ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠯᠤᠰ ᠤᠨ ᠴᠢᠬᠤᠯᠠ ᠶᠡᠭᠡ ᠲᠥᠷᠥᠯ ᠵᠦᠢᠯ ᠤᠨ ᠡᠨᠧᠷᠭᠢ ᠶᠢᠨ ᠬᠤᠷᠤᠭᠳᠠᠯ ᠢᠶᠠᠨ ᠠᠰ ᠲᠤ ᠪᠠᠨ ᠵᠢᠭᠰᠠᠭᠠᠬᠤ ᠠᠵᠢᠯ ᠤᠨ ᠠᠬᠢᠭᠤᠯᠬᠤ ᠬᠤᠷᠠᠯ ᠬᠤᠷᠠᠯᠳᠤᠭᠤᠯᠵᠤ  ᠲᠥᠷᠥᠯ ᠵᠦᠢᠯ ᠤᠨ ᠲᠦᠷᠭᠡᠪᠴᠢᠯᠡᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ ᠪᠣᠢ
ᠨᠡᠶᠢᠲᠡᠯᠡᠭᠰᠡᠨ ᠴᠠᠭ᠄
2025/6/5

      ᠤᠯᠤᠰ ᠤᠨ ᠴᠢᠬᠤᠯᠠ ᠶᠡᠭᠡ ᠲᠥᠷᠥᠯ ᠵᠦᠢᠯ ᠤᠨ ᠡᠨᠧᠷᠭᠢ ᠶᠢᠨ ᠬᠤᠷᠣᠭᠳᠠᠯ ᠢᠶᠠᠨ ᠠᠰ ᠲᠤ ᠪᠠᠨ ᠵᠢᠭᠰᠠᠭᠠᠬᠤ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠡᠨᠧᠷᠭᠢ ᠶᠢᠨ ᠬᠤᠷᠣᠭᠳᠠᠯ ᠤᠨ ᠲᠠᠯᠳᠠ ᠬᠦᠴᠦᠨ ᠢ ᠲᠦᠷᠭᠡᠨ ᠪᠠᠳᠠᠷᠠᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ᠂ ᠠᠵᠤ ᠠᠬᠤᠢ ᠶᠢᠨ ᠨᠡᠮᠡᠭᠳᠡᠯ ᠤᠨ ︽ᠬᠥᠳᠡᠯᠭᠡᠭᠴᠢ ᠬᠦᠴᠦᠨ ᠤ ᠢᠷᠡᠯᠲᠡ︾ ᠶᠢ ᠲᠣᠭᠲᠠᠪᠤᠷᠢᠵᠢᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠤᠯᠤᠰ ᠤᠨ ᠴᠢᠬᠤᠯᠠ ᠶᠡᠭᠡ ᠲᠦᠷᠦᠯ ᠵᠦᠢᠯ ᠤᠨ ᠡᠨᠧᠷᠭᠢ ᠶᠢᠨ ᠬᠤᠷᠣᠭᠳᠠᠯ ᠢᠶᠠᠨ ᠠᠰ ᠲᠤ ᠪᠠᠨ ᠵᠢᠭᠰᠠᠭᠠᠬᠤ ᠠᠵᠢᠯ ᠤᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃

