ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 3 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 3 ᠤ ᠡᠳᠦᠷ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠫᠤᠨ ᠤ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠺᠣᠣᠨᠣ᠋ ᠶᠣᠣᠾᠧᠢ ᠶᠢᠨ ᠳᠠᠭᠠᠭᠤᠯᠤᠭᠰᠠᠨ ᠳᠤᠮᠳᠠᠳᠤ ᠤᠯᠤᠰ ᠲᠤ ᠠᠶᠢᠯᠴᠢᠯᠠᠬᠤ ᠪᠦᠯᠬᠦᠮ ᠤᠨ ᠬᠢᠨ ᠲᠠᠢ ᠠᠭᠤᠯᠵᠠᠯᠲᠠ ᠬᠢᠪᠡ᠃
ᠯᠢ ᠴᠢᠶᠠᠩ ᠢᠯᠡᠷᠬᠡᠶᠢᠯᠡᠬᠦ ᠳᠤ ᠪᠠᠨ᠂ ᠨᠢᠳᠤᠨᠤᠨ ᠤ 11 ᠳ᠋ᠦ᠋ᠭᠡᠷ ᠰᠠᠷ᠎ᠠ ᠳᠤ᠂ ᠲᠡᠷᠢᠭᠦᠯᠡᠭᠴᠢ ᠰᠢ ᠶᠢᠨ ᠫᠢᠩ ᠲᠡᠷᠢᠭᠦᠨ ᠰᠠᠶᠢᠳ ᠢᠰᠢᠪᠠ ᠰᠢᠭᠧᠷᠦ᠋ ᠲᠠᠢ ᠯᠢᠮᠠ ᠳᠤ ᠠᠭᠤᠯᠵᠠᠯᠲᠠ ᠬᠢᠵᠦ᠂ ᠳᠤᠮᠳᠠᠳᠤ ᠶᠠᠫᠤᠨ ᠤ ᠪᠠᠶᠢᠯᠳᠤᠬᠤ ᠪᠣᠳᠣᠯᠭ᠎ᠠ ᠶᠢᠨ ᠬᠠᠷᠢᠯᠴᠠᠨ ᠠᠰᠢᠭᠲᠠᠢ ᠬᠠᠷᠢᠴᠠᠭ᠎ᠠ ᠶᠢ ᠪᠦᠬᠦ ᠲᠠᠯ᠎ᠠ ᠪᠠᠷ ᠠᠬᠢᠭᠤᠯᠬᠤ ᠬᠡᠮᠡᠨ ᠰᠠᠨᠠᠯ ᠨᠢᠭᠡᠲᠡᠢ ᠵᠥᠪᠰᠢᠶᠡᠷᠡᠵᠦ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠳᠤᠮᠳᠠᠳᠤ ᠶᠠᠫᠤᠨ ᠤ ᠪᠦᠲᠦᠭᠡᠯᠴᠢ᠂ ᠲᠣᠭᠲᠠᠭᠤᠨ ᠬᠠᠷᠢᠴᠠᠭ᠎ᠠ ᠶᠢ ᠪᠠᠶᠢᠭᠤᠯᠬᠤ ᠪᠠᠷ ᠴᠢᠷᠮᠠᠶᠢᠵᠤ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠳᠤ ᠶᠡᠭᠡ ᠴᠢᠭᠯᠡᠯ ᠢ ᠵᠢᠭᠠᠵᠤ ᠥᠭᠪᠡ᠃ ᠳᠤᠮᠳᠠᠳᠤ ᠶᠠᠫᠤᠨ ᠬᠤᠶᠠᠷ ᠤᠯᠤᠰ ᠪᠣᠯ ᠨᠡᠭᠦᠯᠭᠡᠵᠦ ᠴᠢᠳᠠᠰᠢ ᠦᠭᠡᠢ ᠬᠥᠷᠰᠢ ᠤᠯᠤᠰ ᠮᠥᠨ᠂ ᠨᠡᠭᠦᠯᠭᠡᠵᠦ ᠴᠢᠳᠠᠬᠤ ᠦᠭᠡᠢ ᠶᠤᠮ ᠴᠢᠨᠢ ᠰᠠᠶᠢᠨ ᠬᠥᠷᠰᠢ᠂ ᠰᠠᠶᠢᠨ ᠬᠠᠨᠢᠲᠠᠨ ᠪᠣᠯᠬᠤ ᠬᠡᠷᠡᠭᠲᠡᠢ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠶᠠᠫᠤᠨ ᠤ ᠡᠯ᠎ᠡ ᠡᠲᠡᠭᠡᠳ ᠤᠨ ᠬᠢᠨ ᠲᠠᠢ ᠢᠳᠡᠪᠬᠢᠲᠡᠢ ᠬᠥᠳᠡᠯᠦᠯᠴᠡᠵᠦ᠂ ︽ᠬᠠᠮᠲᠤᠷᠠᠯᠴᠠᠭᠠᠨ ᠤ ᠬᠠᠨᠢᠲᠠᠨ ᠪᠣᠯᠵᠠᠭᠠᠵᠤ᠂ ᠬᠠᠷᠢᠯᠴᠠᠨ ᠰᠦᠷᠳᠡᠭᠦᠯᠬᠦ ᠦᠭᠡᠢ︾ ᠤᠯᠤᠰ ᠲᠦᠷᠦ ᠶᠢᠨ ᠬᠠᠮᠲᠤ ᠶᠢᠨ ᠲᠠᠨᠢᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠨᠡᠩ ᠤᠯᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠣᠯᠵᠤ᠂ ᠬᠤᠶᠠᠷ ᠤᠯᠤᠰ ᠤᠨ ᠤᠯᠤᠰ ᠲᠦᠷᠦ ᠶᠢᠨ ᠢᠲᠡᠭᠡᠯᠴᠡᠭᠡ ᠪᠠ ᠠᠷᠠᠳ ᠤᠨ ᠬᠤᠭᠤᠷᠣᠨᠳᠣᠬᠢ ᠨᠥᠬᠦᠷᠯᠡᠯ ᠤᠨ ᠰᠠᠭᠤᠷᠢ ᠶᠢ ᠪᠠᠬᠢᠵᠢᠭᠦᠯᠦᠨ᠎ᠡ᠃ ᠶᠠᠫᠤᠨ ᠤ ᠲᠠᠯ᠎ᠠ ᠶᠢᠨ ᠬᠢᠨ ᠳᠤ ᠳᠤᠮᠳᠠᠳᠤ ᠶᠢᠨ ᠲᠠᠯ᠎ᠠ ᠶᠢᠨ ᠬᠢᠨ ᠲᠠᠢ ᠬᠠᠮᠲᠤ ᠪᠠᠷ ᠵᠥᠷᠢᠯᠳᠦᠭᠡᠨ ᠢᠶᠠᠨ ᠪᠦᠲᠦᠭᠡᠯᠴᠢ ᠪᠠᠷ ᠬᠠᠮᠢᠶᠠᠷᠤᠨ ᠡᠵᠡᠮᠳᠡᠵᠦ᠂ ᠬᠤᠶᠠᠷ ᠤᠯᠤᠰ ᠤᠨ ᠬᠠᠷᠢᠴᠠᠭ᠎ᠠ ᠶᠢᠨ ᠵᠥᠪ ᠴᠢᠭᠯᠡᠯ ᠢ ᠪᠠᠲᠤ ᠡᠵᠡᠮᠳᠡᠵᠦ᠂ ᠬᠤᠶᠠᠷ ᠲᠠᠯ᠎ᠠ ᠶᠢᠨ ᠬᠠᠷᠢᠴᠠᠭ᠎ᠠ ᠶᠢᠨ ᠡᠷᠡᠭᠦᠯ ᠲᠣᠭᠲᠠᠭᠤᠨ ᠬᠥᠭᠵᠢᠯᠲᠡ ᠪᠠᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃
ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 3 ᠤ ᠡᠳᠦᠷ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠫᠤᠨ ᠤ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠺᠣᠣᠨᠣ᠋ ᠶᠣᠣᠾᠧᠢ ᠶᠢᠨ ᠳᠠᠭᠠᠭᠤᠯᠤᠭᠰᠠᠨ ᠳᠤᠮᠳᠠᠳᠤ ᠤᠯᠤᠰ ᠲᠤ ᠠᠶᠢᠯᠴᠢᠯᠠᠬᠤ ᠪᠦᠯᠬᠦᠮ ᠤᠨ ᠬᠢᠨ ᠲᠠᠢ ᠠᠭᠤᠯᠵᠠᠯᠲᠠ ᠬᠢᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ
ᠯᠢ ᠴᠢᠶᠠᠩ ᠵᠢᠭᠠᠵᠤ ᠭᠠᠷᠭᠠᠬᠤ ᠳᠤ ᠪᠠᠨ᠂ ᠣᠳᠣᠬᠠᠨ ᠤ ᠳᠡᠯᠡᠬᠡᠢ ᠶᠢᠨ ᠪᠠᠶᠢᠳᠠᠯ ᠳᠤ ᠶᠠᠭ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ ᠭᠠᠷᠴᠤ᠂ ᠡᠯ᠎ᠡ ᠤᠯᠤᠰ ᠤᠨ ᠠᠵᠤ ᠠᠬᠤᠢ ᠶᠢᠨ ᠬᠥᠭᠵᠢᠯᠲᠡ ᠳᠤ ᠮᠠᠰᠢ ᠬᠠᠲᠠᠭᠤ ᠰᠢᠯᠭᠠᠯᠲᠠ ᠤᠴᠠᠷᠠᠭᠤᠯᠵᠤ ᠪᠠᠶᠢᠨ᠎ᠠ᠃ ᠳᠤᠮᠳᠠᠳᠤ ᠶᠠᠫᠤᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠳᠤ ᠮᠠᠰᠢ ᠤᠯᠠᠨ ᠣᠨᠴᠠᠭᠠᠢ ᠳᠠᠪᠠᠭᠤᠯᠢᠭ ᠲᠠᠢ ᠪᠠᠶᠢᠳᠠᠭ᠂ ᠣᠨᠴᠠᠭᠠᠶᠢᠯᠠᠨ ᠠᠵᠤ ᠦᠢᠯᠡᠰ ᠤᠨ ᠬᠠᠷᠢᠯᠴᠠᠨ ᠨᠥᠬᠦᠪᠦᠷᠢᠯᠡᠬᠦ ᠴᠢᠨᠠᠷ ᠢᠶᠠᠷ ᠴᠢᠩᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠦᠷᠢᠶᠡᠨ ᠳᠤ ᠥᠪᠡᠷᠰᠡᠳ ᠤᠨ ᠢᠶᠠᠨ ᠳᠠᠪᠠᠭᠤᠯᠢᠭ ᠲᠠᠢ ᠶᠤᠮ᠃ ᠬᠤᠶᠠᠷ ᠲᠠᠯ᠎ᠠ ᠪᠠᠷ ᠢᠶᠠᠨ ᠡᠳᠡᠭᠡᠷ ᠳᠠᠪᠠᠭᠤᠯᠢᠭ ᠢᠶᠠᠨ ᠰᠠᠶᠢᠲᠤᠷ ᠠᠰᠢᠭᠯᠠᠵᠤ᠂ ᠠᠵᠤ ᠦᠢᠯᠡᠰ ᠤᠨ ᠵᠣᠯᠭᠠᠯᠴᠠᠭ᠎ᠠ ᠠᠭᠤᠰᠤᠯᠴᠠᠯ ᠢᠶᠠᠨ ᠴᠢᠩᠭᠠᠳᠬᠠᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠬᠡᠪᠴᠢᠶ᠎ᠡ ᠪᠠᠨ ᠥᠷᠭᠡᠳᠬᠡᠵᠦ᠂ ᠳ᠋ᠢᠭᠢᠲ ᠠᠵᠤ ᠠᠬᠤᠢ᠂ ᠪᠣᠬᠢᠷᠲᠤᠯ ᠦᠭᠡᠢ ᠠᠵᠤ ᠠᠬᠤᠢ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠰᠢᠨ᠎ᠡ ᠪᠠᠷ ᠮᠠᠨᠳᠤᠵᠤ ᠪᠠᠶᠢᠭ᠎ᠠ ᠬᠦᠷᠢᠶ᠎ᠡ ᠪᠠ ᠭᠤᠷᠪᠠᠳᠤᠭᠠᠷ ᠲᠠᠯ᠎ᠠ ᠶᠢᠨ ᠵᠠᠬ᠎ᠠ ᠳᠡᠯᠭᠡᠭᠦᠷ ᠤᠨ ᠬᠠᠮᠲᠤᠷᠠᠯᠴᠠᠭ᠎ᠠ ᠶᠢ ᠥᠷᠭᠡᠳᠬᠡᠵᠦ᠂ ᠨᠡᠩ ᠥᠨᠳᠥᠷ ᠲᠦᠪᠰᠢᠨ ᠪᠦᠬᠦᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠬᠦ ᠪᠠᠷ ᠳᠠᠮᠵᠢᠭᠤᠯᠤᠨ᠂ ᠲᠤᠰ ᠲᠤᠰ ᠤᠨ ᠬᠥᠭᠵᠢᠯᠲᠡ ᠳᠤ ᠪᠠᠨ ᠨᠡᠩ ᠤᠯᠠᠨ ᠬᠥᠳᠡᠯᠭᠡᠭᠴᠢ ᠬᠦᠴᠦᠨ ᠨᠡᠮᠡᠷᠢᠯᠡᠵᠦ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠨᠡᠩ ᠶᠡᠭᠡ ᠬᠤᠪᠢ ᠨᠡᠮᠡᠷᠢ ᠦᠵᠡᠭᠦᠯᠵᠡᠭᠡᠶ᠎ᠡ᠃ ᠳᠤᠮᠳᠠᠳᠤ ᠤᠯᠤᠰ ᠥᠨᠳᠥᠷ ᠲᠦᠪᠰᠢᠨ ᠪᠦᠬᠦᠢ ᠨᠡᠭᠡᠭᠡᠯᠲᠡ ᠪᠠᠨ ᠡᠷᠡᠰ ᠥᠷᠭᠡᠳᠬᠡᠵᠦ᠂ ᠶᠠᠫᠤᠨ ᠤ ᠠᠵᠤ ᠠᠬᠤᠶᠢᠯᠠᠯ ᠢ ᠪᠠᠭᠲᠠᠭᠠᠭᠰᠠᠨ ᠨᠡᠩ ᠤᠯᠠᠨ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠤ ᠬᠥᠭᠵᠢᠬᠦ ᠶᠢ ᠪᠠᠶᠠᠷᠯᠠᠨ ᠤᠭᠲᠤᠨ᠎ᠠ᠃ ᠶᠠᠫᠤᠨ ᠤ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠨ ᠬᠢᠨ ᠳᠤ ᠬᠤᠶᠠᠷ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠨᠥᠬᠦᠷᠰᠡᠭ ᠢᠲᠡᠭᠡᠯᠴᠡᠭᠡ ᠪᠠᠨ ᠴᠢᠩᠭᠠᠷᠠᠭᠤᠯᠬᠤ ᠳᠤ ᠦᠷᠭᠦᠯᠵᠢᠯᠡᠨ ᠢᠳᠡᠪᠬᠢᠲᠡᠢ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ᠂ ᠪᠠᠰᠠ ᠶᠠᠫᠤᠨ ᠤ ᠡᠯ᠎ᠡ ᠡᠲᠡᠭᠡᠳ ᠤᠨ ᠬᠢᠨ ᠤ ᠳᠤᠮᠳᠠᠳᠤ ᠤᠯᠤᠰ ᠯᠤᠭ᠎ᠠ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠵᠠᠯᠠᠭᠤᠴᠤᠳ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠰᠣᠯᠢᠯᠴᠠᠭ᠎ᠠ ᠪᠠᠨ ᠴᠢᠩᠭᠠᠳᠬᠠᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠡᠢ᠃
