ᠪᠠᠶᠠᠨᠨᠠᠭᠤᠷ ᠬᠤᠳᠠ ᠶᠢᠨ ᠯᠢᠨ ᠾᠧ ᠲᠣᠭᠤᠷᠢᠭ ︽ᠤᠯᠠᠭᠠᠨ ᠠᠨᠠᠷ︾ ᠨᠡᠭᠦᠳᠡᠯ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ ᠢ ᠵᠣᠬᠢᠶᠠᠨ ᠪᠠᠶᠢᠭᠤᠯᠵᠤ᠂ ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠣᠭᠤᠷᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ︔ ᠦᠬᠠᠶ ᠬᠤᠲᠠ ᠶᠢᠨ ᠤᠳᠠ ᠶᠢᠨ ᠲᠣᠬᠤᠢ ᠲᠣᠭᠤᠷᠢᠭ ᠬᠥᠷᠰᠢ ᠵᠡᠷᠭᠡᠯᠡᠳᠡᠭᠡ ᠶᠢᠨ ᠴᠤᠭᠯᠠᠭ᠎ᠠ ᠮᠠᠶᠢᠮᠠᠢ ᠵᠡᠷᠭᠡ ᠠᠵᠢᠯᠯᠠᠭ᠎ᠠ ᠡᠷᠭᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠣᠯᠠᠨ ᠶᠠᠩᠵᠤ ᠪᠠᠷ ᠥᠷᠨᠢᠭᠦᠯᠪᠡ︔ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤ 1500 ᠭᠠᠷᠤᠢ ᠪᠠᠭᠰᠢ ᠰᠤᠷᠤᠬᠴᠢᠳ ᠢ ᠵᠣᠬᠢᠶᠠᠨ ᠪᠠᠶᠢᠭᠤᠯᠵᠤ ᠬᠤᠪᠢᠰᠬᠠᠯᠲᠤ ᠬᠥᠮᠦᠵᠢᠯ ᠤᠨ ᠰᠠᠭᠤᠷᠢᠨ ᠵᠡᠷᠭᠡ ᠲᠠᠯᠠᠪᠠᠢ ᠣᠷᠳᠣᠨ ᠳᠤ ᠬᠦᠷᠴᠦ᠂ ᠰᠤᠷᠤᠯᠴᠠᠯᠭ᠎ᠠ ᠦᠢᠯᠡᠳᠦᠯᠭᠡ ᠳᠤᠮᠳᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠪᠠ ᠁
5 ᠰᠠᠷ᠎ᠠ ᠪᠣᠯ ᠮᠠᠨ ᠪ᠊ ᠣᠷᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠪᠣᠯᠣᠨ᠎ᠠ᠂ ᠪᠦᠭᠦ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠭᠡᠨ ᠳᠡᠯᠭᠡᠷ ᠭᠦᠨᠵᠡᠭᠡᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠪᠠ᠃
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ᠃ ᠣᠶᠢᠷ᠎ᠠ ᠶᠢᠨ ᠵᠢᠯ ᠠᠴᠠ᠂ ᠮᠠᠨ ᠤ ᠣᠷᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠴᠢᠩᠭ᠎ᠠ ᠡᠵᠡᠮᠳᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠪ᠊ ᠢᠷᠠᠭᠤ ᠠᠯᠳᠠᠷ ᠢ ᠨᠡᠩ ᠰᠠᠴᠤᠷᠠᠭᠤᠯᠪᠠ᠃

ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠦᠨᠳᠦᠰᠦᠲᠡᠨ ᠨᠦᠭᠦᠳ ᠤᠨ ᠰᠤᠷᠤᠬᠴᠢᠳ ᠬᠠᠮᠲᠤ ᠪᠠᠷ ᠪᠥᠵᠢᠭᠯᠡᠨ᠎ᠡ
ᠭᠤᠣᠯ ᠰᠢᠵᠢᠮ ᠢᠶᠠᠷ ᠬᠥᠲᠥᠯᠥᠨ ᠳᠠᠭᠠᠭᠤᠯᠵᠤ ᠪᠦᠯᠬᠦᠮᠳᠡᠨ ᠲᠡᠮᠡᠴᠡᠬᠦ ᠬᠦᠴᠦᠨ ᠢ ᠨᠢᠭᠲᠠᠷᠠᠭᠤᠯᠪᠠ
ᠣᠶᠢᠷ᠎ᠠ ᠶᠢᠨ ᠵᠢᠯ ᠠᠴᠠ᠂ ᠮᠠᠨ ᠪ᠊ ᠣᠷᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠡᠯ᠎ᠡ ᠵᠦᠢᠯ ᠤᠨ ᠠᠵᠢᠯ ᠳᠠᠭᠠᠨ ᠪᠦᠬᠦ ᠲᠠᠯ᠎ᠠ ᠪᠠᠷ ᠭᠦᠨᠵᠡᠭᠡᠢ ᠪᠣᠳᠠᠲᠠᠢ ᠪᠠᠷ ᠲᠤᠭᠤᠰᠢᠯᠠᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠵᠦ᠂ 28 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠭᠤᠰᠢᠯᠠᠭᠤᠯᠬᠤ ᠲᠤᠰᠢᠶᠠᠯ ᠬᠠᠷᠢᠭᠤᠴᠠᠯᠭ᠎ᠠ ᠶᠢ ᠡᠯ᠎ᠡ ᠱᠠᠲᠤᠨ ᠪ᠊ ᠨᠠᠮ ᠵᠠᠰᠠᠭ ᠤᠨ ᠰᠠᠯᠠᠭ᠎ᠠ ᠮᠥᠴᠢᠷ᠂ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ᠂ ᠠᠵᠢᠯ ᠦᠢᠯᠡᠰ ᠤᠨ ᠨᠢᠭᠡᠴᠢ ᠶᠢᠨ ︽ᠭᠤᠷᠪᠠ ᠶᠢ ᠲᠣᠭᠲᠠᠭᠠᠬᠤ︾ ᠲᠣᠭᠲᠠᠭᠠᠯ ᠪᠠ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠠᠵᠢᠯ ᠤᠨ ᠳᠦᠷᠢᠮ ᠳᠤ ᠪᠢᠴᠢᠵᠦ ᠣᠷᠣᠭᠤᠯᠬᠤ ᠶᠢ ᠠᠭᠢᠭᠤᠯᠪᠠ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠤᠳᠤᠯᠭᠠᠨ ᠪ᠊ ᠢᠨᠵᠧᠨᠧᠷᠢᠩ ᠢ ᠢᠳᠡᠪᠬᠢᠲᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠪ᠊ ᠲᠥᠪ ᠢ ᠪᠠᠶᠢᠭᠤᠯᠵᠤ᠂ 19 ᠥᠪᠡᠷᠲᠡᠭᠡᠨ ᠵᠠᠰᠠᠬᠤ ᠣᠷᠣᠨ ᠪ᠊ ᠲᠡᠰ ᠤᠨ ᠣᠨᠣᠯ ᠤᠨ ᠰᠤᠳᠤᠯᠭᠠᠨ ᠪ᠊ ᠰᠠᠭᠤᠷᠢᠨ᠂ 26 ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠢ ᠪᠠᠶᠢᠭᠤᠯᠪᠠ︔ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠭᠦᠨ ᠢ ᠪᠦᠷᠬᠦᠭᠦᠯᠬᠦ ᠶᠢ ᠪᠡᠶᠡᠯᠡᠭᠦᠯᠪᠡ ᠁

