ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠪᠦᠭᠦ ᠣᠷᠣᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠳ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠢᠳᠡᠪᠬᠢᠲᠡᠢ ᠪᠠᠷ ᠪᠠᠷᠢᠮᠵᠢᠶᠠᠯᠠᠨ ᠬᠠᠷᠭᠤᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠦᠭᠦ ᠲᠠᠯ᠎ᠠ ᠪᠠᠷ ᠭᠦᠨᠵᠡᠭᠡᠢ ᠪᠠᠶᠢᠴᠠᠭᠠᠨ ᠡᠷᠢᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠠᠭᠤᠳᠠᠯᠵᠤ᠂ ᠣᠨᠣᠪᠴᠢᠲᠠᠢ ᠡᠷᠢᠵᠦ ᠪᠠᠶᠢᠴᠠᠭᠠᠨ ᠲᠣᠳᠣᠯᠠᠬᠤ ᠶᠢ ᠦᠨᠡᠨ ᠬᠦ ᠪᠠᠲᠤᠯᠠᠨ᠂ ᠪᠠᠶᠢᠴᠠᠭᠠᠯᠲᠠ ᠡᠷᠴᠢᠮᠲᠡᠢ᠂ ᠰᠠᠶᠢᠵᠢᠷᠠᠭᠤᠯᠤᠯᠲᠠ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠵᠤ ᠪᠤᠢ᠃
ᠥᠪᠥᠷ ᠮᠣᠩᠭᠤᠯ ᠤᠨ ᠴᠠᠭᠢᠯᠭᠠᠨ ᠬᠦᠴᠦᠨ ᠤ ᠪᠦᠯᠦᠭᠯᠡᠯ ︽ᠨᠢᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠨᠢᠭᠡ ᠢᠵᠢ ᠳᠦᠷᠢᠮ ᠢ ᠲᠡᠭᠦᠯᠳᠡᠷᠵᠢᠭᠦᠯᠬᠦ᠂ ᠨᠢᠭᠡ ᠪᠦᠯᠦᠭ ᠠᠯᠳᠠᠰᠢ ᠶᠢ ᠬᠤᠷᠢᠭᠯᠠᠬᠤ︾ ᠵᠠᠷᠴᠢᠮ ᠶᠣᠰᠣᠭᠠᠷ᠂ ᠵᠣᠬᠢᠶᠠᠯ ᠤᠨ ᠰᠤᠷᠲᠠᠯ ᠬᠤᠷᠠᠯ ᠤᠨ ᠰᠤᠷᠲᠠᠯ ᠦᠨᠡᠨ ᠪᠣᠳᠠᠲᠠᠢ ᠲᠥᠪ ᠴᠢᠬᠡᠴᠢ ᠪᠢᠰᠢ᠂ ᠪᠢᠴᠢᠭ ᠬᠠᠷ᠎ᠠ ᠣᠪᠣᠭᠠᠷᠠᠨ ᠬᠤᠷᠠᠯ ᠬᠤᠢ ᠣᠯᠠᠰᠢᠷᠠᠬᠤ ᠠᠰᠠᠭᠤᠳᠠᠯ ᠳᠤ ᠴᠢᠭᠯᠡᠭᠦᠯᠦᠨ᠂ ︽ᠴᠢᠬᠤᠯᠠ ᠵᠦᠢᠯᠡᠰ ᠤᠨ ᠲᠤᠬᠠᠢ ᠵᠢᠭᠠᠪᠤᠷᠢ ᠠᠪᠴᠤ ᠮᠡᠳᠡᠭᠦᠯᠬᠦ ᠳᠦᠷᠢᠮ ᠤᠨ ᠬᠡᠷᠡᠭᠵᠢᠭᠦᠯᠬᠦ ᠠᠷᠭ᠎ᠠ︾ ᠶᠢ ᠲᠣᠭᠲᠠᠭᠠᠨ ᠨᠡᠶᠢᠲᠡᠯᠡᠵᠦ᠂ ᠲᠣᠭᠠᠴᠢᠯᠠᠭᠰᠠᠨ ᠠᠷᠭ᠎ᠠ ᠪᠠᠷᠢᠯ ᠢᠶᠠᠷ ᠪᠢᠴᠢᠭ ᠮᠠᠲ᠋ᠧᠷᠢᠶᠠᠯ ᠤᠨ ᠡᠷᠭᠢᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠢᠴᠢᠭ ᠮᠠᠲ᠋ᠧᠷᠢᠶᠠᠯ ᠭᠦᠢᠴᠡᠳᠬᠡᠬᠦ ᠴᠠᠭ ᠢ ᠳᠤᠮᠳᠠᠴᠢ ᠪᠠᠷ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 22.5% ᠪᠠᠷ ᠪᠤᠭᠤᠨᠢᠰᠬᠠᠪᠠ︔ ᠬᠡᠰᠡᠭ ᠭᠠᠵᠠᠷ ᠣᠷᠣᠨ ᠪᠠ ᠨᠢᠭᠡᠴᠢ ᠶᠢᠨ ︽ᠠᠷᠪᠢᠯᠠᠵᠤ ᠠᠮᠢᠳᠤᠷᠠᠬᠤ︾ ᠳᠠᠳᠬᠠᠯ ᠦᠭᠡᠢ᠂ ᠠᠯᠪᠠᠨ ᠶᠠᠪᠤᠳᠠᠯ ᠤᠨ ᠴᠢᠬᠤᠯᠠ ᠪᠤᠰᠤ ᠵᠠᠷᠤᠯᠭ᠎ᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠣᠯᠠᠨ ᠵᠦᠢᠯ ᠤᠨ ᠲᠣᠭᠲᠠᠭᠠᠯ ᠨᠡᠶᠢᠲᠡᠯᠡᠵᠦ᠂ ᠡᠯ᠎ᠡ ᠲᠥᠷᠥᠯ ᠤᠨ ᠵᠠᠷᠤᠳᠠᠯ ᠤᠨ ᠬᠠᠮᠢᠶᠠᠷᠤᠯᠲᠠ ᠶᠢ ᠴᠢᠩᠭᠠᠳᠬᠠᠨ᠂ 2025 ᠣᠨ ᠤ ᠪᠣᠯᠪᠠᠰᠤᠷᠠᠯ ᠤᠨ ᠶᠡᠷᠦᠩᠬᠡᠢ ᠬᠤᠭᠤᠴᠠᠭ᠎ᠠ ᠶᠢᠨ ᠲᠤᠭ᠎ᠠ ᠶᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 12% ᠢᠶᠠᠷ ᠪᠠᠭᠠᠰᠬᠠᠵᠤ᠂ ᠣᠷᠣᠨ ᠤ ᠭᠠᠳᠠᠨᠠᠬᠢ ᠪᠣᠯᠪᠠᠰᠤᠷᠠᠯ ᠤᠨ ᠠᠩᠭᠢ ᠶᠢᠨ ᠡᠵᠡᠯᠡᠬᠦ ᠬᠠᠷᠢᠴᠠᠯ ᠢ 13% ᠪᠤᠯᠲᠠᠯ᠎ᠠ ᠪᠠᠭᠤᠷᠠᠭᠤᠯᠬᠤ ᠶᠢᠨ ᠬᠠᠮᠲᠤ ᠥᠪᠥᠷ ᠮᠣᠩᠭᠤᠯ ᠤᠨ ᠴᠠᠭᠢᠯᠭᠠᠨ ᠤ ᠰᠦᠯᠵᠢᠶᠡᠨ ᠬᠤᠳᠠᠯᠳᠤᠭ᠎ᠠ ᠠᠴᠠ ᠠᠯᠪᠠᠨ ᠠᠵᠢᠯ ᠤᠨ ᠡᠳ᠋ ᠪᠠᠷᠠᠭ᠎ᠠ ᠬᠤᠳᠠᠯᠳᠤᠨ ᠠᠪᠬᠤ ᠠᠵᠢᠯ ᠥᠷᠨᠢᠭᠦᠯᠵᠦ᠂ 1074.3 ᠲᠦᠮᠡᠨ ᠲᠥᠭᠦᠷᠢᠭ ᠠᠷᠪᠢᠯᠠᠨ᠂ ᠪᠡᠯᠡ ᠮᠥᠩᠭᠦ ᠠᠷᠪᠢᠯᠠᠭᠰᠠᠨ ᠨᠣᠷᠮ᠎ᠠ ᠨᠢ 15.69% ᠳᠤ ᠬᠦᠷᠴᠡᠢ᠃ ᠴᠡᠭᠴᠡᠯᠡᠨ ᠰᠠᠶᠢᠵᠢᠷᠠᠭᠤᠯᠬᠤ ᠶᠢ ᠦᠷ᠎ᠡ ᠪᠦᠲᠦᠮᠵᠢᠲᠠᠢ ᠪᠤᠯᠭᠠᠬᠤ ᠶᠢ ᠪᠠᠲᠤᠯᠠᠬᠤ ᠶᠢᠨ ᠲᠥᠯᠥᠭᠡ᠂ ᠲᠤᠰ ᠪᠦᠯᠦᠭᠯᠡᠯ ᠪᠠᠰᠠ ᠲᠤᠰᠬᠠᠶᠢᠯᠠᠨ ︽ᠪᠦᠯᠦᠭᠯᠡᠯ ᠺᠤᠮᠫᠠᠨᠢ + ᠬᠠᠷᠢᠶ᠎ᠠ ᠨᠢᠭᠡᠴᠢ︾ ᠶᠢᠨ ᠲᠤᠰᠬᠠᠢ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠪᠠᠶᠢᠩᠭᠤᠵᠢᠭᠤᠯᠬᠤ ᠶᠢ ᠠᠬᠢᠭᠤᠯᠤᠨ᠂ ︽ᠳᠥᠷᠪᠡᠨ ᠰᠤᠷᠲᠠᠯ︾ ᠤᠨ ᠲᠣᠪᠣᠶᠢᠮ᠎ᠠ ᠠᠰᠠᠭᠤᠳᠠᠯ ᠢ ᠭᠦᠨᠵᠡᠭᠡᠢ ᠵᠠᠯᠠᠷᠠᠭᠤᠯᠬᠤ ᠶᠢᠨ ᠬᠠᠮᠲᠤ ᠲᠤᠰᠬᠠᠢ ᠲᠠᠩᠰᠠ ᠪᠠᠶᠢᠭᠤᠯᠵᠤ᠂ ᠰᠤᠷᠤᠯᠴᠠᠯᠭ᠎ᠠ ᠬᠥᠮᠦᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃
ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ︽ᠭᠤᠷᠪᠠ ᠳᠤ ᠠᠩᠬᠠᠷᠤᠯ ᠢᠶᠠᠨ ᠲᠥᠪᠯᠡᠷᠡᠭᠦᠯᠬᠦ︾ ᠪᠠᠷ ᠠᠰᠠᠭᠤᠳᠠᠯ ᠤᠨ ᠢᠷᠡᠯᠲᠡ ᠶᠢ ᠲᠣᠳᠣᠷᠬᠠᠶᠢᠯᠠᠨ᠂ ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠦᠨᠡᠨ ᠬᠦ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠪᠠ᠃ ᠡᠩ ᠲᠡᠷᠢᠭᠦᠨ ᠳᠤ ᠪᠠᠴᠢᠮ ᠬᠦᠴᠢᠷᠲᠡᠢ ᠵᠣᠪᠠᠭᠤᠷᠢᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠰᠠᠨᠠᠯ ᠢ ᠨᠢᠭᠤᠷᠳᠠᠨ ᠰᠣᠨᠣᠰᠪᠠ᠃ ᠤᠳᠤ ᠨᠢᠭᠡᠨᠲᠡ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠤᠯᠠᠨ ᠵᠦᠢᠯ ᠤᠨ ᠠᠷᠭ᠎ᠠ ᠵᠠᠮ ᠢᠶᠠᠷ ᠭᠥᠯᠢᠶᠡᠨ ᠠᠪᠴᠤ ᠨᠠᠶᠢᠳᠠᠪᠤᠷᠢᠵᠢᠭᠤᠯᠤᠭᠰᠠᠨ ᠪᠥᠭᠡᠳ ᠤᠯᠠᠨ ᠲᠦᠮᠡᠨ ᠤ ᠬᠠᠨᠤᠮᠵᠢ ᠦᠭᠡᠢ ᠭᠠᠵᠠᠷ ᠢ ᠲᠤᠰᠬᠠᠢ ᠴᠡᠭᠴᠡᠯᠡᠨ ᠰᠠᠶᠢᠵᠢᠷᠠᠭᠤᠯᠵᠤ᠂ ᠴᠠᠭ ᠲᠤᠬᠠᠢ ᠳᠤᠨᠢ ︽ᠳᠠᠭᠢᠨ ᠠᠵᠢᠯᠯᠠᠵᠤ︾᠂ ︽ᠲᠠᠭᠢᠨ ᠰᠤᠷᠤᠯᠴᠠᠵᠤ︾᠂ ᠦᠨᠡᠨ ᠬᠦ ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ ᠪᠣᠰᠬᠠᠬᠤ ᠶᠢ ᠠᠬᠢᠭᠤᠯᠵᠤ ᠪᠠᠶᠢᠨ᠎ᠠ᠃ ᠳᠠᠷᠠᠭ᠎ᠠ ᠨᠢ ᠠᠵᠢᠯ ᠲᠥᠷᠥᠯ ᠤᠨ ᠣᠨᠴᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠬᠥᠮᠥᠰ᠂ ᠭᠤᠣᠯᠳᠠᠯᠭ᠎ᠠ ᠲᠠᠢ ᠠᠵᠢᠯ ᠤᠨ ᠪᠠᠶᠢᠷᠢ ᠪᠠ ᠭᠤᠣᠯᠳᠠᠯᠭ᠎ᠠ ᠲᠠᠢ ᠭᠤᠭᠴᠤᠭ᠎ᠠ ᠶᠢ ᠰᠠᠶᠢᠲᠤᠷ ᠠᠩᠬᠠᠷᠴᠤ᠂ ᠣᠳᠣᠬᠠᠨ ᠤ ᠥᠷᠨᠢᠭᠦᠯᠵᠦ ᠪᠠᠶᠢᠭ᠎ᠠ ᠪᠦᠭᠦ ᠠᠵᠤ ᠦᠢᠯᠡᠰ ᠤᠨ ᠬᠡᠯᠬᠢᠶ᠎ᠡ ᠶᠢᠨ ᠠᠷᠢᠭᠤᠨ ᠴᠢᠬᠡᠴᠢ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠵᠢᠭᠰᠠᠭᠠᠨ ᠪᠠᠶᠢᠴᠠᠭᠠᠬᠤ ᠠᠵᠢᠯᠯᠠᠭ᠎ᠠ ᠲᠠᠢ ᠤᠶᠠᠯᠳᠤᠭᠤᠯᠤᠨ ᠨᠡᠭᠦᠷᠡᠰᠦ ᠴᠠᠭᠢᠯᠭᠠᠨ᠂ ᠰᠠᠭᠤᠷᠢ ᠪᠦᠲᠦᠭᠡᠨ ᠪᠠᠶᠢᠭᠤᠯᠤᠯᠲᠠ᠂ ᠨᠡᠭᠦᠷᠡᠰᠦ᠂ ᠰᠢᠨ᠎ᠡ ᠡᠨᠧᠷᠭᠢ ᠵᠡᠷᠭᠡ 4 ᠶᠡᠭᠡ ᠬᠡᠰᠡᠭ ᠤᠨ ᠠᠷᠢᠭᠤᠨ ᠴᠢᠬᠡᠴᠢ ᠶᠢᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠡᠬᠡ ᠲᠠᠩᠰᠠ ᠶᠢ ᠪᠦᠷᠢᠯᠳᠦᠭᠦᠯᠵᠦ᠂ 2782 ᠲᠦᠭᠰᠢᠭᠦᠷᠢ ᠶᠢᠨ ᠴᠡᠭ ᠢ ᠡᠷᠢᠵᠦ᠂ 4183 ᠵᠤᠷᠪᠤᠰ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠪᠠ᠃ ᠬᠠᠮᠤᠭ ᠤᠨ ᠰᠡᠭᠦᠯ ᠳᠤ ᠨᠡᠶᠢᠲᠡᠯᠢᠭ ᠵᠢᠱᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ᠰᠡᠷᠡᠮᠵᠢᠯᠡᠭᠦᠯᠭᠦ ᠬᠥᠮᠦᠵᠢᠯ ᠤᠨ ᠬᠤᠷᠠᠯ ᠢ 67 ᠤᠳᠠᠭ᠎ᠠ ᠬᠢᠵᠦ᠂ 1400 ᠭᠠᠷᠤᠢ ᠬᠥᠮᠥᠨ ᠳᠤ ᠬᠥᠮᠦᠵᠢᠯ ᠬᠦᠷᠲᠡᠭᠡᠪᠡ᠃ ᠡᠭᠦᠨ ᠤ ᠬᠠᠮᠲᠤ᠂ ᠡᠯ᠎ᠡ ᠱᠠᠲᠤᠨ ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠭᠦᠨᠵᠡᠭᠡᠢ ᠵᠠᠳᠠᠯᠤᠨ ᠰᠢᠨᠵᠢᠯᠡᠵᠦ᠂ ᠲᠤᠰ ᠪᠡᠶ᠎ᠡ ᠶᠢᠨ ᠠᠰᠠᠭᠤᠳᠠᠯ ᠢᠶᠠᠨ ᠬᠠᠷᠭᠤᠭᠤᠯᠤᠨ ᠪᠠᠶᠢᠴᠠᠭᠠᠨ ᠳᠡᠯᠭᠡᠵᠦ᠂ ᠳᠠᠷᠤᠶᠢᠬᠠᠨ ᠰᠢᠢᠳᠪᠦᠷᠢᠯᠡᠵᠦ ᠳᠡᠶᠢᠯᠭᠦ ᠠᠰᠠᠭᠤᠳᠠᠯ ᠢ ᠮᠡᠳᠡᠭᠰᠡᠨ ᠳᠠᠷᠤᠢ ᠳᠤᠨᠢ ᠴᠡᠭᠴᠡᠯᠡᠨ ᠰᠠᠶᠢᠵᠢᠷᠠᠭᠤᠯᠵᠤ᠂ ᠳᠠᠷᠤᠶᠢᠬᠠᠨ ᠬᠡᠷᠡᠭᠵᠢᠭᠦᠯᠵᠦ ᠳᠠᠷᠤᠶᠢᠬᠠᠨ ᠴᠡᠭᠴᠡᠯᠡᠨ ᠰᠠᠶᠢᠵᠢᠷᠠᠭᠤᠯᠪᠠ᠃
ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ᠂ ᠬᠤᠷᠢᠶᠠᠭᠰᠠᠨ ᠤᠯᠠᠨ ᠲᠦᠮᠡᠨ ᠤ ᠰᠠᠨᠠᠯ ᠵᠡᠷᠭᠡ ᠶᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠪᠠᠷ ᠳᠠᠮᠵᠢᠨ ᠵᠢᠵᠢᠭᠦᠷᠯᠡᠬᠦ ᠡᠭᠡᠯᠵᠢ ᠳᠠᠭᠠᠭᠤᠯᠬᠤ ᠠᠵᠢᠯ ᠢ ᠰᠢᠯᠢᠳᠡᠭᠵᠢᠭᠦᠯᠬᠦ ᠶᠢ ᠳᠠᠷᠤᠶᠢᠬᠠᠨ ᠬᠡᠷᠡᠭᠵᠢᠭᠦᠯᠵᠦ ᠳᠠᠷᠤᠶᠢᠬᠠᠨ ᠰᠠᠶᠢᠵᠢᠷᠠᠭᠤᠯᠬᠤ ᠠᠰᠠᠭᠤᠳᠠᠯ ᠪᠣᠯᠭᠠᠨ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠬᠡᠯᠪᠡᠷᠢᠴᠢ ᠦᠵᠡᠯ ᠢ ᠦᠨᠡᠨ ᠬᠦ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠪᠡ᠃ ᠥᠩᠭᠡᠷᠡᠭᠰᠡᠨ ᠳᠤ ᠵᠢᠵᠢᠭᠦᠷᠯᠡᠬᠦ ᠡᠭᠡᠯᠵᠢ ᠳᠠᠭᠠᠭᠤᠯᠬᠤ ᠠᠵᠢᠯ ᠤᠨ ᠶᠠᠪᠤᠴᠠ ᠤᠷᠳᠤ ᠰᠤᠨᠵᠢᠷᠠᠭᠤᠨ ᠪᠠᠶᠢᠵᠤ᠂ ᠺᠠᠳ᠋ᠷ ᠠᠵᠢᠯᠲᠠᠳ ᠭᠦᠢᠴᠡᠳ ᠠᠮᠠᠷᠠᠵᠤ ᠳᠡᠶᠢᠯᠭᠦ ᠦᠭᠡᠢ ᠪᠠᠶᠢᠪᠠ᠃ ᠡᠨᠡ ᠬᠦ ᠪᠠᠶᠢᠳᠠᠯ ᠢ ᠦᠨᠡᠨ ᠬᠦ ᠬᠤᠪᠢᠷᠠᠭᠤᠯᠬᠤ ᠶᠢᠨ ᠲᠥᠯᠥᠭᠡ ᠪᠦᠯᠦᠭᠯᠡᠯ ᠠᠴᠠ ᠡᠯ᠎ᠡ ᠬᠤᠪᠢᠶᠠᠷᠢ ᠺᠤᠮᠫᠠᠨᠢ᠂ ᠦᠢᠯᠡᠳᠪᠦᠷᠢ ᠠᠭᠤᠷᠬᠠᠢ ᠶᠢᠨ ᠨᠢᠭᠡᠴᠢ ᠶᠢᠨ ᠠᠵᠤ ᠦᠢᠯᠡᠰ ᠤᠨ ᠣᠨᠴᠠᠯᠢᠭ᠂ ᠦᠢᠯᠡᠳᠪᠦᠷᠢᠯᠡᠯ ᠤᠨ ᠬᠡᠪᠴᠢᠶ᠎ᠡ ᠪᠣᠯᠣᠨ ᠠᠶᠤᠯ ᠲᠦᠭᠰᠢᠭᠦᠷᠢ ᠶᠢᠨ ᠳᠡᠰ ᠢ ᠦᠨᠳᠦᠰᠦᠯᠡᠨ ᠱᠠᠲᠤ ᠲᠥᠷᠥᠯ ᠬᠤᠪᠢᠶᠠᠨ ᠬᠠᠮᠢᠶᠠᠷᠬᠤ ᠠᠷᠭ᠎ᠠ ᠶᠢ ᠬᠡᠷᠡᠭᠵᠢᠭᠦᠯᠪᠡ᠃ ᠪᠣᠯᠣᠳ ᠲᠡᠮᠦᠷ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠵᠡᠷᠭᠡ ᠠᠶᠤᠯ ᠶᠡᠬᠡᠲᠡᠢ ᠠᠵᠢᠯ ᠲᠥᠷᠥᠯ ᠤᠨ ᠬᠦᠷᠢᠶᠡᠨ ᠳᠤ ᠡᠳᠦᠷ ᠲᠤᠲᠤᠮ ᠤᠨ ᠡᠭᠡᠯᠵᠢ ᠳᠠᠭᠠᠭᠤᠯᠬᠤ ᠨᠠᠷᠢᠯᠢᠭ ᠵᠢᠷᠤᠮᠵᠢᠯ ᠲᠣᠭᠲᠠᠭᠠᠨ᠂ ᠤᠳᠤᠷᠢᠳᠬᠤ ᠺᠠᠳ᠋ᠷ ᠤᠨ ᠡᠭᠡᠯᠵᠢ ᠳᠠᠭᠠᠭᠤᠯᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠪᠤᠯᠭᠠᠵᠤ᠂ ᠠᠶᠤᠯ ᠶᠡᠭᠡ ᠪᠢᠰᠢ ᠠᠵᠢᠯ ᠲᠥᠷᠥᠯ ᠤᠨ ᠨᠢᠭᠡᠴᠢ ᠶᠢᠨ ᠵᠢᠵᠢᠭᠦᠷᠯᠡᠬᠦ ᠳᠦᠷᠢᠮ ᠢ ᠰᠢᠯᠢᠳᠡᠭᠵᠢᠭᠦᠯᠦᠨ᠂ ᠵᠢᠵᠢᠭᠦᠷᠯᠡᠬᠦ ᠠᠵᠢᠯ ᠢ ᠲᠥᠷᠥᠯ ᠲᠠᠰ ᠬᠤᠪᠢᠶᠠᠨ ᠵᠢᠷᠤᠮᠵᠢᠭᠤᠯᠪᠠ ᠃ ᠡᠭᠦᠨ ᠠᠴᠠ ᠭᠠᠳᠠᠨ᠎ᠠ᠂ ᠪᠦᠯᠦᠭᠯᠡᠯ ᠤᠨ ᠬᠢᠨ ᠪᠠᠰᠠ ᠶᠡᠷᠦᠩᠬᠡᠢ ᠵᠢᠵᠢᠭᠦᠷ ᠤᠨ ᠲᠠᠰᠤᠭ ᠤᠨ ᠴᠢᠳᠠᠮᠵᠢ ᠶᠢ ᠲᠠᠰ ᠳᠡᠪᠰᠢᠭᠦᠯᠵᠦ᠂ ᠵᠢᠵᠢᠭᠦᠷ ᠤᠨ ᠮᠡᠳᠡᠭᠡ ᠵᠠᠩᠭᠢ᠂ ᠭᠡᠨᠡᠳᠲᠡ ᠶᠢᠨ ᠬᠡᠷᠡᠭ ᠤᠨ ᠮᠡᠳᠡᠭᠦᠯᠦᠯᠲᠡ ᠵᠡᠷᠭᠡ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠬᠠᠮᠲᠤ ᠪᠠᠷ ᠡᠳ᠋ᠯᠡᠬᠦ ᠪᠠ ᠰᠢᠯᠵᠢᠭᠦᠯᠬᠦ ᠶᠢ ᠪᠡᠶᠡᠯᠡᠭᠦᠯᠵᠦ᠂ ᠮᠡᠳᠡᠭᠡ ᠵᠠᠩᠭᠢ ᠳᠠᠮᠵᠢᠭᠤᠯᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ ᠡᠶᠢᠨ ᠬᠦ ᠦᠨᠳᠦᠰᠦᠨ ᠱᠠᠲᠤᠨ ᠤ ᠠᠵᠢᠯᠲᠠᠳ ᠰᠤᠷᠤᠯᠴᠠᠯᠭ᠎ᠠ ᠬᠥᠮᠦᠵᠢᠯ ᠤᠨ ᠠᠪᠴᠢᠷᠠᠭᠰᠠᠨ ᠰᠢᠨ᠎ᠡ ᠬᠤᠪᠢᠷᠠᠯᠲᠠ᠂ ᠰᠢᠨ᠎ᠡ ᠳᠦᠷᠰᠦ ᠪᠠᠶᠢᠳᠠᠯ ᠢ ᠦᠨᠡᠨ ᠬᠦ ᠮᠡᠳᠡᠷᠡᠵᠦ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠰᠠᠭᠤᠷᠢ ᠲᠠᠯᠪᠢᠵᠠᠢ᠃