​ᠨᠢᠭᠡᠯᠡ ᠭᠠᠵᠠᠷ ᠲᠤ ᠲᠦᠭ ᠲᠦᠮᠡᠨ ᠡᠷᠦᠭᠡ ᠶᠢᠨ ᠶᠠᠪᠤᠳᠠᠯ ᠢ ᠰᠢᠢᠳᠪᠦᠷᠢᠯᠡᠵᠦ ᠶᠡᠷᠦᠩᠬᠡᠶᠢᠯᠡᠨ ᠵᠠᠰᠠᠬᠤ ᠲᠥᠪ ᠢᠶᠠᠷ ᠠᠮᠤᠷ ᠲᠣᠭᠲᠠᠭᠤᠨ ᠤ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠢ ᠪᠠᠲᠤ ᠴᠣᠭᠴᠠᠯᠠᠨᠠᠮ
ᠨᠡᠶᠢᠲᠡᠯᠡᠭᠰᠡᠨ ᠴᠠᠭ᠄
2025/6/4


ᠵᠤᠨ ᠤ ᠰᠠᠶᠢᠬᠠᠨ ᠤᠯᠠᠷᠢᠯ ᠳᠤ ᠦᠬᠠᠢ ᠬᠤᠳᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ ᠲᠤ ᠬᠦᠷᠬᠦ ᠪᠠᠷ ᠠᠭᠤᠵᠢᠮ ᠰᠠᠷᠠᠭᠤᠯ ᠭᠥᠯᠢᠶᠡᠨ ᠠᠪᠴᠤ ᠰᠢᠢᠳᠪᠦᠷᠢᠯᠡᠬᠦ ᠲᠢᠩᠬᠢᠮ ᠤᠨ 10 ᠶᠡᠷᠦᠩᠬᠡᠶᠢᠯᠡᠭᠰᠡᠨ ᠭᠥᠯᠢᠶᠡᠨ ᠠᠪᠬᠤ ᠴᠣᠩᠬᠤᠪᠴᠢ ᠳᠤ ᠤᠯᠠᠨ ᠲᠦᠮᠡᠨ ᠡᠮᠬᠢ ᠳᠢᠭᠯᠢᠮ ᠲᠠᠢ ᠪᠠᠷ ᠠᠰᠠᠭᠤᠨ ᠯᠠᠪᠯᠠᠵᠠᠭᠠᠨ᠎ᠠ ᠃ ᠴᠢᠳᠠᠮᠵᠢᠲᠤ ᠲᠣᠭᠤᠷᠢᠭ ᠲᠠᠬᠢ ᠲᠤᠰ ᠲᠤᠰ ᠤᠨ ᠣᠨᠴᠠᠯᠢᠭ ᠲᠠᠢ 8 ᠡᠶᠡᠳᠡᠭᠦᠯᠬᠦ ᠲᠠᠰᠤᠭ ᠪᠠ 5 ᠴᠢᠳᠠᠮᠵᠢᠲᠤ ᠲᠠᠰᠤᠭ ᠨᠢ ᠣᠯᠠᠨ ᠲᠦᠮᠡᠨ ᠳᠤ ᠬᠠᠤᠯᠢ ᠴᠠᠭᠠᠵᠠ ᠶᠢᠨ ᠵᠥᠪᠯᠡᠯᠭᠡ ᠥᠭᠬᠦ ᠂ ᠰᠡᠳᠬᠢᠴᠡ ᠶᠢᠨ ᠵᠢᠯᠣᠭᠤᠳᠤᠯᠭ᠎ᠠ ᠬᠢᠬᠦ ᠵᠡᠷᠭᠡ ᠣᠯᠠᠨ ᠲᠠᠯ᠎ᠠ ᠶᠢᠨ ᠦᠢᠯᠡᠴᠢᠯᠡᠭᠡ ᠬᠠᠩᠭᠠᠵᠤ ᠪᠠᠶᠢᠨ᠎ᠠ ᠃

ᠡᠨᠡ ᠵᠢᠯ ᠤᠨ 2 ᠰᠠᠷ᠎ᠠ ᠳᠤ ᠪᠣᠳᠠᠲᠤ ᠴᠣᠭᠴᠠᠵᠢᠭᠤᠯᠤᠨ ᠠᠵᠢᠯᠯᠠᠭᠤᠯᠤᠭᠰᠠᠨ ᠠᠴᠠ ᠨᠠᠭᠠᠰᠢ ᠂ ᠬᠠᠶᠢᠷᠤᠪ ᠤᠨ ᠲᠣᠬᠤᠢ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ ᠤᠨ ᠬᠢᠨ ᠨᠡᠶᠢᠳᠡ 458 ᠤᠯᠠᠨ ᠲᠦᠮᠡᠨ ᠢ ᠭᠥᠯᠢᠶᠡᠨ ᠠᠪᠴᠤ ᠂ 167 ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠨ ᠂ 157 ᠬᠡᠷᠡᠭ ᠢ ᠰᠢᠢᠳᠪᠦᠷᠢᠯᠡᠵᠦ ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ ᠨᠢ 94% ᠶᠢ ᠳᠠᠪᠠᠵᠠᠢ ᠃

