​ᠲᠥᠪ ᠤᠨ ᠠᠮᠢ ᠠᠬᠤᠢ ᠤᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠲᠤᠭᠠᠷ ᠬᠢᠨᠠᠨ ᠪᠠᠶᠢᠴᠠᠭᠠᠬᠤ ᠲᠤᠭᠤᠶᠢᠯᠠᠩ ᠠᠴᠠ ᠦᠪᠣᠷ ᠮᠤᠩᠭᠤᠯ ᠤᠨ ᠥᠪᠡᠷᠳᠠᠭᠡᠨ ᠵᠠᠰᠠᠬᠤ ᠣᠷᠣᠨ ᠳᠤ ᠵᠢᠷᠭᠤᠳᠤᠭᠠᠷ ᠪᠦᠯᠤᠭ᠌ ᠤᠨ 30 ᠬᠤᠪᠢ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠤᠭ᠍ᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠣᠰᠢᠶᠠᠵᠠᠢ
ᠨᠡᠶᠢᠲᠡᠯᠡᠭᠰᠡᠨ ᠴᠠᠭ᠄
2025/6/4

6 ᠰᠠᠷ᠎ᠠ  ᠶᠢᠨ 3 ᠤ ᠡᠳᠦᠷ ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠠᠴᠠ ᠥᠪᠣᠷ ᠮᠤᠩᠭᠤᠯ ᠤᠨ ᠦᠪᠡᠷᠳᠡᠭᠡᠨ ᠵᠠᠰᠠᠬᠤ ᠤᠷᠣᠨ ᠳᠤ ᠵᠢᠷᠭᠤᠳᠤᠭᠠᠷ ᠪᠦᠯᠦᠭ ᠤᠨ ᠵᠠᠬᠢᠳᠡᠯ ᠰᠤᠷᠪᠣᠯᠵᠢᠯᠡᠯ ᠢᠶᠠᠷ ᠢᠯᠡᠴᠢᠯᠡᠨ ᠮᠡᠳᠡᠭᠦᠯᠦᠭᠰᠡᠨ 30 ᠬᠡᠷᠡᠭ ︵ᠭᠤᠣᠯᠳᠠᠯᠭ᠎ᠠ ᠲᠠᠢ ᠠᠩᠬᠠᠷᠬᠤ 5 ᠬᠤᠪᠢ ︶ ᠢ ᠰᠢᠢᠳᠪᠦᠷᠢᠯᠡᠭᠦᠯᠬᠦ ᠪᠠᠷ ᠲᠣᠰᠢᠶᠠᠵᠠᠢ ᠂ ᠡᠭᠦᠨ ᠳᠤ ᠤᠲᠡᠰᠤ  ᠪᠠᠷ ᠢᠯᠡᠴᠢᠯᠡᠨ ᠮᠡᠳᠡᠭᠦᠯᠦᠭᠰᠠᠨ ᠬᠡᠷᠡᠭ 22 ᠬᠤᠪᠢ ᠂ ᠵᠠᠬᠢᠳᠡᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ 8 ᠬᠤᠪᠢ ᠪᠣᠢ ᠃ ᠲᠣᠰ ᠪᠦᠯᠥᠭ ᠤᠨ ᠵᠠᠬᠢᠳᠡᠯ ᠰᠤᠷᠪᠣᠯᠵᠢᠯᠡᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ ᠲᠤ ᠬᠥᠬᠡᠬᠤᠳᠠ ᠳᠤ ᠬᠤᠯᠪᠣᠭᠲᠠᠬᠤ 4 ᠬᠤᠪᠢ ᠂ ᠪᠣᠭᠤᠲᠤ ᠬᠤᠲᠠ ᠳᠤ ᠬᠤᠯᠪᠣᠭᠳᠠᠬᠤ 3 ᠬᠤᠪᠢ ᠂ ᠬᠦᠯᠤᠨ ᠪᠣᠶᠢᠷ ᠬᠤᠲᠠ ᠳᠤ ᠬᠤᠯᠪᠣᠭᠳᠠᠬᠤ 4 ᠬᠤᠪᠢ ᠂ ᠲᠦᠩᠯᠢᠶᠣᠣ ᠬᠤᠲᠠ ᠳᠤ ᠬᠤᠯᠪᠣᠭᠳᠠᠬᠤ 7 ᠬᠤᠪᠢ ᠂ ᠤᠯᠠᠭᠠᠨᠬᠠᠳᠠ ᠬᠤᠲᠠ ᠳᠤ ᠬᠤᠯᠪᠣᠭᠳᠠᠬᠤ 3 ᠬᠤᠪᠢ ᠂ ᠰᠢᠯᠢ ᠶᠢᠨ ᠭᠤᠣᠯ ᠠᠶᠢᠮᠠᠭ ᠲᠤ ᠬᠤᠯᠪᠣᠭᠳᠠᠬᠤ 1 ᠬᠤᠪᠢ ᠂ ᠣᠯᠠᠭᠠᠨᠴᠠᠪ ᠬᠤᠲᠠ ᠳᠤ ᠬᠤᠯᠪᠣᠭᠳᠠᠬᠤ 1 ᠬᠤᠪᠢ ᠂ ᠤᠷᠳᠤᠰ ᠬᠤᠲᠠ ᠳᠤ ᠬᠤᠯᠪᠣᠭᠳᠠᠬᠤ 4 ᠬᠤᠪᠢ ᠂ ᠪᠠᠶᠠᠨᠨᠠᠭᠤᠷ ᠬᠤᠲᠠ ᠳᠤ ᠬᠤᠯᠪᠣᠭᠲᠠᠬᠤ 1 ᠬᠤᠪᠢ ᠂ ᠦᠬᠠᠢ ᠬᠤᠲᠠ ᠳᠤ ᠬᠤᠯᠪᠣᠭᠳᠠᠬᠤ 1 ᠬᠤᠪᠢ ᠂ ᠠᠯᠠᠱᠠ ᠠᠶᠢᠮᠠᠭ  ᠲᠤ ᠬᠤᠯᠪᠣᠭᠲᠠᠬᠤ 1 ᠬᠤᠪᠢ ᠪᠣᠢ ᠃ ᠲᠣᠰ ᠪᠦᠯᠦᠭ ᠵᠠᠬᠢᠳᠠᠯ ᠰᠤᠷᠪᠤᠯᠵᠢᠯᠡᠯ ᠢᠶᠠᠷ ᠢᠯᠡᠴᠢᠯᠡᠨ ᠮᠡᠳᠡᠭᠦᠯᠤᠭ᠍ᠰᠡᠨ ᠬᠡᠷᠡᠭ ᠲᠤ ᠤᠰᠤᠨ ᠤ ᠪᠤᠬᠢᠷᠳᠤᠯ ᠤᠨ ᠬᠡᠷᠡᠭ 3 ᠬᠤᠪᠢ ᠂ ᠠᠭᠠᠷ ᠮᠠᠨᠳᠠᠯ ᠤᠨ ᠪᠣᠬᠢᠷᠳᠦᠯ ᠤᠨ ᠬᠡᠷᠡᠭ 2 ᠬᠤᠪᠢ ᠂ ᠬᠦᠷᠦᠰᠤ ᠰᠢᠷᠦᠢ ᠶᠢᠨ ᠪᠣᠬᠢᠷᠳᠤᠯ ᠤᠨ ᠬᠡᠷᠡᠭ 5 ᠬᠤᠪᠢ ᠂ ᠠᠮᠢ ᠠᠬᠤᠢ ᠶᠢ ᠡᠪᠳᠡᠭᠰᠡᠨ ᠬᠡᠷᠡᠭ 19 ᠬᠤᠪᠢ ᠂ ᠱᠤᠤᠬᠢᠶᠠᠨ ᠤ ᠪᠤᠬᠢᠷᠳᠤᠯ ᠤᠨ ᠬᠡᠷᠡᠭ 1 ᠬᠤᠪᠢ ᠪᠣᠢ ᠃ ᠲᠤᠬᠠᠢ ᠶᠢᠨ ᠡᠳᠦᠷ ᠂ ᠲᠡᠭᠡᠷᠡᠬᠢ ᠵᠠᠬᠢᠳᠡᠯ ᠰᠤᠷᠪᠤᠯᠵᠢᠯᠡᠯ ᠢᠶᠠᠷ ᠢᠯᠡᠴᠢᠯᠡᠨ ᠮᠡᠳᠡᠭᠦᠯᠣᠭ᠍ᠰᠡᠨ ᠬᠡᠷᠡᠭ ᠢ ᠴᠥᠮ ᠬᠤᠯᠪᠣᠭᠳᠡᠯ ᠪᠦᠬᠦᠢ ᠠᠶᠢᠮᠠᠭ ᠬᠤᠲᠠ ᠳᠤ ᠰᠢᠯᠵᠢᠭᠦᠯᠦᠨ ᠰᠢᠢᠳᠪᠦᠷᠢᠯᠡᠭᠦᠯᠵᠦ ᠪᠠᠶᠢᠨ᠎ᠠ ᠃

