ᠥᠪᠥᠷ ᠮᠣᠩᠭᠤᠯ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠤᠷᠢᠵᠤ ᠡᠯᠰᠡᠬᠦ ᠶᠢ ᠰᠢᠯᠢᠳᠡᠭᠵᠢᠭᠦᠯᠵᠦ  ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠳᠤ ᠬᠦᠴᠦᠨ ᠨᠡᠮᠡᠷᠢᠯᠡᠵᠦ ᠪᠣᠢ
ᠨᠡᠶᠢᠲᠡᠯᠡᠭᠰᠡᠨ ᠴᠠᠭ᠄
2025/6/5

      ᠥᠪᠥᠷ ᠮᠣᠩᠭᠤᠯ ᠪᠥᠬᠦ ᠣᠷᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠤᠷᠢᠵᠤ ᠡᠯᠰᠡᠬᠦ ᠠᠵᠢᠯ ᠳᠤ ᠪᠠᠨ ᠰᠢᠨ᠎ᠡ ᠶᠢ ᠡᠭᠦᠳᠦᠨ ︽ᠬᠤᠶᠠᠷ ᠢ ᠤᠷᠢᠳᠴᠢᠯᠠᠭᠤᠯᠬᠤ᠂ ᠨᠢᠭᠡ ᠶᠢ ᠳᠡᠭᠡᠭᠰᠢᠯᠡᠭᠦᠯᠬᠦ᠂ ᠨᠢᠭᠡ ᠶᠢ ᠲᠡᠭᠦᠯᠳᠡᠷᠵᠢᠭᠦᠯᠬᠦ︾ ᠵᠡᠷᠭᠡ ᠠᠷᠭ᠎ᠠ ᠬᠡᠮᠵᠢᠶ᠎ᠡ ᠨᠦᠭᠦᠳ ᠢ ᠠᠪᠴᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠬᠠᠪᠰᠤᠷᠤᠨ ᠡᠷᠲᠡᠬᠡᠨ ᠤᠷᠤᠭᠰᠢᠲᠠᠶ ᠠᠵᠢᠯ ᠣᠯᠭᠤᠵᠤ ᠪᠣᠢ᠃ 2023 ᠣᠨ ᠠᠴᠠ ᠨᠠᠭᠠᠰᠢ᠂ ᠪᠥᠬᠦ ᠣᠷᠣᠨ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠢᠯᠡ ᠪᠠᠷ 3.21 ᠲᠦᠮᠡᠨ ᠬᠥᠮᠦᠨ ︵2025 ᠣᠨ ᠤ 1.25 ᠲᠦᠮᠡᠨ ᠬᠥᠮᠦᠨ ᠡᠯᠰᠡᠬᠦ ᠲᠦᠯᠦᠪᠯᠡᠭᠡ ᠶᠢ ᠪᠠᠭᠲᠠᠭᠠᠪᠠ︶ ᠡᠯᠰᠡᠭᠰᠡᠨ ᠪᠠᠶᠢᠨ᠎ᠠ᠃ ᠨᠢᠭᠡ ᠳᠤ᠂ ᠰᠢᠯᠭᠠᠯᠲᠠ ᠶᠢᠨ ᠴᠠᠭ ᠢ ᠨᠢ ᠤᠷᠢᠳᠴᠢᠯᠠᠭᠤᠯᠪᠠ᠃ ᠲᠦᠷᠦ ᠶᠢᠨ ᠪᠤᠳᠤᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢᠨ ᠡᠬᠢ ᠪᠠᠶᠠᠯᠢᠭ ᠢ ᠪᠠᠶᠢᠷᠢᠯᠠᠭᠤᠯᠵᠤ ᠭᠠᠷᠭᠠᠬᠤ ᠶᠢ ᠲᠦᠷᠭᠡᠳᠬᠡᠵᠦ᠂ 2023 ᠣᠨ ᠠᠴᠠ ᠡᠬᠢᠯᠡᠨ᠂ ᠬᠤᠶᠠᠷ ᠵᠢᠯ ᠳᠠᠷᠠᠭᠠᠯᠠᠨ ᠳᠠᠷᠠᠭᠠᠴᠢ ᠶᠢᠨ ᠵᠢᠯ ᠳᠠᠬᠢ ᠪᠦᠬᠦ ᠣᠷᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠤᠷᠢᠵᠤ ᠡᠯᠰᠡᠬᠦ ᠰᠢᠯᠭᠠᠯᠲᠠ ᠶᠢ ᠲᠤᠬᠠᠢ ᠶᠢᠨ ᠵᠢᠯ ᠳᠤ ᠤᠷᠢᠳᠴᠢᠯᠠᠨ ᠵᠣᠬᠢᠶᠠᠨ ᠪᠠᠶᠢᠭᠤᠯᠵᠤ ᠬᠡᠷᠡᠭᠵᠢᠭᠦᠯᠪᠡ᠂ ᠡᠨᠡ ᠨᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠪᠠᠨ ᠲᠡᠷᠢᠭᠦᠨ ᠲᠣᠬᠢᠶᠠᠯ ᠢ ᠵᠠᠪᠳᠤᠨ ᠠᠳᠬᠤᠬᠤ ᠪᠠᠷ ᠪᠠᠷᠠᠬᠤ ᠦᠭᠡᠢ ᠪᠠᠰᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠡᠭᠦᠰᠬᠦ ᠤᠯᠠᠷᠢᠯ ᠳᠤ ᠪᠠᠨ ᠨᠡᠩ ᠤᠯᠠᠨ ᠰᠤᠩᠭᠤᠯᠲᠠ ᠲᠠᠢ ᠪᠠᠶᠢᠬᠤ ᠵᠠᠪᠰᠢᠶᠠᠨ ᠣᠯᠭᠤᠨ᠎ᠠ᠃ ᠬᠤᠶᠠᠷ ᠲᠤ᠂ ᠣᠷᠣᠨ ᠲᠣᠭᠠᠨ ᠤ ᠬᠡᠷᠡᠭᠯᠡᠯᠲᠡ ᠶᠢ ᠤᠷᠢᠳᠴᠢᠯᠠᠭᠤᠯᠪᠠ᠃ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠪᠠᠶᠢᠭᠤᠯᠤᠮᠵᠢ ᠣᠷᠣᠨ ᠲᠣᠭᠠᠨ ᠤ ᠡᠬᠢ ᠪᠠᠶᠠᠯᠢᠭ ᠢ ᠭᠦᠢᠴᠡᠳ ᠠᠭᠤᠳᠠᠯᠯᠠᠵᠤ᠂ ᠳᠠᠷᠠᠭ᠎ᠠ ᠵᠢᠯ ᠤᠨ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠠᠴᠠ ᠪᠠᠨ ᠠᠮᠠᠷᠠᠵᠤ ᠪᠠᠭᠤᠭᠰᠠᠨ ᠠᠵᠢᠯᠲᠠᠳ ᠠᠵᠢᠯᠴᠢᠳ ᠤᠨ ᠣᠷᠣᠨ ᠲᠤᠭ᠎ᠠ ᠶᠢ ᠨᠢ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠤᠷᠢᠵᠤ ᠡᠯᠰᠡᠬᠦ ᠠᠵᠢᠯ ᠤᠨ ᠪᠠᠶᠢᠷᠢ ᠶᠢᠨ ᠲᠥᠯᠥᠪᠯᠡᠭᠡ ᠳᠤ ᠬᠡᠷᠡᠭᠯᠡᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠵᠢᠯ ᠤᠨ ᠪᠠᠶᠢᠷᠢ ᠶᠢᠨ ᠬᠠᠩᠭᠠᠯᠭ᠎ᠠ ᠶᠢ ᠨᠡᠮᠡᠭᠳᠡᠭᠦᠯᠪᠡ᠃ ᠭᠤᠷᠪᠠ ᠳᠤ᠂ ᠣᠷᠣᠨ ᠲᠣᠭᠠᠨ ᠤ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠪᠡ᠃ ᠨᠥᠬᠦᠪᠥᠷᠢᠯᠡᠨ ᠤᠷᠢᠵᠤ ᠡᠯᠰᠡᠬᠦ ︽1 + N︾ ᠬᠡᠪ ᠵᠠᠭᠪᠤᠷ ᠲᠤ ᠰᠢᠨ᠎ᠡ ᠶᠢ ᠡᠭᠦᠳᠦᠨ ᠬᠡᠷᠡᠭᠵᠢᠭᠦᠯᠵᠦ᠂ ᠰᠢᠯᠭᠠᠭᠤᠯᠤᠭᠴᠢ ᠶᠢᠨ ᠲᠤᠭ᠎ᠠ ᠨᠢ ᠰᠢᠯᠭᠠᠯᠲᠠ ᠶᠢᠨ ᠬᠠᠷᠢᠴᠠᠯ ᠳᠤ ᠥᠯᠥ ᠬᠦᠷᠦᠭᠰᠡᠨ ᠢᠶᠠᠷ ᠬᠦᠴᠦᠨ ᠥᠬᠡᠶ ᠪᠣᠯᠭᠠᠭᠰᠠᠨ ᠠᠵᠢᠯ ᠤᠨ ᠪᠠᠶᠢᠷᠢ ᠶᠢᠨ ᠤᠷᠢᠵᠤ ᠡᠯᠰᠡᠬᠦ ᠨᠥᠬᠦᠴᠡᠯ ᠢ ᠨᠢ ᠬᠤᠪᠢᠷᠠᠭᠤᠯᠬᠤ ᠥᠬᠡᠶ ᠤᠷᠢᠲᠠᠯ ᠳᠣᠤᠷ᠎ᠠ᠂ ᠰᠢᠯᠭᠠᠭᠤᠯᠤᠭᠴᠢ ᠲᠥᠷᠥᠯ ᠬᠤᠪᠢᠶᠠᠭᠰᠠᠨ ᠪᠢᠷ ᠤᠨ ᠰᠢᠯᠭᠠᠯᠲᠠ ᠶᠢᠨ ᠬᠠᠮᠲᠤᠷᠠᠭᠰᠠᠨ ᠰᠢᠯᠭᠠᠯᠲᠠ ᠶᠢᠨ ᠬᠢᠷᠢ ᠪᠦᠲᠦᠮᠵᠢ ᠪᠠᠷ ᠢᠶᠠᠨ ᠠᠵᠢᠯ ᠤᠨ ᠪᠠᠶᠢᠷᠢ ᠶᠢ ᠦᠷᠭᠦᠯᠵᠢᠯᠡᠨ ᠳᠠᠬᠢᠨᠲᠠ ᠰᠣᠩᠭᠤᠬᠤ᠂ ᠨᠢᠭᠤᠷᠲᠠᠨ ᠰᠢᠯᠭᠠᠯᠲᠠ ᠳᠤ ᠰᠢᠭᠤᠳ ᠣᠷᠣᠯᠴᠠᠬᠤ ᠵᠡᠷᠭᠡ ᠳᠡᠰ ᠳᠠᠷᠠᠭᠠᠯᠠᠯ ᠢ ᠠᠩᠬ᠎ᠠ ᠤᠳᠠᠭ᠎ᠠ ᠬᠡᠷᠡᠭᠵᠢᠭᠦᠯᠪᠡ᠂ ᠡᠨᠡ ᠨᠢ ᠬᠤᠪᠣᠷ ᠴᠤᠬᠠᠭ ᠣᠷᠣᠨ ᠲᠣᠭᠠᠨ ᠤ ᠡᠬᠢ ᠪᠠᠶᠠᠯᠢᠭ ᠢ ᠭᠦᠢᠴᠡᠳ ᠰᠠᠶᠢᠲᠤᠷ ᠬᠡᠷᠡᠭᠯᠡᠵᠦ ᠪᠣᠯᠬᠤ ᠮᠥᠷᠲᠡᠭᠡᠨ ᠪᠠᠰᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠡᠯᠰᠡᠭᠳᠡᠬᠦ ᠨᠣᠷᠮ᠎ᠠ ᠶᠢ ᠨᠢ ᠨᠡᠮᠡᠭᠳᠡᠭᠦᠯᠬᠦ ᠪᠣᠯᠤᠨ᠎ᠠ᠃ ᠳᠥᠷᠪᠡ ᠳᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠰᠢᠯᠭᠠᠵᠤ ᠡᠯᠰᠡᠬᠦ ᠪᠠ ᠤᠷᠢᠵᠤ ᠡᠯᠰᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠪᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ 2 ᠵᠢᠯ ᠤᠨ ᠠᠵᠢᠯ ᠰᠣᠩᠭᠤᠬᠤ ᠬᠤᠭᠤᠴᠠᠭᠠᠨ ᠳᠤ ᠪᠠᠨ ᠡᠯ᠎ᠡ ᠲᠥᠷᠥᠯ ᠤᠨ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠠᠵᠢᠯᠯᠠᠬᠤ ᠨᠢ ᠨᠠᠶᠢᠳᠠᠪᠤᠷᠢᠵᠢᠭᠤᠯᠤᠭᠳᠠᠭᠰᠠᠨ ᠦᠭᠡᠶ ᠪᠠᠶᠢᠪᠠᠯ ᠠᠯᠪᠠᠲᠠᠨ ᠡᠯᠰᠡᠬᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠤᠷᠢᠵᠤ ᠡᠯᠰᠡᠬᠦ ᠳᠤ ᠲᠤᠰ ᠵᠢᠯ ᠤᠨ ᠲᠡᠭᠦᠰᠦᠭᠰᠡᠳ ᠲᠤ ᠬᠠᠨᠳᠤᠭᠤᠯᠤᠭᠰᠠᠨ ᠠᠵᠢᠯ ᠤᠨ ᠪᠠᠶᠢᠷᠢ ᠶᠢ ᠮᠡᠳᠡᠭᠦᠯᠦᠨ ᠰᠢᠯᠭᠠᠭᠤᠯᠵᠤ ᠪᠣᠯᠬᠤ ᠮᠥᠷᠲᠡᠬᠡᠨ ᠲᠡᠳᠡᠨ ᠤ ᠠᠵᠢᠯ ᠣᠯᠣᠭᠰᠠᠨ ᠵᠥᠪᠯᠡᠯᠴᠡᠭᠡᠷ ᠲᠣᠭᠲᠠᠭᠰᠠᠨ ᠡᠰᠡᠬᠦ᠂ ᠨᠡᠶᠢᠭᠡᠮ ᠤᠨ ᠳᠠᠭᠠᠳᠬᠠᠯ ᠢᠶᠠᠨ ᠲᠤᠰᠢᠶᠠᠭᠰᠠᠨ ᠡᠰᠡᠬᠦ ᠪᠠᠷ ᠨᠢ ᠬᠢᠵᠠᠭᠠᠷᠯᠠᠬᠤ ᠦᠭᠡᠢ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠪᠡᠶ᠎ᠡ ᠭᠠᠷᠤᠯ ᠢ ᠨᠢ ᠮᠠᠭᠠᠳᠯᠠᠨ ᠲᠣᠭᠲᠠᠭᠠᠬᠤ ᠨᠥᠬᠦᠴᠡᠯ ᠢ ᠤᠯᠠᠮ ᠨᠢᠭᠡ ᠠᠯᠬᠤᠮ ᠠᠭᠤᠵᠢᠭᠤ ᠲᠠᠯᠪᠢᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠡᠷᠲᠡᠬᠡᠨ ᠠᠵᠢᠯ ᠣᠯᠬᠤ ᠶᠢ ᠬᠥᠲᠥᠯᠥᠨ ᠵᠢᠯᠤᠭᠤᠳᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