6 ᠳ᠋ᠤᠭᠠᠷ ᠰᠠᠷ᠎ᠠ ᠶᠢᠨ 4 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠲᠣᠰ ᠨᠢᠭᠡᠴᠢ ᠶᠢᠨ ᠬᠢᠨ ︽ᠤᠯᠤᠰ ᠲᠥᠷᠥ ᠶᠢ ᠡᠷᠬᠢᠮᠯᠡᠨ ᠦᠨᠡᠨᠴᠢ ᠰᠢᠳᠤᠷᠭᠤ ᠪᠠᠨ ᠠᠳᠠᠯᠢᠳᠬᠠᠬᠤ᠂ ᠰᠤᠷᠤᠯᠴᠠᠯᠭ᠎ᠠ ᠶᠢ ᠡᠷᠬᠢᠮᠯᠡᠨ ᠡᠷᠳᠡᠮ ᠴᠢᠳᠠᠪᠤᠷᠢ ᠪᠠᠨ ᠠᠳᠠᠯᠢᠳᠬᠠᠬᠤ᠂ ᠶᠣᠰᠣ ᠳᠦᠷᠢᠮ ᠢ ᠡᠷᠬᠢᠮᠯᠡᠨ ᠥᠪᠡᠷ ᠢ ᠪᠠᠨ ᠱᠠᠭᠠᠷᠳᠠᠬᠤ ᠪᠠᠨ ᠠᠳᠠᠯᠢᠳᠬᠠᠬᠤ᠂ ᠪᠦᠯᠬᠦᠮᠳᠡᠯ ᠢ ᠡᠷᠬᠢᠮᠯᠡᠨ ᠬᠠᠮᠵᠢᠯᠴᠠᠭ᠎ᠠ ᠪᠠᠨ ᠠᠳᠠᠯᠢᠳᠬᠠᠬᠤ᠂ ᠨᠡᠮᠡᠷᠢ ᠦᠵᠡᠭᠦᠯᠬᠦ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠪᠠᠨ ᠠᠳᠠᠯᠢᠳᠬᠠᠬᠤ︾ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠡᠬᠢᠯᠡᠭᠦᠯᠵᠦ᠂ ︽ᠭᠤᠷᠪᠠ ᠶᠢ ᠡᠷᠭᠢᠯᠡᠬᠦ︾ ︽ᠭᠤᠷᠪᠠ ᠳᠤ ᠦᠢᠯᠡᠴᠢᠯᠡᠬᠦ︾ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠪᠡ᠃
︽ᠪᠢᠳᠡ ᠰᠢᠨ᠎ᠡ ᠶᠢ ᠡᠭᠦᠳᠬᠦ ᠰᠡᠳᠬᠢᠬᠦᠢ ᠪᠠᠨ ᠲᠠᠰᠤᠷᠠᠯᠲᠠ ᠦᠭᠡᠢ ᠬᠥᠭᠵᠢᠭᠡᠵᠦ᠂ ᠬᠡᠪᠰᠢᠯ ᠵᠤᠷᠰᠢᠯ ᠳᠤ ᠲᠦᠰᠢᠭᠯᠡᠬᠦ ᠠᠴᠠ ᠠᠩᠭᠢᠵᠢᠷᠠᠨ᠂ ᠬᠠᠷᠢᠭᠤᠴᠠᠯᠭ᠎ᠠ ᠡᠭᠦᠷᠭᠡᠯᠡᠨ ᠠᠵᠢᠯᠯᠠᠬᠤ ᠪᠠᠨ ᠴᠢᠩᠭᠠᠳᠬᠠᠵᠤ᠂ ᠨᠠᠷᠢᠯᠢᠭ᠂ ᠨᠢᠮᠪᠠᠢ᠂ ᠲᠤᠶᠢᠯᠪᠤᠷᠢᠲᠠᠢ ᠠᠵᠢᠯ ᠤᠨ ᠰᠤᠷᠲᠠᠯ ᠢ ᠪᠦᠷᠢᠯᠳᠦᠭᠦᠯᠵᠦ᠂ ᠠᠵᠢᠯ ᠢᠶᠠᠨ ᠦᠷᠭᠦᠯᠵᠢᠯᠡᠨ ᠰᠢᠯᠢᠳᠡᠭᠵᠢᠭᠦᠯᠦᠨ ᠰᠠᠶᠢᠵᠢᠷᠠᠭᠤᠯᠬᠤ ᠳᠤ ᠬᠦᠴᠦᠨ ᠨᠡᠮᠡᠷᠢᠯᠡᠨ᠎ᠡ᠃︾