ᠺᠣᠣᠨᠣ᠋ ᠶᠣᠣᠾᠧᠢ ᠢᠯᠡᠷᠬᠡᠶᠢᠯᠡᠬᠦ ᠳᠤ ᠪᠠᠨ᠂ ᠳᠤᠮᠳᠠᠳᠤ ᠤᠯᠤᠰ ᠪᠣᠯ ᠶᠠᠫᠤᠨ ᠤ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠬᠠᠮᠤᠭ ᠤᠨ ᠴᠢᠬᠤᠯᠠ ᠬᠠᠨᠢᠲᠠᠨ ᠮᠥᠨ᠂ ᠳᠤᠮᠳᠠᠳᠤ ᠤᠯᠤᠰ ᠤᠨ ᠠᠵᠤ ᠠᠬᠤᠢ ᠬᠦᠴᠦᠷᠬᠡᠭ ᠶᠡᠭᠡ ᠳᠣᠲᠣᠭᠠᠳᠤ ᠬᠥᠳᠡᠯᠭᠡᠭᠴᠢ ᠬᠦᠴᠦᠨ ᠪᠠ ᠤᠶᠠᠨ ᠬᠠᠳᠠᠨ ᠴᠢᠨᠠᠷ ᠲᠠᠢ ᠶᠤᠮ᠃ ᠣᠳᠣᠬᠠᠨ ᠤ ᠲᠣᠭᠲᠠᠪᠤᠷᠢ ᠦᠭᠡᠢ ᠴᠢᠨᠠᠷ ᠢᠶᠠᠷ ᠳᠦᠭᠦᠷᠦᠭᠰᠡᠨ ᠳᠡᠯᠡᠬᠡᠢ ᠶᠢᠨ ᠪᠠᠶᠢᠳᠠᠯ ᠳᠣᠣᠷ᠎ᠠ᠂ ᠶᠠᠫᠤᠨ ᠳᠤᠮᠳᠠᠳᠤ ᠬᠤᠶᠠᠷ ᠤᠯᠤᠰ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠤᠯᠠᠨ ᠲᠠᠯᠠᠲᠤ ᠦᠵᠡᠯ ᠪᠠ ᠴᠢᠯᠦᠭᠡᠲᠦ ᠠᠷᠠᠯᠵᠢᠶᠠᠨ ᠤ ᠲᠣᠭᠲᠠᠯᠴᠠᠭ᠎ᠠ ᠶᠢ ᠬᠠᠮᠲᠤ ᠪᠠᠷ ᠬᠠᠮᠠᠭᠠᠯᠠᠪᠠᠯ ᠵᠣᠬᠢᠨ᠎ᠠ᠃ ᠶᠠᠫᠤᠨ ᠤ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠷᠳᠤ ᠬᠤᠭᠤᠴᠠᠭᠠᠨ ᠤ ᠲᠤᠷᠰᠢ ᠶᠠᠫᠤᠨ ᠳᠤᠮᠳᠠᠳᠤ ᠶᠢᠨ ᠨᠥᠬᠦᠷᠯᠡᠯ ᠤᠨ ᠲᠥᠯᠥᠭᠡ ᠵᠢᠳᠬᠦᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠰᠣᠯᠢᠯᠴᠠᠭ᠎ᠠ ᠪᠠᠨ ᠦᠷᠭᠦᠯᠵᠢᠯᠡᠨ ᠥᠷᠭᠡᠳᠬᠡᠵᠦ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠬᠤᠶᠠᠷ ᠤᠯᠤᠰ ᠤᠨ ᠠᠷᠠᠳ ᠤᠯᠠᠨ ᠤ ᠬᠠᠶᠢᠷ᠎ᠠ ᠰᠡᠳᠬᠢᠯᠭᠡ ᠶᠢ ᠵᠤᠵᠠᠭᠠᠳᠬᠠᠬᠤ᠂ ᠲᠠᠨᠢᠨ ᠮᠡᠳᠡᠷᠡᠬᠦᠢ ᠶᠢ ᠰᠠᠶᠢᠵᠢᠷᠠᠭᠤᠯᠬᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠪᠡ᠃
ᠦ᠋ ᠵᠧᠩ ᠯᠦᠩ ᠠᠭᠤᠯᠵᠠᠯᠲᠠ ᠳᠤ ᠣᠷᠣᠯᠴᠠᠪᠠ᠃