ᠨᠢᠳᠤᠨᠤᠨ ᠂ ᠦᠬᠠᠢ ᠬᠤᠲᠠ ᠪᠦᠭᠦ ᠣᠷᠣᠨ ᠳᠤ ︽ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠬᠰᠠᠨ ᠪᠠᠶᠢᠭᠤᠯᠤᠯᠲᠠ ᠶᠢ ᠤᠯᠠᠮ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠥᠯ ︾ ᠢ ᠤᠷᠢᠳ ᠢᠶᠠᠷ ᠲᠣᠭᠲᠠᠭᠠᠵᠤ ᠂ ᠬᠤᠲᠠ ᠂ ᠲᠣᠭᠤᠷᠢᠭ ᠂ ᠪᠠᠯᠭᠠᠰᠤ ︵ᠵᠡᠭᠡᠯᠢ ᠭᠤᠳᠤᠮᠵᠢ ︶ ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠬᠰᠠᠨ ᠪᠠᠶᠢᠭᠤᠯᠤᠯᠲᠠ ᠂ ᠪᠣᠳᠠᠲᠤ ᠪᠠᠶᠢᠯᠳᠤᠭᠠᠨ ᠤ ᠠᠵᠢᠯᠯᠠᠭᠠᠨ ᠤ ᠬᠠᠷᠠᠯᠲᠠ ᠶᠢ 3 ᠵᠢᠯ ᠬᠤᠪᠢᠶᠠᠨ ᠪᠡᠶᠡᠯᠡᠭᠦᠯᠦᠨ᠎ᠡ ᠭᠡᠵᠦ ᠲᠣᠳᠣᠷᠬᠠᠢ ᠲᠣᠭᠲᠠᠭᠠᠵᠠᠢ ᠃ ᠡᠨᠡ ᠵᠢᠯ ᠤᠨ ᠡᠬᠢ ᠪᠠᠷ ᠂ ᠬᠤᠯᠪᠣᠭᠳᠠᠯ ᠪᠦᠬᠦᠢ ᠬᠠᠮᠤᠭ ᠤᠨ ᠰᠢᠨ᠎ᠡ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠂ ᠦᠬᠠᠢ ᠬᠤᠳᠠ ᠶᠢᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠦᠬᠠᠢ ᠬᠤᠳᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠂ ᠨᠡᠶᠢᠭᠡᠮ ᠤᠨ ᠠᠵᠢᠯ ᠤᠨ ᠬᠡᠯᠲᠡᠰ ᠂ ᠣᠷᠣᠨ ᠲᠤᠭ᠎ᠠ ᠶᠢᠨ ᠠᠯᠪᠠᠨ ᠭᠡᠷ ᠵᠡᠷᠭᠡ 15 ᠰᠠᠯᠠᠭ᠎ᠠ ᠮᠥᠴᠢᠷ ᠲᠠᠢ ᠬᠠᠮᠲᠤᠷᠠᠨ ᠂ ᠬᠡᠷᠡᠭᠵᠢᠭᠦᠯᠬᠦ ᠲᠥᠰᠥᠯ ᠢ ᠰᠢᠨ᠎ᠡ ᠪᠠᠷ ᠵᠠᠰᠠᠨ ᠲᠡᠭᠦᠯᠳᠡᠷᠵᠢᠭᠦᠯᠵᠦ ᠂ ᠪᠠᠶᠢᠭᠤᠯᠤᠯᠲᠠ ᠂ ᠡᠭᠦᠷᠭᠡ ᠴᠢᠳᠠᠪᠬᠢ ᠂ ᠠᠵᠢᠯᠯᠠᠭᠠᠨ ᠵᠡᠷᠭᠡ 3 ᠲᠠᠯ᠎ᠠ ᠪᠠᠷ ᠴᠢᠭᠯᠡᠯ ᠪᠠ ᠠᠷᠭ᠎ᠠ ᠵᠠᠮ ᠢ ᠤᠯᠠᠮ ᠲᠣᠳᠣᠷᠬᠠᠶᠢᠯᠠᠵᠤ ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠬᠰᠠᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠳᠤ ᠪᠠᠲᠤ ᠪᠠᠬᠢ ᠳᠦᠷᠢᠮ ᠤᠨ ᠪᠠᠲᠤᠯᠠᠭ᠎ᠠ ᠬᠠᠩᠭᠠᠵᠠᠢ ᠃