6 ᠰᠠᠷ᠎ᠠ ᠶᠢᠨ 3 ᠤ ᠡᠳᠣᠷ ᠪᠣᠯᠲᠠᠯ᠎ᠠ ᠂ ᠲᠥᠪ ᠤᠨ ᠠᠮᠢ ᠠᠬᠤᠢ ᠤᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠲᠤᠭᠠᠷ ᠬᠢᠨᠠᠨ ᠪᠠᠶᠢᠴᠠᠭᠠᠬᠤ ᠳᠤᠭᠤᠶᠢᠯᠠᠩ ᠠᠴᠠ ᠮᠠᠨ ᠤ ᠣᠷᠣᠨ ᠳᠤ ᠵᠠᠬᠢᠳᠠᠯ ᠰᠤᠷᠪᠤᠯᠵᠢᠯᠡᠯ ᠢᠶᠠᠷ ᠢᠯᠡᠴᠢᠯᠡᠨ ᠮᠡᠳᠡᠭᠦᠯᠣᠭ᠍ᠰᠡᠨ ᠬᠡᠷᠡᠭ ᠢ ᠨᠡᠶᠢᠲᠡ ᠵᠢᠷᠭᠤᠭᠠᠨ ᠪᠦᠯᠦᠭ ᠂ 175 ᠬᠤᠪᠢ ︵ᠭᠤᠤᠯᠳᠠᠯᠭ᠎ᠠ ᠲᠠᠢ ᠠᠩᠬᠠᠷᠬᠤ 26 ᠬᠤᠪᠢ︶ ᠶᠢ ᠰᠢᠢᠳᠪᠦᠷᠢᠯᠡᠭᠦᠯᠬᠦ ᠪᠠᠷ ᠲᠣᠰᠢᠶᠠᠵᠠᠢ ᠂ ᠡᠭᠦᠨ ᠳᠤ ᠤᠳᠡᠰᠤ ᠪᠠᠷ ᠢᠯᠡᠴᠢᠯᠡᠨ ᠮᠡᠳᠡᠭᠦᠯᠣᠭ᠍ᠰᠡᠨ ᠬᠡᠷᠡᠭ 119 ᠬᠤᠪᠢ ᠂ ᠵᠠᠬᠢᠳᠡᠯ ᠢᠶᠠᠷ ᠢᠯᠡᠴᠢᠯᠡᠨ ᠮᠡᠳᠡᠭᠦᠯᠣᠭ᠍ᠰᠡᠨ ᠬᠡᠷᠡᠭ 56 ᠬᠤᠪᠢ ᠪᠣᠢ ᠃ 175 ᠬᠤᠪᠢ ᠵᠠᠬᠢᠳᠠᠯ ᠰᠤᠷᠪᠤᠯᠵᠢᠯᠠᠯ ᠢᠶᠠᠷ ᠢᠯᠡᠴᠢᠯᠠᠨ ᠮᠡᠳᠡᠭᠦᠯᠤᠭ᠍ᠰᠠᠨ ᠬᠡᠷᠡᠭ ᠲᠤ ᠬᠥᠬᠡᠬᠤᠲᠠ ᠳᠤ ᠬᠤᠯᠪᠣᠭᠲᠠᠬᠤ 40 ᠬᠤᠪᠢ ᠂ ᠪᠣᠭᠤᠲᠤ ᠬᠤᠲᠠ ᠳᠤ ᠬᠤᠯᠪᠣᠭᠳᠠᠬᠤ 8 ᠬᠤᠪᠢ ᠂ ᠬᠦᠯᠣᠨ ᠪᠣᠶᠢᠷ ᠬᠤᠲᠠ ᠳᠤ ᠬᠤᠯᠪᠣᠭᠲᠠᠬᠤ 14 ᠬᠤᠪᠢ ᠂ ᠬᠢᠩᠭᠠᠨ ᠠᠶᠢᠮᠠᠭ ᠲᠤ ᠬᠤᠯᠪᠣᠭᠲᠠᠬᠤ 9 ᠬᠤᠪᠢ ᠂ ᠲᠦᠩᠯᠢᠶᠣᠣ ᠬᠤᠲᠠ ᠳᠤ ᠬᠤᠯᠪᠣᠭᠲᠠᠬᠤ 20 ᠬᠤᠪᠢ ᠂ ᠤᠯᠠᠭᠠᠨᠬᠠᠳᠠ ᠬᠤᠲᠠ ᠳᠤ ᠬᠤᠯᠪᠣᠭᠳᠠᠬᠤ 19 ᠬᠤᠪᠢ ᠂ ᠰᠢᠯᠢ ᠶᠢᠨ ᠭᠤᠣᠯ ᠠᠶᠢᠮᠠᠭ ᠲᠤ ᠬᠤᠯᠪᠣᠭᠳᠠᠬᠤ 6 ᠬᠤᠪᠢ ᠂ ᠣᠯᠠᠭᠠᠨᠴᠠᠪ ᠬᠤᠲᠠ  ᠳᠤ ᠬᠤᠯᠪᠣᠭᠳᠠᠬᠤ 8 ᠬᠤᠪᠢ ᠂ ᠤᠷᠳᠤᠰ ᠬᠤᠲᠠ ᠳᠤ ᠬᠤᠯᠪᠣᠭᠳᠠᠬᠤ 27 ᠬᠤᠪᠢ ᠂ ᠪᠠᠶᠠᠨᠨᠠᠭᠤᠷ ᠬᠤᠲᠠ ᠳᠤ ᠬᠤᠯᠪᠣᠭᠳᠠᠬᠤ 16 ᠬᠤᠪᠢ ᠂ ᠦᠬᠠᠢ ᠬᠤᠲᠠ ᠳᠤ ᠬᠤᠯᠪᠣᠭᠲᠠᠬᠤ 5 ᠬᠤᠪᠢ ᠂ ᠠᠯᠠᠱᠠ ᠠᠶᠢᠮᠠᠭ ᠲᠤ ᠬᠤᠯᠪᠣᠭᠳᠠᠬᠤ 3 ᠬᠤᠪᠢ ᠪᠣᠢ ᠃

 

 


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