᠷᠢᠲᠦᠬᠦ ᠶᠢ ᠵᠠᠰᠠᠬᠤ ᠠᠵᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠠᠤᠯᠢ ᠶᠣᠰᠣᠭᠠᠷ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ ᠃ ︽ᠳᠦᠷᠢᠮ ︾ ᠪᠣᠯ ᠥᠪᠡᠷᠲᠡᠭᠡᠨ ᠵᠠᠰᠠᠬᠤ ᠣᠷᠣᠨ ᠤ 2025 ᠣᠨ ᠤ ᠭᠤᠣᠯᠳᠠᠯᠭ᠎ᠠ ᠲᠠᠢ ᠬᠠᠤᠯᠢ ᠲᠣᠭᠲᠠᠭᠠᠬᠤ ᠲᠥᠷᠥᠯ ᠵᠦᠢᠯ ᠪᠠᠶᠢᠵᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠠᠯ ᠠᠴᠠ ᠬᠤᠶᠠᠷ ᠤᠳᠠᠭ᠎ᠠ ᠬᠢᠨᠠᠨ ᠵᠥᠪᠯᠡᠵᠦ ᠂ 5 ᠰᠠᠷ᠎ᠠ ᠶᠢᠨ 29 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠳᠣᠯᠣᠳᠤᠭᠠᠷ ᠬᠤᠷᠠᠯ ᠠᠴᠠ ᠲᠣᠰ ︽ᠳᠦᠷᠢᠮ ︾ ᠢ ᠪᠠᠲᠤᠯᠠᠪᠠ ᠃ ︽ᠳᠦᠷᠢᠮ ︾ ᠨᠢ ᠪᠦᠭᠦ ᠤᠯᠤᠰ ᠤᠨ ᠠᠩᠬᠠᠳᠠᠭᠴᠢ ᠬᠥᠯᠥᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠣᠯᠤᠭᠰᠠᠨ ᠤ ᠬᠤᠪᠢ ᠳᠤ ᠂ ᠨᠡᠯᠢᠶᠡᠳ ᠴᠢᠩᠭ᠎ᠠ ᠰᠢᠨ᠎ᠡ ᠶᠢ ᠡᠭᠦᠳᠦᠭᠰᠡᠨ ᠪᠦᠲᠦᠭᠡᠯᠴᠢ ᠴᠢᠨᠠᠷ ᠂ ᠰᠦᠪᠡᠭᠴᠢᠯᠡᠯᠲᠡ ᠶᠢᠨ ᠴᠢᠨᠠᠷ ᠵᠡᠷᠭᠡ ᠣᠨᠴᠠᠯᠢᠭ ᠲᠠᠢ ᠪᠠᠶᠢᠵᠤ ᠂ ᠬᠥᠯᠥᠰᠦᠨ ᠠᠵᠢᠯᠴᠢᠨ ᠤ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠬᠦᠴᠦᠲᠡᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ ᠃ ︽ᠳᠦᠷᠢᠮ ︾ ᠢ ᠶᠡᠷᠦᠩᠬᠡᠢ ᠵᠠᠷᠴᠢᠮ ᠂ ᠴᠠᠯᠢᠩ ᠢ ᠥᠭᠬᠦ ᠪᠠ ᠲᠥᠯᠥᠵᠦ ᠳᠠᠭᠤᠰᠬᠠᠬᠤ ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠂ ᠬᠢᠨᠠᠯᠲᠠ ᠲᠠᠯᠪᠢᠵᠤ ᠪᠠᠶᠢᠴᠠᠭᠠᠬᠤ ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠂ ᠳᠠᠭᠠᠯᠳᠤᠭᠤᠯᠤᠯ ᠵᠡᠷᠭᠡ 6 ᠪᠦᠯᠦᠭ 54 ᠵᠦᠢᠯ ᠬᠤᠪᠢᠶᠠᠵᠤ ᠂ 2025 ᠣᠨ ᠤ 7 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ ᠃