︽ᠶᠡᠷᠦᠩᠬᠡᠶᠢᠯᠡᠨ ᠵᠠᠰᠠᠬᠤ ᠲᠥᠪ ᠤᠨ ᠬᠢᠨ ᠲᠠᠪᠴᠠᠩ ᠭᠠᠷᠭᠠᠵᠤ ᠂ ᠣᠷᠣᠵᠤ ᠰᠠᠭᠤᠭᠰᠠᠨ ᠰᠠᠯᠠᠭ᠎ᠠ ᠮᠥᠴᠢᠷ ᠤᠨ ᠬᠢᠨ ᠦᠢᠯᠡᠳᠦᠯ ᠢᠶᠠᠨ ᠪᠠᠳᠠᠷᠠᠭᠤᠯᠵᠤ ᠂ ᠵᠥᠷᠢᠴᠡᠯ ᠵᠠᠭᠤᠷᠠᠯᠳᠤᠭᠠᠨ ᠢ ᠦᠨᠡᠨ ᠪᠣᠳᠠᠲᠠᠢ ᠰᠢᠢᠳᠪᠦᠷᠢᠯᠡᠵᠡᠢ ︾᠃ ᠬᠤᠲᠠ ᠶᠢᠨ ᠳᠡᠰ ᠳᠠᠪᠬᠤᠷᠭ᠎ᠠ ᠳᠤ ᠂ ᠦᠬᠠᠢ ᠬᠤᠳᠠ ᠶᠢᠨ ᠶᠡᠷᠦᠩᠬᠡᠶᠢᠯᠡᠨ ᠵᠠᠰᠠᠬᠤ ᠲᠥᠪ ᠨᠢ ᠬᠤᠳᠠ ᠶᠢᠨ ᠲᠣᠭᠠᠴᠢᠯᠠᠭᠰᠠᠨ ᠬᠤᠳᠠ ᠶᠢᠨ ᠠᠵᠢᠯᠯᠠᠭᠠᠨ ᠪᠠ ᠵᠠᠰᠠᠯᠲᠠ ᠶᠢᠨ ᠲᠥᠪ ᠲᠠᠢ ᠬᠠᠮᠲᠤᠷᠠᠨ ᠠᠵᠢᠯᠯᠠᠵᠤ ᠂ 48 ᠰᠠᠯᠠᠭ᠎ᠠ ᠮᠥᠴᠢᠷ ᠤᠨ 15 ᠳ᠋ᠦᠩᠰᠢᠭᠤᠷ ᠰᠢᠬᠠᠮ ᠲᠤᠭ᠎ᠠ ᠪᠠᠷᠢᠮᠲᠠ ᠶᠢ ᠴᠤᠭᠯᠠᠭᠤᠯᠵᠤ ︽ᠲᠤᠭ᠎ᠠ ᠪᠠᠷᠢᠮᠲᠠ ᠶᠢᠨ ᠬᠥᠮᠥᠷᠭᠡ ︾ ᠶᠢ ᠪᠦᠷᠢᠯᠳᠦᠭᠦᠯᠵᠦ ᠂ ᠵᠥᠷᠢᠴᠡᠯ ᠵᠠᠭᠤᠷᠠᠯᠳᠤᠭᠠᠨ ᠤ ᠲᠤᠭ᠎ᠠ ᠪᠠᠷᠢᠮᠲᠠ ᠶᠢᠨ ᠪᠦᠲᠦᠴᠡ ᠳᠤ ᠵᠠᠳᠠᠯᠤᠯᠲᠠ ᠬᠢᠬᠦ ᠂ ᠣᠶᠤᠨᠴᠢ ᠪᠠᠷ ᠰᠤᠳᠤᠯᠤᠨ ᠮᠠᠭᠠᠳᠯᠠᠬᠤ ᠶᠢ ᠴᠢᠩᠭᠠᠳᠬᠠᠵᠤ ᠂ ᠵᠥᠷᠢᠴᠡᠯ ᠵᠠᠭᠤᠷᠠᠯᠳᠤᠭᠠᠨ ᠤ ᠬᠥᠭᠵᠢᠯᠲᠡ ᠶᠢᠨ ᠪᠠᠶᠢᠳᠠᠯ ᠢ ᠬᠥᠳᠡᠯᠦᠩᠭᠦᠢ ᠪᠠᠷ ᠲᠤᠰᠬᠠᠵᠤ ᠂ ᠴᠠᠭ ᠲᠤᠬᠠᠢ ᠳᠤᠨᠢ ᠰᠡᠷᠡᠮᠵᠢᠯᠡᠭᠦᠯᠭᠦ ᠂ ᠬᠥᠳᠡᠯᠦᠩᠭᠦᠢ ᠪᠠᠷ ᠰᠤᠳᠤᠯᠤᠨ ᠮᠠᠭᠠᠳᠯᠠᠬᠤ ᠂ ᠪᠦᠲᠦᠮᠵᠢᠲᠡᠢ ᠰᠢᠢᠳᠪᠦᠷᠢᠯᠡᠬᠦ ᠶᠢ ᠪᠡᠶᠡᠯᠡᠭᠦᠯᠵᠦ ᠂ ᠪᠦᠭᠦ ᠡᠯᠧᠮᠧᠨ᠋ᠲ ᠢᠶᠠᠷ ᠶᠡᠷᠦᠩᠬᠡᠶᠢᠯᠡᠨ ᠵᠠᠰᠠᠬᠤ ᠲᠥᠪ ᠤᠨ ᠪᠣᠳᠠᠲᠤ ᠠᠵᠢᠯᠯᠠᠭᠠᠨ ᠤ ᠦᠷ᠎ᠡ ᠪᠦᠲᠦᠮᠵᠢ ᠶᠢ ᠲᠤᠯᠭᠠᠭᠤᠷᠢᠯᠠᠪᠠ ᠃

ᠣᠶᠢᠷ᠎ᠠ ᠶᠢᠨ ᠵᠢᠯ ᠤᠨ ᠲᠣᠰ ᠬᠤᠲᠠ ᠶᠢᠨ ᠵᠥᠷᠢᠴᠡᠯ ᠵᠠᠭᠤᠷᠠᠯᠳᠤᠭᠠᠨ ᠠᠮᠠᠷᠬᠠᠨ ᠡᠭᠦᠰᠬᠦ ᠪᠠ ᠪᠠᠶᠢᠨ ᠳᠠᠭᠢᠨ ᠡᠭᠦᠰᠬᠦ ᠬᠦᠷᠢᠶᠡᠨ ᠤ ᠲᠤᠭ᠎ᠠ ᠪᠦᠷᠢᠳᠬᠡᠯ ᠤᠨ ᠵᠠᠳᠠᠯᠤᠯᠲᠠ ᠶᠢ ᠦᠨᠳᠦᠰᠦᠯᠡᠵᠦ ᠂ ᠦᠬᠠᠢ ᠬᠤᠲᠠ ᠶᠢᠨ ᠡᠯ᠎ᠡ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠢ ᠨᠡᠶᠢᠳᠬᠡᠬᠦ ᠶᠢᠨ ᠬᠠᠮᠲᠤ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠂ ᠡᠷᠡᠭᠦᠯ ᠬᠠᠮᠠᠭᠠᠯᠠᠯ ᠡᠷᠡᠭᠦᠯ ᠮᠡᠨᠳᠦ ᠂ ᠡᠮᠡᠭᠲᠡᠶᠢᠴᠦᠳ ᠤᠨ ᠬᠤᠯᠪᠤᠭ᠎ᠠ ᠂ ᠠᠵᠢᠯᠴᠢᠨ ᠤ ᠡᠪᠯᠡᠯ ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠨ ᠡᠬᠢ ᠪᠠᠶᠠᠯᠢᠭ ᠤᠨ ᠬᠦᠴᠦᠨ ᠢ ᠶᠡᠷᠦᠩᠬᠡᠶᠢᠯᠡᠨ ᠵᠠᠰᠠᠬᠤ ᠲᠥᠪ ᠲᠤ ᠲᠥᠪᠯᠡᠷᠡᠭᠦᠯᠦᠨ ᠠᠵᠢᠯᠯᠠᠭᠤᠯᠵᠤ ᠂ ᠣᠷᠤᠭ ᠤᠨ ᠡᠶᠡᠳᠡᠭᠦᠯᠦᠯᠲᠡ ᠶᠢᠨ ᠵᠥᠪᠯᠡᠯ ᠂ ᠵᠠᠮ ᠬᠠᠷᠢᠯᠴᠠᠭᠠᠨ ᠤ ᠠᠳᠡᠯ ᠢ ᠡᠶᠡᠳᠡᠭᠦᠯᠬᠦ ᠵᠥᠪᠯᠡᠯ ᠂ ᠠᠳᠠᠯ ᠠᠬᠤᠢ ᠶᠢᠨ ᠡᠶᠡᠳᠡᠭᠦᠯᠭᠡ ᠶᠢᠨ ᠵᠥᠪᠯᠡᠯ ᠵᠡᠷᠭᠡ ᠨᠢᠭᠡ ᠪᠦᠯᠦᠭ ᠲᠤᠰᠬᠠᠢ ᠮᠡᠷᠭᠡᠵᠢᠯ ᠤᠨ ᠴᠢᠨᠠᠷᠲᠠᠢ ᠠᠵᠢᠯ ᠲᠥᠷᠥᠯ ᠤᠨ ᠴᠢᠨᠠᠷᠲᠠᠢ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠵᠤ ᠂ ᠡᠭᠡᠯᠵᠢᠯᠡᠨ ᠰᠠᠭᠤᠬᠤ ᠂ ᠳᠠᠭᠤᠳᠠᠮᠠᠭᠴᠠ ᠢᠷᠡᠵᠤ ᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠨ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠳᠤ ᠣᠷᠣᠯᠴᠠᠪᠠ ᠃ ᠡᠯ᠎ᠡ ᠪᠠᠯᠭᠠᠰᠤ ︵ᠵᠡᠭᠡᠯᠢ ᠭᠤᠳᠤᠮᠵᠢ ︶ ᠶᠢᠨ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠳ ᠨᠡᠶᠢᠭᠡᠮ ᠤᠨ ᠵᠠᠰᠠᠯᠲᠠ ᠶᠢᠨ ᠠᠯᠪᠠᠨ ᠭᠡᠷ ᠂ ︽ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠂ ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠪᠠ ᠠᠷᠠᠳ ᠤᠨ ᠰᠢᠭᠦᠬᠦ ᠲᠢᠩᠬᠢᠮ ︾ ᠵᠡᠷᠭᠡ ᠡᠬᠢ ᠪᠠᠶᠠᠯᠢᠭ ᠤᠨ ᠬᠦᠴᠦᠨ ᠢ ᠨᠡᠶᠢᠳᠬᠡᠵᠦ ᠣᠯᠠᠨ ᠵᠦᠢᠯ ᠤᠨ ᠠᠷᠭ᠎ᠠ ᠭᠡᠯᠪᠡᠷᠢ ᠪᠠᠷ ᠶᠡᠷᠦᠩᠬᠡᠶᠢᠯᠡᠨ ᠵᠠᠰᠠᠬᠤ ᠲᠥᠪ ᠲᠤ ᠤᠶᠠᠨ ᠬᠠᠳᠠᠨ ᠴᠢᠨᠠᠷᠲᠠᠢ ᠣᠷᠣᠵᠤ ᠰᠠᠭᠤᠨ ᠂ ᠡᠯ᠎ᠡ ᠲᠥᠷᠥᠯ ᠤᠨ ᠵᠥᠷᠢᠴᠡᠯ ᠵᠠᠭᠤᠷᠠᠯᠳᠤᠭᠠᠨ ᠭᠤᠮᠣᠳᠠᠯ ᠲᠣᠭᠠᠴᠢᠯᠲᠠ ᠶᠢ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠂ ᠬᠠᠮᠲᠤᠷᠠᠨ ᠡᠶᠡᠳᠡᠭᠦᠯᠦᠨ ᠰᠢᠢᠳᠪᠦᠷᠢᠯᠡᠬᠦ ᠂ ᠦᠨᠡᠨ ᠪᠣᠳᠠᠲᠠᠢ ᠰᠢᠢᠳᠪᠦᠷᠢᠯᠡᠬᠦ ᠶᠢ ᠪᠡᠶᠡᠯᠡᠭᠦᠯᠪᠡ ᠃ ᠲᠣᠰ ᠬᠤᠲᠠ ᠶᠢᠨ ᠲᠣᠭᠤᠷᠢᠭ ᠤᠨ ᠲᠠᠰ ᠤᠨ ᠶᠡᠷᠦᠩᠬᠡᠶᠢᠯᠡᠨ ᠵᠠᠰᠠᠬᠤ ᠲᠥᠪ ᠪᠦᠭᠦᠨ ᠢ ︽ᠲᠠᠪᠤᠨ ᠪᠠᠷᠢᠮᠵᠢᠶ᠎ᠠ ︾ ᠪᠠᠷ ᠪᠦᠲᠦᠭᠡᠨ ᠪᠠᠶᠢᠭᠤᠯᠬᠤ ᠶᠢᠨ ᠬᠠᠮᠲᠤ ᠂ ᠶᠡᠷᠦᠩᠬᠡᠶᠢᠯᠡᠨ ᠵᠠᠰᠠᠬᠤ ᠲᠥᠪ ᠤᠨ ᠬᠠᠶ᠋ᠢᠭ ᠪᠠ ᠬᠠᠷᠢᠯᠴᠠᠬᠤ ᠠᠷᠭ᠎ᠠ ᠭᠡᠯᠪᠡᠷᠢ ᠶᠢ ᠣᠯᠠᠨ ᠠᠷᠭ᠎ᠠ ᠵᠠᠮ ᠢᠶᠠᠷ ᠨᠡᠶᠢᠲᠡᠯᠡᠵᠦ ᠂ ᠪᠦᠭᠦᠨ ᠢ ᠭᠠᠵᠠᠷ ᠤᠨ ᠵᠢᠷᠤᠭ ᠤᠨ ᠵᠠᠮᠴᠢᠯᠠᠭᠤᠷ ᠳᠡᠭᠡᠷ᠎ᠡ ᠣᠷᠣᠨ ᠪᠠᠶᠢᠷᠢ ᠶᠢᠨ ᠮᠡᠳᠡᠭᠡ ᠵᠠᠩᠭᠢ ᠪᠠᠨ ᠰᠢᠨᠡᠳᠬᠡᠵᠦ ᠂ ᠠᠷᠪᠠᠨ ᠲᠠᠪᠤᠨ ᠮᠢᠨᠦ᠋ᠲ ᠤᠨ ᠶᠡᠷᠦᠩᠬᠡᠶᠢᠯᠡᠨ ᠵᠠᠰᠠᠬᠤ ᠲᠥᠪ ᠤᠨ ᠳᠥᠭᠦᠮ ᠳᠥᠲᠡ ᠦᠢᠯᠡᠴᠢᠯᠡᠭᠡᠨ ᠤ ᠲᠣᠭᠤᠷᠢᠭ ᠢ ᠪᠤᠶ ᠪᠣᠯᠭᠠᠪᠠ ᠃ ︽ᠶᠡᠷᠦᠩᠬᠡᠶᠢᠯᠡᠨ ᠵᠠᠰᠠᠬᠤ ᠲᠥᠪ ᠨᠢ ᠲᠠᠰ ᠳᠠᠷᠠᠭᠠᠯᠠᠯ ᠤᠨ ᠴᠢᠨᠠᠷᠲᠠᠢ ᠠᠬᠢᠭᠤᠯᠬᠤ ᠶᠢ ᠬᠠᠷᠢᠭᠤᠴᠠᠬᠤ ᠂ ᠭᠦᠢᠴᠡᠳᠬᠡᠬᠦ ᠰᠠᠯᠠᠭ᠎ᠠ ᠮᠥᠴᠢᠷ ᠨᠢ ᠮᠥᠨ ᠴᠢᠨᠠᠷ ᠤᠨ ᠴᠢᠨᠠᠷᠲᠠᠢ ᠰᠢᠢᠳᠪᠦᠷᠢᠯᠡᠬᠦ ᠶᠢ ᠬᠠᠷᠢᠭᠤᠴᠠᠬᠤ ︾ ᠵᠠᠷᠴᠢᠮ ᠢ ᠪᠠᠷᠢᠮᠲᠠᠯᠠᠵᠤ ᠂ ᠵᠢᠯᠣᠭᠤᠳᠤᠨ ᠲᠣᠬᠢᠷᠠᠭᠤᠯᠬᠤ ᠂ ᠳᠡᠭᠡᠷ᠎ᠡ ᠱᠠᠲᠤᠨ ᠠᠴᠠ ᠲᠤᠰᠢᠶᠠᠨ ᠰᠢᠢᠳᠪᠦᠷᠢᠯᠡᠭᠦᠯᠬᠦ ᠪᠠ ᠳᠣᠣᠷ᠎ᠠ ᠱᠠᠲᠤᠨ ᠠᠴᠠ ᠳᠡᠭᠡᠭᠰᠢ ᠮᠡᠳᠡᠭᠦᠯᠬᠦ ᠂ ᠶᠡᠷᠦᠩᠬᠡᠶᠢᠯᠡᠨ ᠵᠠᠰᠠᠬᠤ ᠲᠥᠪ ᠬᠢᠭᠡᠳ ᠣᠷᠣᠵᠤ ᠰᠠᠭᠤᠭᠰᠠᠨ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠢ ᠬᠠᠮᠵᠢᠯᠴᠠᠨ ᠵᠣᠯᠭᠠᠭᠤᠯᠬᠤ ᠵᠡᠷᠭᠡ ᠠᠯᠢ ᠣᠯᠠᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠭᠥᠯᠢᠶᠡᠨ ᠠᠪᠴᠤ ᠰᠢᠢᠳᠪᠦᠷᠢᠯᠡᠬᠦ ᠵᠦᠢᠯᠡᠰ ᠢ ᠲᠥᠷᠥᠯ ᠬᠤᠪᠢᠶᠠᠨ ᠳᠠᠩᠰᠠ ᠭᠠᠷᠭᠠᠬᠤ ᠶᠢᠨ ᠬᠠᠮᠲᠤ ᠡᠭᠦᠷᠭᠡ ᠴᠢᠳᠠᠪᠬᠢᠲᠤ ᠰᠠᠯᠠᠭ᠎ᠠ ᠮᠥᠴᠢᠷ ᠲᠤ ᠲᠤᠰᠢᠶᠠᠵᠤ ᠪᠦᠭᠦ ᠶᠠᠪᠤᠴᠠ ᠪᠠᠷ ᠮᠥᠷᠳᠡᠨ ᠱᠠᠯᠠᠪᠳᠠᠭᠤᠯᠪᠠ ᠃

ᠦᠬᠠᠢ ᠬᠤᠲᠠ ᠪᠠᠰᠠ ᠲᠣᠣᠷᠵᠢᠯ ᠤᠨ ︽ᠵᠢᠭᠰᠠᠭᠠᠨ ᠪᠠᠶᠢᠴᠠᠭᠠᠯᠲᠠ ︾᠂ ᠲᠣᠰᠬᠤᠨ ᠨᠡᠶᠢᠭᠡᠮ ᠲᠣᠭᠤᠷᠢᠭ ᠤᠨ ︽ᠠᠩᠬᠠᠨ ᠤ ᠡᠶᠡᠳᠡᠭᠦᠯᠭᠡ ︾᠂ ᠪᠠᠯᠭᠠᠰᠤ ᠵᠡᠭᠡᠯᠢ ᠭᠤᠳᠤᠮᠵᠢ ᠶᠢᠨ ︽ᠬᠤᠷᠠᠯ ᠤᠨ ᠡᠶᠡᠳᠡᠭᠦᠯᠭᠡ ︾᠂ ᠬᠤᠲᠠ ᠲᠣᠭᠤᠷᠢᠭ ᠤᠨ ︽ᠬᠠᠮᠲᠤᠷᠠᠭᠰᠠᠨ ᠡᠶᠡᠳᠡᠭᠦᠯᠭᠡ ︾ ᠵᠡᠷᠭᠡ ᠳᠥᠷᠪᠡᠨ ᠱᠠᠲᠤᠨ ᠤ ᠵᠥᠷᠢᠴᠡᠯ ᠵᠠᠭᠤᠷᠠᠯᠳᠤᠭᠠᠨ ᠢ ᠬᠠᠮᠲᠤᠷᠠᠨ ᠡᠶᠡᠳᠡᠭᠦᠯᠦᠨ ᠰᠢᠢᠳᠪᠦᠷᠢᠯᠡᠬᠦ ᠵᠠᠭᠪᠤᠷ ᠢ ᠢᠳᠡᠪᠬᠢᠲᠡᠢ ᠬᠡᠷᠡᠭᠵᠢᠭᠦᠯᠵᠦ ᠂ ︽ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠂ ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠪᠠ ᠠᠷᠠᠳ ᠤᠨ ᠰᠢᠭᠦᠬᠦ ᠲᠢᠩᠬᠢᠮ ︾᠂ ︽ᠰᠠᠯᠪᠤᠷᠢ ᠬᠤᠯᠪᠣᠭᠠᠯᠠᠭᠰᠠᠨ ︾᠂ ︽ᠴᠠᠭᠳᠠᠭ᠎ᠠ ᠨᠡᠶᠢᠭᠡᠮ ᠤᠨ ᠬᠢᠨ ᠬᠤᠯᠪᠤᠭᠠᠯᠠᠨ ᠬᠥᠳᠡᠯᠦᠯᠴᠡᠭᠰᠡᠨ ︾ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ ᠂ ᠵᠠᠭᠠᠯᠳᠤᠯᠭ᠎ᠠ ᠪᠠᠷ ᠲᠠᠮᠵᠢᠨ ᠡᠶᠡᠳᠡᠭᠦᠯᠬᠦ ᠂ ᠴᠠᠭᠳᠠᠭ᠎ᠠ ᠶᠢᠨ ᠲᠠᠯ᠎ᠠ ᠠᠴᠠ ᠡᠶᠡᠳᠡᠭᠦᠯᠬᠦ ᠂ ᠪᠠᠶᠢᠴᠠᠭᠠᠬᠤ ᠬᠤᠷᠢᠶ᠎ᠠ ᠠᠴᠠ ᠡᠶᠡᠳᠡᠭᠦᠯᠬᠦ ᠂ ᠬᠥᠨᠳᠡᠯᠡᠨ ᠠᠴᠠ ᠲᠠᠰᠤᠯᠬᠤ ᠭᠠᠵᠠᠷ ᠠᠴᠠ ᠡᠶᠡᠳᠡᠭᠦᠯᠬᠦ ᠂ ᠠᠷᠠᠳ ᠤᠨ ᠡᠶᠡᠳᠡᠭᠦᠯᠬᠦ ᠵᠥᠪᠯᠡᠯ ᠠᠴᠠ ᠡᠶᠡᠳᠡᠭᠦᠯᠬᠦ ᠂ ᠵᠠᠬᠢᠳᠠᠯ ᠰᠤᠷᠪᠤᠯᠵᠢᠯᠠᠯ ᠢᠶᠠᠷ ᠲᠠᠮᠵᠢᠨ ᠡᠶᠡᠳᠡᠭᠦᠯᠬᠦ ︽ᠵᠢᠷᠭᠤᠭᠠᠨ ᠡᠶᠡᠳᠡᠭᠦᠯᠭᠡ ︾ ᠶᠢ ᠬᠠᠮᠲᠤᠷᠠᠨ ᠬᠢᠬᠦ ᠶᠢ ᠭᠦᠨᠵᠡᠭᠡᠶᠢᠷᠡᠭᠦᠯᠵᠦ ᠂ ︽ᠬᠥᠷᠰᠢ ᠵᠡᠷᠭᠡᠯᠡᠳᠡᠭᠡ ᠶᠢᠨ ᠬᠡᠷᠡᠭ ᠡᠷᠭᠢᠯᠡᠭᠴᠢᠳ ᠤᠨ ᠳᠠᠷᠤᠭ᠎ᠠ ︾ ᠵᠡᠷᠭᠡ ᠣᠨᠴᠠᠯᠢᠭ ᠲᠠᠢ ᠡᠶᠡᠳᠡᠭᠦᠯᠬᠦ ᠲᠦᠷᠦᠯ ᠲᠡᠮᠳᠡᠭ ᠢ 38 ᠪᠤᠶ ᠪᠤᠯᠭᠠᠵᠤ ᠂ ᠵᠥᠷᠢᠴᠡᠯ ᠵᠠᠭᠤᠷᠠᠯᠳᠤᠭᠠᠨ ᠢ ᠠᠯᠢ ᠴᠢᠳᠠᠬᠤ ᠪᠠᠷ ᠵᠢᠭᠰᠠᠭᠠᠨ ᠂ ᠠᠯᠢ ᠴᠢᠳᠠᠬᠤ ᠪᠠᠷ ᠲᠣᠬᠢᠷᠠᠭᠤᠯᠬᠤ ᠶᠢ ᠪᠦᠭᠦ ᠬᠦᠴᠦᠨ ᠢᠶᠠᠷ ᠢᠶᠠᠨ ᠠᠬᠢᠭᠤᠯᠪᠠ ᠃ ᠡᠨᠡ ᠵᠢᠯ ᠠᠴᠠ ᠨᠠᠭᠠᠰᠢ ᠂ ᠡᠯ᠎ᠡ ᠱᠠᠲᠤᠨ ᠤ ᠶᠡᠷᠦᠩᠬᠡᠶᠢᠯᠡᠨ ᠵᠠᠰᠠᠬᠤ ᠲᠥᠪ ᠨᠡᠶᠢᠲᠡ 2695 ᠵᠥᠷᠢᠴᠡᠯ ᠵᠠᠭᠤᠷᠠᠯᠳᠤᠭᠠᠨ ᠢ ᠭᠥᠯᠢᠶᠡᠨ ᠠᠪᠴᠤ ᠰᠢᠢᠳᠪᠦᠷᠢᠯᠡᠨ ᠂ 2608 ᠬᠡᠷᠡᠭ ᠢ ᠠᠮᠵᠢᠯᠲᠠ ᠲᠠᠢ ᠡᠶᠡᠳᠡᠭᠦᠯᠵᠦ ᠂ ᠠᠮᠵᠢᠯᠲᠠ ᠲᠠᠢ ᠡᠶᠡᠳᠡᠭᠦᠯᠦᠭᠰᠡᠨ ᠨᠣᠷᠮ᠎ᠠ 97% ᠳᠤ ᠬᠦᠷᠴᠡᠢ ᠃ ᠡᠭᠦᠨ ᠤ ᠬᠠᠮᠲᠤ ᠂ ︽ᠲᠣᠣᠷᠵᠢᠯ ᠤᠨ ᠨᠠᠮ ᠤᠨ ᠪᠠᠭ᠎ᠠ ᠳᠤᠭᠤᠶᠢᠯᠠᠩ + ᠲᠤᠰᠬᠠᠢ ᠲᠤᠰᠢᠶᠠᠯᠲᠤ ᠲᠣᠣᠷᠵᠢᠯ ᠤᠨ ᠠᠵᠢᠯᠲᠠᠨ + ᠠᠰᠠᠷ ︵ᠨᠢᠭᠡᠴᠢ ᠂ ᠡᠷᠦᠭᠡ ᠬᠤᠯᠪᠣᠭᠠᠯᠠᠭᠰᠠᠨ ︶ ᠤᠨ ᠳᠠᠷᠤᠭ᠎ᠠ ︾ ᠶᠢᠨ ᠦᠨᠳᠦᠰᠦᠨ ᠱᠠᠲᠤᠨ ᠤ ᠪᠢᠴᠢᠯ ᠵᠠᠰᠠᠯᠲᠠ ᠶᠢᠨ ︽ᠭᠤᠷᠪᠠᠯᠵᠢᠨ ᠬᠤᠯᠪᠣᠭᠠᠰᠤ︾ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠲᠣᠣᠷᠵᠢᠯ ᠤᠨ ᠨᠠᠮ ᠤᠨ ᠪᠠᠭ᠎ᠠ ᠳᠤᠭᠤᠶᠢᠯᠠᠩ ᠢ 390 ᠪᠠᠶᠢᠭᠤᠯᠵᠤ ᠂ ᠲᠤᠰᠬᠠᠢ ᠲᠤᠰᠢᠶᠠᠯᠲᠤ ᠲᠣᠣᠷᠵᠢᠯ ᠤᠨ ᠠᠵᠢᠯᠲᠠᠨ ᠢ 554 ᠲᠣᠬᠢᠷᠠᠭᠤᠯᠵᠤ ᠂ ᠠᠰᠠᠷ ︵ᠨᠢᠭᠡᠴᠢ ᠂ ᠡᠷᠦᠭᠡ ᠬᠤᠯᠪᠣᠭᠠᠯᠠᠭᠰᠠᠨ ︶ ᠤᠨ ᠳᠠᠷᠤᠭ᠎ᠠ ᠶᠢ 4049 ᠰᠣᠩᠭᠤᠨ ᠭᠠᠷᠭᠠᠵᠤ ᠂ ᠦᠨᠳᠦᠰᠦᠨ ᠱᠠᠲᠤᠨ ᠤ ᠡᠯ᠎ᠡ ᠲᠥᠷᠥᠯ ᠤᠨ ᠵᠥᠷᠢᠴᠡᠯ ᠵᠠᠭᠤᠷᠠᠯᠳᠤᠭᠠᠨ ᠢ ᠪᠦᠭᠦ ᠲᠠᠯ᠎ᠠ ᠪᠠᠷ ᠭᠦᠨᠵᠡᠭᠡᠢ ᠪᠠᠶᠢᠴᠠᠭᠠᠨ ᠰᠢᠢᠳᠪᠦᠷᠢᠯᠡᠵᠦ ᠂ ᠦᠨᠳᠦᠰᠦᠨ ᠱᠠᠲᠤᠨ ᠤ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠬᠤ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ︾  ᠢ ᠬᠦᠴᠦᠲᠡᠢ ᠪᠠᠲᠤ ᠰᠠᠬᠢᠪᠠ ᠃

ᠨᠢᠭᠡᠯᠡ ᠭᠠᠵᠠᠷ ᠲᠤ ᠲᠦᠮᠡᠨ ᠡᠷᠦᠭᠡ ᠶᠢᠨ ᠶᠠᠪᠤᠳᠠᠯ ᠢ ᠰᠢᠢᠳᠪᠦᠷᠢᠯᠡᠨ᠎ᠡ ᠃ ᠡᠳᠦᠭᠡ ᠦᠬᠠᠢ ᠬᠤᠲᠠ ᠂ ᠶᠡᠷᠦᠩᠬᠡᠶᠢᠯᠡᠨ ᠵᠠᠰᠠᠬᠤ ᠲᠥᠪ ᠢ ᠶᠠᠭ ᠪᠦᠭᠦ ᠬᠦᠴᠦᠨ ᠢᠶᠠᠷ ᠢᠶᠠᠨ ︽ᠰᠡᠳᠬᠢᠯ ᠢ ᠳᠤᠯᠠᠭᠠᠴᠠᠭᠤᠯᠬᠤ ᠥᠷᠲᠡᠭᠡ ︾᠂ ᠵᠥᠷᠢᠴᠡᠯ ᠤᠨ ︽ᠡᠴᠦᠰ ᠤᠨ ᠥᠷᠲᠡᠭᠡ ︾᠂ ᠠᠮᠤᠷ ᠠᠮᠤᠭᠤᠯᠠᠩᠲᠤ ︽ᠰᠠᠬᠢᠨ ᠬᠠᠮᠠᠭᠠᠯᠠᠬᠤ ᠥᠷᠲᠡᠭᠡ ︾ ᠪᠣᠯᠭᠠᠨ ᠪᠦᠲᠦᠭᠡᠨ ᠪᠠᠶᠢᠭᠤᠯᠵᠤ ᠂ ᠶᠡᠷᠦᠩᠬᠡᠶᠢᠯᠡᠨ ᠵᠠᠰᠠᠬᠤ ᠲᠥᠪ ᠢ ᠵᠢᠷᠤᠮᠵᠢᠭᠤᠯᠬᠤ ᠪᠠᠶᠢᠭᠤᠯᠤᠯᠲᠠ ᠪᠠᠷ ᠠᠮᠤᠷ ᠠᠮᠤᠭᠤᠯᠠᠩᠲᠤ ᠦᠬᠠᠢ ᠂ ᠬᠠᠤᠯᠢ ᠪᠠᠷ ᠵᠠᠰᠠᠬᠤ ᠦᠬᠠᠢ ᠶᠢ ᠪᠠᠶᠢᠭᠤᠯᠬᠤ ᠳᠤ ᠬᠦᠴᠦᠨ ᠨᠡᠮᠡᠷᠢᠯᠡᠵᠦ ᠪᠤᠢ ᠃

 


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