︽ᠪᠢᠳᠡ ︿ᠦᠵᠡᠯ ᠰᠠᠨᠠᠭᠠᠨ ᠤ ᠲᠣᠭᠤᠰᠣ﹀ ᠪᠠᠨ ᠰᠠᠶᠢᠲᠤᠷ ᠭᠦᠪᠢᠵᠦ᠂ ︿ᠬᠤᠪᠳᠤᠭ ᠰᠢᠨᠤᠬᠠᠢ ᠶᠢᠨ ᠬᠤᠣᠷᠯᠠᠯ﹀ ᠢ ᠢᠯᠡᠭᠦᠬᠡᠨ ᠲᠤᠩᠭᠠᠵᠤ᠂ ︿ᠪᠣᠳᠣᠯ ᠰᠡᠳᠬᠢᠯ ᠳᠠᠬᠢ ᠬᠤᠯᠠᠭᠠᠢ﹀ ᠶᠢ ᠦᠷᠭᠦᠯᠵᠢ ᠬᠥᠭᠡᠭᠡᠵᠦ᠂ ᠲᠥᠪ ᠭᠤᠣᠯᠴᠢ ᠠᠷᠢᠭᠤᠨ ᠴᠢᠬᠡᠴᠢ ᠤᠯᠤᠰ ᠲᠦᠷᠦ ᠶᠢᠨ ᠣᠣᠷ ᠴᠢᠨᠠᠷ ᠢᠶᠠᠨ ᠪᠠᠲᠤᠯᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢᠶᠠᠨ ᠴᠠᠭ ᠢᠮᠠᠭᠲᠠ ᠴᠢᠩᠭᠠᠷᠠᠭᠤᠯᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠬᠤᠷᠢᠭ᠎ᠠ ᠱᠤᠭᠤᠮ ᠢ ᠤᠬᠠᠮᠰᠠᠷ ᠠᠴᠠ ᠪᠠᠨ ᠪᠠᠲᠤ ᠰᠠᠬᠢᠨ᠎ᠠ᠃︾
5 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠵᠤ᠂ ᠬᠤᠷᠠᠯ ᠳᠤ ᠣᠷᠣᠯᠴᠠᠭᠰᠠᠳ ᠶᠣᠰᠣ ᠰᠤᠷᠲᠠᠬᠤᠨ᠂ ᠰᠠᠬᠢᠯᠭ᠎ᠠ ᠪᠠᠲᠤ᠂ ᠬᠠᠤᠯᠢ ᠴᠠᠭᠠᠵᠠ᠂ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ ᠣᠯᠣᠯᠲᠠ ᠲᠥᠷᠥᠭᠳᠡᠯ ᠢᠶᠠᠨ ᠰᠣᠯᠢᠯᠴᠠᠪᠠ᠃ ᠡᠨᠡ ᠪᠣᠯ ᠲᠣᠰ ᠨᠢᠭᠡᠴᠢ ᠶᠢᠨ ︽ᠲᠠᠪᠤ ᠶᠢ ᠡᠷᠬᠢᠮᠯᠡᠨ ᠲᠠᠪᠤ ᠶᠢ ᠠᠳᠠᠯᠢᠳᠬᠠᠬᠤ︾ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠬᠦᠴᠦᠲᠡᠢ ᠰᠦᠪᠡᠭᠴᠢᠯᠡᠯᠲᠡ ᠪᠣᠯᠣᠨ᠎ᠠ᠃
︽ᠤᠯᠤᠰ ᠲᠦᠷᠦ ᠶᠢᠨ ᠪᠠᠶᠢᠭᠤᠯᠭ᠎ᠠ ᠪᠣᠯᠤᠭᠰᠠᠨ ᠤ ᠬᠤᠪᠢ ᠳᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠢ ᠲᠡᠷᠢᠭᠦᠨ ᠴᠢᠬᠤᠯᠠ ᠤᠯᠤᠰ ᠲᠦᠷᠦ ᠶᠢᠨ ᠵᠠᠷᠴᠢᠮ ᠪᠣᠯᠭᠠᠬᠤ ᠶᠢ ᠪᠠᠷᠢᠮᠲᠠᠯᠠᠵᠤ᠂ ᠵᠢᠱᠢᠶᠡᠴᠢ ᠪᠠᠶᠢᠭᠤᠯᠭ᠎ᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠤᠯᠤᠰ ᠲᠦᠷᠦ ᠶᠢᠨ ᠵᠣᠭᠰᠣᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ︿ᠲᠦᠷᠪᠡᠨ ᠤᠬᠠᠮᠰᠠᠷ﹀ ᠢᠶᠠᠨ ᠴᠢᠩᠭᠠᠳᠬᠠᠬᠤ᠂ ︿ᠲᠦᠷᠪᠡᠨ ᠢᠲᠡᠭᠡᠯ﹀ ᠢᠶᠠᠨ ᠪᠠᠲᠤᠳᠬᠠᠬᠤ᠂ ︿ᠬᠤᠶᠠᠷ ᠢ ᠬᠠᠮᠠᠭᠠᠯᠠᠬᠤ﹀ ᠶᠢ ᠪᠡᠶᠡᠯᠡᠭᠦᠯᠬᠦ ᠳᠤ ᠲᠦᠷᠦᠭᠦᠯᠡᠨ ᠣᠷᠣᠯᠴᠠᠵᠤ᠂ ᠳᠠᠭᠤᠷᠢᠶᠠᠯ ᠪᠣᠯᠬᠤ ᠬᠡᠷᠡᠭᠲᠡᠢ᠃︾ ᠭᠡᠵᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠪᠡ᠃
ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠨᠠᠮ ᠤᠨ ᠰᠢᠨ᠎ᠡ ᠶᠢ ᠡᠭᠦᠳᠬᠦ ᠣᠨᠣᠯ ᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ᠂ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ᠂ ︽ᠤᠯᠤᠰ ᠲᠥᠷᠥ ᠶᠢᠨ ᠴᠢᠬᠤᠯᠠ ᠵᠦᠢᠯᠡᠰ︾ ᠢ ᠴᠢᠨᠠᠷ ᠰᠠᠶᠢᠲᠠᠢ ᠰᠠᠶᠢᠲᠤᠷ ᠭᠦᠢᠴᠡᠳᠬᠡᠬᠦ ᠵᠡᠷᠭᠡ ᠬᠦᠴᠦᠲᠡᠢ ᠠᠷᠭ᠎ᠠ ᠬᠡᠮᠵᠢᠶ᠎ᠡ ᠪᠠᠷ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠤᠯᠤᠰ ᠲᠥᠷᠥ ᠶᠢᠨ ᠲᠠᠯ᠎ᠠ ᠪᠠᠷ ᠠᠳᠬᠤᠨ ᠡᠵᠡᠮᠳᠡᠬᠦ ᠴᠢᠳᠠᠪᠤᠷᠢ ᠪᠠᠨ ᠪᠦᠲᠦᠮᠵᠢᠲᠡᠶ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠶᠢ ᠤᠯᠠᠮ ᠨᠢᠭᠡ ᠠᠯᠬᠤᠮ ᠴᠢᠩᠭᠠᠳᠬᠠᠪᠠ᠃
ᠲᠤᠰ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ᠪᠠ ᠤᠨᠤᠯ ᠰᠤᠷᠤᠯᠴᠠᠬᠤ ᠭᠤᠣᠯ ᠳᠤᠭᠤᠶᠢᠯᠠᠩ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠰᠣᠩᠭᠤᠯᠲᠠ ᠶᠢᠨ ᠬᠢᠴᠢᠶᠡᠯ᠂ ᠵᠠᠪᠠᠯ ᠰᠤᠷᠬᠤ ᠬᠢᠴᠢᠶᠡᠯ ᠪᠣᠯᠭᠠᠪᠠ᠃ ᠡᠯ᠎ᠡ ᠨᠠᠮ ᠤᠨ ᠡᠭᠦᠷ ︽ᠭᠤᠣᠯ ᠰᠡᠳᠦᠪᠲᠦ ᠨᠠᠮ ᠤᠨ ᠡᠳᠦᠷ + ᠡᠳᠦᠷ ᠲᠤᠳᠤᠮ ᠤᠨ ᠰᠤᠷᠤᠯᠴᠠᠯᠭ᠎ᠠ︾᠂ ︽ᠰᠦᠯᠵᠢᠶᠡᠨ ᠳᠡᠭᠡᠷᠡᠬᠢ ᠰᠤᠷᠤᠯᠴᠠᠯᠭ᠎ᠠ + ᠰᠦᠯᠵᠢᠶᠡᠨ ᠭᠠᠳᠠᠭᠤᠷᠬᠢ ᠰᠣᠯᠢᠯᠴᠠᠭ᠎ᠠ︾ ᠶᠢ ᠤᠶᠠᠯᠳᠤᠭᠤᠯᠬᠤ ᠬᠡᠪ ᠵᠠᠭᠪᠤᠷ ᠢᠶᠠᠷ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠦᠵᠡᠬᠦ᠂ ᠤᠯᠤᠰ ᠲᠦᠷᠦ ᠶᠢᠨ ᠲᠠᠯ᠎ᠠ ᠠᠴᠠ ᠶᠣᠰᠣ ᠤᠴᠢᠷ ᠢ ᠣᠶᠢᠯᠠᠭᠠᠬᠤ᠂ ᠤᠯᠤᠰ ᠲᠦᠷᠦ ᠶᠢᠨ ᠲᠠᠯ᠎ᠠ ᠠᠴᠠ ᠠᠵᠢᠯᠯᠠᠬᠤ ᠤᠬᠠᠮᠰᠠᠷ ᠢ ᠨᠢ ᠤᠯᠠᠮ ᠨᠢᠭᠡ ᠠᠯᠬᠤᠮ ᠴᠢᠩᠭᠠᠳᠬᠠᠪᠠ᠃
ᠪᠠᠶᠢᠭᠤᠯᠭ᠎ᠠ ᠶᠢᠨ ᠨᠠᠮ ᠤᠨ ᠬᠤᠷᠢᠶ᠎ᠠ ᠤᠨᠢᠨ ᠳᠡᠭᠡᠷ᠎ᠡ ᠨᠢ ᠬᠦᠴᠦᠯᠡᠵᠦ᠂ ︽ᠤᠯᠤᠰ ᠲᠦᠷᠦ ᠶᠢᠨ ᠪᠡᠶ᠎ᠡ ᠶᠢᠨ ᠪᠠᠶᠢᠴᠠᠭᠠᠯᠲᠠ + ᠬᠥᠳᠡᠯᠦᠩᠭᠦᠢ ᠪᠠᠷ ᠰᠢᠯᠭᠠᠨ ᠦᠨᠡᠯᠡᠬᠦ︾ ᠲᠣᠭᠲᠠᠯᠴᠠᠭ᠎ᠠ ᠶᠢ ᠪᠠᠶᠢᠭᠤᠯᠵᠤ᠂ ᠤᠯᠤᠰ ᠲᠦᠷᠦ ᠶᠢᠨ ᠴᠢᠳᠠᠪᠬᠢ ᠪᠠᠷ ᠴᠢᠩᠭ᠎ᠠ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢᠶᠠᠷ ᠴᠢᠩᠭ᠎ᠠ᠂ ᠦᠢᠯᠡᠳᠦᠯ ᠢᠶᠠᠨ ᠰᠠᠶᠢᠲᠤᠷ ᠪᠠᠳᠠᠷᠠᠭᠤᠯᠤᠭᠰᠠᠨ ᠪᠠᠲᠤ ᠴᠢᠩᠭ᠎ᠠ ᠪᠠᠬᠢᠯᠡᠯᠲᠡ ᠪᠣᠯᠬᠤ ᠵᠢᠱᠢᠶᠡᠴᠢ ᠨᠠᠮ ᠤᠨ ᠡᠭᠦᠷ ᠢ ᠪᠣᠢ ᠪᠣᠯᠭᠠᠵᠤ ᠬᠥᠮᠥᠵᠢᠭᠦᠯᠪᠡ᠃ ᠮᠡᠳᠡᠭᠡ ᠵᠠᠩᠭᠢ ᠪᠠ ᠪᠠᠶᠢᠴᠠᠭᠠᠨ ᠰᠤᠳᠤᠯᠬᠤ ᠭᠠᠵᠠᠷ ᠤᠨ ᠨᠠᠮ ᠤᠨ ᠡᠭᠦᠷ ᠨᠢ ᠭᠤᠣᠯ ᠬᠠᠷᠢᠭᠤᠴᠠᠯᠭ᠎ᠠ ᠭᠤᠣᠯ ᠠᠵᠢᠯ ᠤᠨ ᠢᠶᠠᠨ ᠲᠣᠭᠤᠷᠢᠨ ᠳᠤ ᠢᠯᠡ ᠪᠠᠷ ᠶᠠᠷᠢᠯᠴᠠᠬᠤ᠂ ᠲᠤᠰᠬᠠᠢ ᠰᠡᠳᠦᠪ ᠢᠶᠠᠷ ᠶᠠᠷᠢᠯᠴᠠᠬᠤ ᠶᠢ ᠥᠷᠨᠢᠭᠦᠯᠵᠦ᠂ ᠬᠠᠭᠠᠰ ᠰᠠᠷ᠎ᠠ ᠳᠤ ᠨᠢᠭᠡ ᠤᠳᠠᠭ᠎ᠠ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠲᠤᠰᠬᠠᠢ ᠰᠡᠳᠦᠪᠲᠦ ᠰᠤᠷᠤᠯᠴᠠᠯᠭ᠎ᠠ ᠥᠷᠨᠢᠭᠦᠯᠪᠡ᠃ ᠨᠠᠷᠢᠨ ᠪᠢᠴᠢᠭ ᠤᠨ ᠨᠢᠭᠡᠳᠦᠭᠡᠷ ᠭᠠᠵᠠᠷ ᠤᠨ ᠨᠠᠮ ᠤᠨ ᠡᠭᠦᠷ ᠨᠢ ᠠᠵᠤ ᠠᠬᠤᠶᠢᠯᠠᠯ᠂ ᠠᠶᠢᠮᠠᠭ ᠬᠤᠲᠠ ᠳᠤ ᠭᠦᠨᠵᠡᠭᠡᠶᠢᠷᠡᠨ᠂ ᠪᠣᠳᠠᠲᠤ ᠪᠠᠶᠢᠳᠠᠯ ᠢ ᠦᠵᠡᠵᠦ ᠣᠶᠢᠯᠠᠭᠠᠨ᠂ ᠪᠣᠳᠠᠲᠠᠢ ᠪᠣᠳᠣᠯᠭ᠎ᠠ ᠬᠠᠶᠢᠨ ᠰᠦᠪᠡᠭᠴᠢᠯᠡᠵᠦ᠂ 6 ᠲᠥᠷᠥᠯ ᠤᠨ 51 ᠮᠠᠲ᠋ᠧᠷᠢᠶᠠᠯ ᠤᠨ ᠬᠥᠮᠥᠷᠭᠡ ᠶᠢ ᠤᠷᠢᠳ ᠬᠤᠵᠢᠳ ᠪᠠᠶᠢᠭᠤᠯᠵᠤ᠂ ᠠᠶᠢᠮᠠᠭ ᠬᠤᠲᠠ ᠬᠤᠰᠢᠭᠤ ᠰᠢᠶᠠᠨ᠂ ᠬᠦᠷᠢᠶᠡᠯᠡᠩ ᠲᠣᠭᠤᠷᠢᠭ᠂ ᠡᠵᠡᠩᠨᠡᠯᠲᠡ ᠶᠢᠨ ᠭᠤᠣᠯ ᠴᠣᠭᠴᠠ᠂ ᠦᠢᠯᠡᠴᠢᠯᠡᠭᠡᠨ ᠤ ᠦᠢᠯᠡᠰ ᠵᠡᠷᠭᠡ ᠡᠯ᠎ᠡ ᠲᠠᠯ᠎ᠠ ᠶᠢ ᠬᠠᠮᠤᠷᠤᠨ᠂ ︽ᠭᠤᠷᠪᠠ ᠳᠤ ᠦᠢᠯᠡᠴᠢᠯᠡᠬᠦ︾ ᠠᠵᠢᠯ ᠢ ᠴᠢᠨᠠᠷ ᠰᠠᠶᠢᠲᠠᠢ ᠥᠷᠨᠢᠭᠦᠯᠬᠦ ᠳᠤ ᠦᠨᠡᠨ ᠬᠦ ᠰᠠᠶᠢᠨ ᠰᠠᠭᠤᠷᠢ ᠲᠠᠯᠪᠢᠵᠤ ᠥᠭᠪᠡ᠃ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠤᠨ ᠨᠠᠮ ᠤᠨ ᠡᠭᠦᠷ ᠨᠢ ︽ᠠᠷᠠᠳ ᠤᠨ ᠲᠥᠯᠥᠭᠡ ᠰᠢᠮᠳᠠᠭᠤᠯᠤᠨ ᠪᠠᠶᠢᠴᠠᠭᠠᠬᠤ︾ ᠨᠠᠮ ᠤᠨ ᠪᠠᠶᠢᠭᠤᠯᠤᠯᠲᠠ ᠶᠢᠨ ᠨᠡᠷᠡᠲᠦ ᠲᠡᠮᠳᠡᠭ ᠢ ᠡᠭᠦᠳᠴᠦ᠂ ᠠᠵᠢᠯ ᠣᠯᠭᠤᠯᠲᠠ ᠶᠢ ᠥᠷᠭᠡᠳᠬᠡᠬᠦ᠂ ᠠᠵᠤ ᠠᠬᠤᠶᠢᠯᠠᠯ ᠳᠤ ᠬᠤᠯᠪᠣᠭᠳᠠᠭᠰᠠᠨ ᠳᠤᠷ᠎ᠠ ᠪᠠᠷ ᠰᠦᠢᠳᠬᠡᠯ ᠬᠤᠷᠢᠶᠠᠬᠤ ᠶᠢ ᠨᠢ ᠠᠷᠢᠯᠭᠠᠨ ᠵᠢᠷᠤᠮᠵᠢᠭᠤᠯᠬᠤ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠢ ᠬᠥᠭᠵᠢᠭᠦᠯᠬᠦ ᠵᠡᠷᠭᠡ 20 ᠭᠠᠷᠤᠢ ᠬᠦᠷᠢᠶᠡᠨ ᠳᠠᠬᠢ ᠠᠰᠠᠭᠤᠳᠠᠯ ᠢ ᠨᠢ ᠰᠢᠢᠳᠪᠦᠷᠢᠯᠡᠬᠦ ᠶᠢ ᠠᠬᠢᠭᠤᠯᠪᠠ᠃
ᠯᠠᠪᠳᠠᠭᠤᠨ ᠪᠦᠲᠦᠮᠵᠢᠲᠡᠢ ᠠᠯᠢ ᠣᠯᠠᠨ ︽ᠬᠠᠮ ᠠᠷᠭ᠎ᠠ ᠬᠡᠮᠵᠢᠶ᠎ᠡ︾ ᠪᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠵᠣᠷᠢᠭᠲᠠᠢ ᠡᠭᠦᠷᠭᠡᠯᠡᠬᠦ᠂ ᠴᠢᠳᠠᠮᠠᠭᠠᠢ ᠠᠵᠢᠯᠯᠠᠬᠤ᠂ ᠪᠣᠳᠠᠲᠠᠢ ᠠᠵᠢᠯᠯᠠᠬᠤ ᠶᠢ ᠴᠢᠬᠤᠯᠠᠴᠢᠯᠠᠬᠤ ᠤᠬᠠᠮᠰᠠᠷ ᠲᠦᠷᠭᠡᠨ ᠪᠦᠷᠢᠯᠳᠦᠵᠦ᠂ ᠠᠵᠢᠯ ᠢᠶᠠᠨ ᠲᠥᠯᠥᠪᠯᠡᠬᠦ᠂ ᠬᠥᠭᠵᠢᠯᠲᠡ ᠶᠢ ᠠᠳᠬᠤᠬᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠢᠳᠡᠪᠬᠢᠵᠢᠯ ᠨᠢ ᠢᠯᠡᠳᠲᠡ ᠴᠢᠩᠭᠠᠷᠠᠵᠤ᠂ ᠠᠵᠢᠯᠯᠠᠬᠤ ᠤᠬᠠᠮᠰᠠᠷ᠂ ᠠᠵᠢᠯᠯᠠᠬᠤ ᠵᠣᠷᠢᠭ᠂ ᠠᠵᠢᠯᠯᠠᠵᠤ ᠴᠢᠳᠠᠬᠤ ᠴᠢᠳᠠᠪᠤᠷᠢ ᠨᠢ ᠤᠯᠠᠮ ᠨᠢᠭᠡ ᠠᠯᠬᠤᠮ ᠴᠢᠩᠭᠠᠷᠠᠪᠠ᠃