      ᠴᠢᠬᠤᠯᠠ ᠶᠡᠭᠡ ᠲᠥᠷᠥᠯ ᠵᠦᠢᠯ ᠤᠨ ᠡᠨᠧᠷᠭᠢ ᠶᠢᠨ ᠬᠤᠷᠤᠭᠳᠠᠯ ᠢᠶᠠᠨ ᠠᠰ ᠲᠤ ᠪᠠᠨ ᠵᠢᠭᠰᠠᠭᠠᠬᠤ ᠲᠥᠷᠥ ᠶᠢᠨ ᠪᠣᠳᠣᠯᠭ᠎ᠠ ᠪᠣᠯ ᠤᠯᠤᠰ ᠠᠴᠠ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠷᠥᠯ ᠵᠦᠢᠯ ᠤᠨ ᠡᠨᠧᠷᠭᠢ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠳᠤ ᠭᠠᠷᠭᠠᠭᠰᠠᠨ ᠬᠦᠴᠦᠲᠡᠶ ᠠᠷᠭ᠎ᠠ ᠬᠡᠮᠵᠢᠶ᠎ᠡ ᠮᠥᠨ᠂ ᠡᠨᠡ ᠨᠢ ᠮᠠᠨ ᠤ ᠣᠷᠣᠨ ᠤ ᠡᠨᠧᠷᠭᠢ ᠬᠡᠷᠡᠭᠯᠡᠬᠦ ᠣᠷᠣᠨ ᠵᠠᠶ ᠶᠢ ᠥᠷᠭᠡᠳᠬᠡᠬᠦ᠂ ᠠᠵᠤ ᠠᠬᠤᠶ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠤᠯᠤᠰ ᠠᠴᠠ ᠳᠡᠮᠵᠢᠵᠦ ᠪᠠᠶᠢᠭ᠎ᠠ ᠮᠠᠨ ᠤ ᠣᠷᠣᠨ ᠳᠠᠬᠢ ᠡᠨᠧᠷᠭᠢ ᠶᠢᠨ ᠬᠤᠷᠣᠭᠳᠠᠯ ᠢᠶᠠᠨ ᠠᠰ ᠲᠤ ᠪᠠᠨ ᠵᠢᠭᠰᠠᠭᠠᠬᠤ ᠴᠢᠬᠤᠯᠠ ᠶᠡᠭᠡ ᠲᠥᠷᠥᠯ ᠵᠦᠢᠯ ᠨᠡᠶᠢᠲᠡ 21 ᠪᠣᠶ᠂ ᠡᠭᠦᠨ ᠳᠤ ᠬᠥᠬᠡᠬᠤᠲᠠ ᠶᠢᠨ 9᠂ ᠤᠯᠠᠭᠠᠨᠴᠠᠪ ᠬᠤᠲᠠ ᠶᠢᠨ 11᠂ ᠤᠯᠠᠭᠠᠨᠬᠠᠳᠠ ᠬᠤᠲᠠ ᠶᠢᠨ 1 ᠪᠠᠶᠢᠨ᠎ᠠ᠂ ᠲᠡᠷᠡ ᠨᠢ ᠪᠣᠳᠣᠯᠲᠠ ᠶᠢᠨ ᠬᠦᠴᠦᠨ ᠤ ᠰᠠᠭᠤᠷᠢ ᠪᠡᠯᠡᠳᠬᠡᠮᠵᠢ᠂ ᠨᠡᠭᠦᠷᠡᠰᠦ ᠪᠠᠷ ᠪᠠᠶᠢᠭᠠᠯᠢ ᠶᠢᠨ ᠰᠢᠲᠠᠮᠠᠬᠠᠶ ᠬᠡᠢ ᠦᠢᠯᠡᠳᠬᠦ ᠵᠡᠷᠭᠡ ᠭᠤᠤᠯᠳᠠᠯᠭ᠎ᠠ ᠪᠣᠯᠬᠤ ᠬᠦᠷᠢᠶ᠎ᠡ ᠨᠦᠭᠦᠳ ᠢ ᠬᠠᠮᠤᠷᠴᠤ᠂ ᠵᠢᠱᠢᠯᠲᠠ ᠪᠠᠷ 2025 ᠣᠨ ᠤ ᠡᠨᠧᠷᠭᠢ ᠶᠢᠨ ᠬᠤᠷᠣᠭᠳᠠᠯ ᠳᠤ 411 ᠲᠦᠮᠡᠨ ᠲᠣᠨ ᠪᠠᠷᠢᠮᠵᠢᠶᠠᠲᠤ ᠨᠡᠭᠦᠷᠡᠰᠦ ᠵᠠᠷᠤᠴᠠᠭᠤᠯᠬᠤ ᠪᠣᠯᠣᠨ᠎ᠠ᠃

      ᠡᠯ᠎ᠡ ᠠᠶᠢᠮᠠᠭ ᠬᠤᠲᠠ ᠶᠢᠨ ᠬᠢᠨ ︽ᠰᠠᠷ᠎ᠠ ᠪᠠᠷ ᠲᠣᠬᠢᠷᠠᠭᠤᠯᠬᠤ︾ ᠲᠣᠭᠲᠠᠴᠠ ᠶᠢ ᠪᠠᠶᠢᠭᠤᠯᠵᠤ᠂ ︽ᠨᠢᠭᠡ ᠲᠥᠷᠥᠯ ᠵᠦᠢᠯ ᠳᠤ ᠨᠢᠭᠡ ᠳᠠᠩᠰᠠᠨ ᠡᠷᠦᠬᠡ︾ ᠪᠠᠷ ᠡᠨᠧᠷᠭᠢ ᠬᠡᠷᠡᠭᠯᠡᠬᠦ ᠡᠬᠡ ᠲᠠᠩᠰᠠ ᠶᠢ ᠪᠦᠷᠢᠨᠰᠢᠬᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠵᠢᠴᠢ ᠡᠨᠧᠷᠭᠢ ᠬᠡᠷᠡᠭᠯᠡᠵᠦ ᠪᠠᠶᠢᠭ᠎ᠠ ᠪᠠᠶᠢᠳᠠᠯ ᠢ ᠰᠠᠷ᠎ᠠ ᠪᠠᠷ ᠠᠩᠬᠠᠷᠤᠨ ᠭᠦᠢᠴᠡᠳᠬᠡᠵᠦ᠂ ᠲᠥᠷᠥᠯ ᠵᠦᠢᠯ ᠤᠨ ᠨᠢᠭᠡᠴᠢ᠋ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠭᠡᠬᠦ᠂ ᠬᠦᠴᠦᠨ ᠵᠦᠢᠯ ᠤᠨ ᠪᠠᠲᠤᠯᠠᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠪᠠᠯᠠ ᠣᠷᠣᠭᠤᠯᠤᠯᠲᠠ ᠶᠢᠨ ᠬᠡᠮᠵᠢᠶ᠎ᠡ ᠶᠢ ᠨᠢ ᠨᠡᠮᠡᠭᠳᠡᠭᠦᠯᠦᠨ ᠶᠠᠰᠤ ᠴᠢᠨᠠᠷ ᠢ ᠨᠢ ᠳᠡᠭᠡᠭᠰᠢᠯᠡᠭᠦᠯᠬᠦ ᠶᠢ ᠠᠬᠢᠭᠤᠯᠵᠤ ᠪᠣᠢ᠃ ᠡᠯ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠦᠭᠦᠳ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠬᠤ ᠴᠠᠭ ᠤᠨ ᠬᠦᠰᠦᠨᠦᠭᠲᠦ ᠪᠠ ᠠᠵᠢᠯ ᠤᠨ ᠱᠤᠭᠤᠮ ᠤᠨ ᠵᠢᠷᠤᠭ ᠢ ᠲᠣᠳᠣᠷᠬᠠᠶᠢᠯᠠᠵᠤ᠂ ᠤᠯᠤᠰ ᠤᠨ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ︽ᠭᠦᠢᠴᠡᠳᠬᠡᠯ ᠲᠤᠭ᠎ᠠ ᠶᠢ ᠣᠯᠬᠤ ᠶᠢ ᠴᠢᠬᠤᠯᠠᠴᠢᠯᠠᠵᠤ  ᠪᠤᠲᠠᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠬᠥᠩᠭᠡᠪᠴᠢᠡᠯᠬᠦ︾ ᠠᠵᠢᠯᠯᠠᠭ᠎ᠠ ᠶᠢ ᠡᠷᠡᠰ ᠬᠤᠷᠢᠭᠯᠠᠵᠤ᠂ ᠠᠰ ᠲᠤ ᠪᠠᠨ ᠵᠢᠭᠰᠠᠭᠠᠭᠰᠠᠨ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠬᠦ᠂ ᠡᠷᠲᠡᠬᠡᠨ ᠠᠰᠢᠭᠯᠠᠯᠲᠠ ᠳᠤ ᠣᠷᠣᠭᠤᠯᠬᠤ᠂ ᠡᠷᠲᠡᠬᠡᠨ ᠪᠦᠷᠢᠳᠬᠡᠯ ᠳᠤ ᠣᠷᠤᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