ᠭᠦᠭᠡᠬᠤᠲᠠ ᠶᠢᠨ ᠢᠤᠶᠢᠴᠢᠤᠸᠠᠨ ᠲᠣᠭᠤᠷᠢᠭ ᠤᠨ ᠲᠦᠩ ᠱᠦᠨ ᠪᠠᠭ᠎ᠠ ᠰᠤᠷᠭᠠᠭᠤᠯᠢ ᠶᠢᠨ ᠰᠤᠷᠤᠬᠴᠢᠳ ᠭᠤᠸᠠᠩᠰᠢ ᠬᠤᠪᠧᠢ ᠶᠢᠨ ᠰᠤᠷᠤᠬᠴᠢ ᠯᠤᠭ᠎ᠠ ᠵᠠᠬᠢᠳᠠᠯ ᠢᠶᠠᠷ ᠣᠶᠢᠯᠠᠭᠠᠯᠴᠠᠨ ᠰᠣᠯᠢᠯᠴᠠᠨ᠎ᠠ
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠷᠭᠠᠨ ᠬᠥᠮᠦᠵᠢᠯ ᠤᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠺᠠᠳ᠋ᠷ ᠤᠨ ᠬᠥᠮᠦᠵᠢᠯ᠂ ᠤᠯᠤᠰ ᠠᠷᠠᠳ ᠤᠨ ᠬᠥᠮᠦᠵᠢᠯ᠂ ᠨᠡᠶᠢᠭᠡᠮ ᠤᠨ ᠬᠥᠮᠦᠵᠢᠯ᠂ ᠭᠡᠷ ᠪᠦᠯᠢ ᠶᠢᠨ ᠬᠥᠮᠦᠵᠢᠯ ᠳᠤ ᠠᠭᠤᠰᠤᠯᠴᠠᠭᠤᠯᠬᠤ ᠶᠢ ᠦᠷᠭᠦᠯᠵᠢᠯᠡᠨ ᠠᠬᠢᠭᠤᠯᠵᠤ᠂ ᠡᠯ᠎ᠡ ᠱᠠᠲᠤᠨ ᠪ᠊ ᠨᠠᠮ ᠤᠨ ᠰᠤᠷᠭᠠᠭᠤᠯᠢ᠂ ᠺᠠᠳ᠋ᠷ ᠤᠨ ᠳᠡᠭᠡᠳᠦ ᠰᠤᠷᠭᠠᠭᠤᠯᠢ᠂ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠬᠢᠴᠢᠶᠡᠯ ᠤᠨ ᠰᠢᠰᠲ᠋ᠧᠮ ᠳᠤ ᠣᠷᠣᠭᠤᠯᠪᠠ︔ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠪᠠ︔ ︽ᠠᠨᠠᠷ ᠤᠨ ᠬᠡᠯᠬᠢᠶ᠎ᠡ︾ ᠦᠨᠳᠦᠰᠦᠨ ᠱᠠᠲᠤᠨ ᠪ᠊ ᠠᠶᠠᠯᠠᠯ ᠤᠨ ᠦᠢᠯᠡᠴᠢᠯᠡᠭᠡᠨ ᠤ ᠠᠵᠢᠯᠯᠠᠭ᠎ᠠ ᠪᠦᠭᠦ ᠣᠷᠣᠨ ᠪ᠊ ᠡᠯ᠎ᠡ ᠭᠠᠵᠠᠷ ᠲᠤ ᠶᠠᠪᠤᠭᠳᠠᠵᠤ᠂ ᠭᠦᠨᠵᠡᠭᠡᠢ ᠪᠡᠶᠡᠴᠢᠯᠡᠨ ᠣᠶᠢᠯᠠᠭᠠᠬᠤ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ ᠤᠬᠠᠭᠤᠯᠤᠨ ᠲᠠᠶᠢᠯᠪᠤᠷᠢᠯᠠᠬᠤ᠂ ᠨᠠᠷᠢᠯᠢᠭ ᠣᠨᠣᠴᠠᠲᠠᠢ ᠪᠠᠷ ᠦᠢᠯᠡᠴᠢᠯᠡᠬᠦ ᠪᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠢᠳᠦᠨ ᠳᠤ ᠦᠵᠡᠭᠳᠡᠮ᠎ᠡ᠂ ᠰᠡᠳᠬᠢᠯ ᠳᠤ ᠰᠠᠭᠤᠭᠳᠠᠮ᠎ᠠ᠂ ᠭᠠᠷ ᠲᠤ ᠪᠠᠷᠢᠭᠳᠠᠮ᠎ᠠ ᠥᠷᠨᠢᠭᠦᠯᠪᠡ᠃

ᠭᠦᠭᠡᠬᠤᠲᠠ ᠶᠢᠨ ᠤᠯᠠᠭᠠᠨᠮᠥ᠋ᠴᠢᠷ ᠤᠨ ᠲᠣᠭᠯᠠᠭᠴᠢᠳ ᠵᠢᠭᠤᠯᠴᠢᠯᠠᠬᠰᠠᠳ ᠲᠤ ᠭᠤᠶᠢᠳᠠ ᠰᠠᠶᠢᠬᠠᠨ ᠲᠤᠬᠯᠠᠯᠲᠠ ᠬᠦᠷᠭᠡᠨ᠎ᠡ
ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠵᠣᠬᠢᠶᠠᠨ ᠪᠦᠲᠦᠭᠡᠯᠭᠡ ᠳᠠᠮᠵᠢᠭᠤᠯᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠬᠥᠮᠥᠷᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠤᠯᠠᠨ ᠤᠳᠬ᠎ᠠ ᠤᠷᠠᠯᠢᠭ ᠤᠨ ᠪᠦᠲᠦᠭᠡᠯ ᠤᠯᠤᠰ ᠤᠨ ᠲᠡᠰ ᠤᠨ ᠱᠠᠩᠨᠠᠯ ᠢ ᠬᠦᠷᠲᠡᠵᠦ᠂ ︽ᠳᠡᠯᠭᠡᠷ ᠨᠠᠭᠠᠳᠤᠮ︾᠂ ︽ᠠᠶᠠᠯᠭᠤᠲᠤ ᠵᠢᠭᠤᠯᠴᠢᠯᠠᠯ︾ ᠦᠵᠡᠭᠴᠢᠳ ᠤᠨ ᠬᠠᠷᠠᠭ᠎ᠠ ᠶᠢ ᠪᠠᠶᠠᠰᠬᠠᠵᠤ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠬᠤᠯᠠ ᠣᠶᠢᠷ᠎ᠠ ᠳᠤ ᠳᠠᠭᠤᠷᠢᠰᠬᠠᠪᠠ᠃
ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢᠲᠡᠭᠡᠯ ᠵᠣᠷᠢᠭ ᠢᠶᠠᠨ ᠨᠡᠮᠡᠭᠳᠡᠭᠦᠯᠦᠨ᠂ ᠰᠡᠳᠬᠢᠯ ᠢᠶᠠᠨ ᠨᠢᠭᠡᠳᠬᠡᠵᠦ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠦᠨᠳᠦᠰᠦᠲᠡᠨ ᠤ ᠪᠦᠯᠬᠦᠮᠳᠡᠯ ᠤᠨ ᠠᠮᠢ ᠨᠠᠰᠤᠨ ᠪ᠊ ᠱᠤᠭᠤᠮ ᠢ ᠬᠠᠮᠲᠤ ᠪᠠᠷ ᠰᠠᠬᠢᠨ ᠬᠠᠮᠠᠭᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠵᠢᠷᠤᠭᠯᠠᠪᠠ᠃
ᠰᠡᠳᠬᠢᠯ ᠵᠢᠷᠦᠬᠡ ᠪᠠᠨ ᠬᠤᠯᠪᠣᠵᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠭᠦᠨᠵᠡᠭᠡᠶᠢᠷᠡᠭᠦᠯᠪᠡ
ᠣᠶᠢᠷ᠎ᠠ ᠳᠤ᠂ ᠭᠦᠭᠡᠬᠤᠲᠠ ᠶᠢᠨ ᠢᠦᠶᠢᠴᠢᠤᠸᠠᠨ ᠲᠣᠭᠤᠷᠢᠭ ᠤᠨ ᠲᠦᠩ ᠱᠦᠨ ᠵᠡᠭᠡᠯᠢ ᠶᠢᠨ ᠪᠠᠭ᠎ᠠ ᠰᠤᠷᠭᠠᠭᠤᠯᠢ ᠪᠣᠯᠣᠨ ᠭᠤᠸᠠᠩᠰᠢ ᠶᠢᠨ ᠨᠠᠨᠨᠢᠩ ᠤᠨ ᠮᠢᠨ ᠯᠧ ᠵᠠᠮ ᠤᠨ ᠪᠠᠭ᠎ᠠ ᠰᠤᠷᠭᠠᠭᠤᠯᠢ᠂ ᠦᠬᠠᠨ ᠬᠤᠳᠠ ᠶᠢᠨ ᠵᠦᠩ ᠵᠢᠶᠠ ᠼᠦᠨ ᠲᠣᠰᠬᠤᠨ ᠪ᠊ ᠲᠤᠷᠰᠢᠯᠲᠠ ᠶᠢᠨ ᠪᠠᠭ᠎ᠠ ᠰᠤᠷᠭᠠᠭᠤᠯᠢ ᠬᠠᠮᠲᠤ ᠪᠠᠷ ︽ᠵᠠᠬᠢᠳᠠᠯ ᠢᠯᠡᠭᠡᠵᠦ ᠬᠤᠯᠪᠤᠭ᠎ᠠ ᠪᠠᠶᠢᠭᠤᠯᠬᠤ︾ ᠠᠵᠢᠯᠯᠠᠭ᠎ᠠ ᠥᠷᠨᠢᠭᠦᠯᠵᠦ᠂ ᠬᠡᠦᠬᠡᠳ ᠤᠳ ᠵᠠᠬᠢᠳᠠᠯ ᠢᠶᠠᠷ ᠰᠤᠷᠤᠯᠴᠠᠯᠭ᠎ᠠ ᠪᠣᠯᠣᠨ ᠠᠮᠢᠳᠤᠷᠠᠯ ᠤᠨ ᠪᠠᠶᠢᠳᠠᠯ ᠢᠶᠠᠨ ᠰᠣᠯᠢᠯᠴᠠᠵᠤ᠂ ᠥᠪᠡᠷ ᠤᠨ ᠨᠤᠲᠤᠭ ᠤᠰᠤ ᠪᠠᠨ ᠲᠠᠨᠢᠯᠴᠠᠭᠤᠯᠵᠤ᠂ ᠵᠠᠬᠢᠳᠠᠯ ᠢᠶᠠᠷ ᠬᠠᠷᠢᠯᠴᠠᠬᠤ ᠳᠤᠮᠳᠠ ᠭᠦᠨ ᠵᠤᠵᠠᠭᠠᠨ ᠨᠥᠬᠦᠷᠯᠡᠯ ᠢ ᠪᠠᠶᠢᠭᠤᠯᠪᠠ᠃ ︽ᠡᠨᠡ ᠪᠣᠯ ᠳᠥᠭᠦᠮᠬᠡᠨ ᠵᠠᠬᠢᠳᠠᠯ ᠴᠢᠮᠡᠭᠡᠨ ᠤ ᠰᠣᠯᠢᠯᠴᠠᠭ᠎ᠠ ᠪᠤᠯᠬᠤ ᠪᠠᠷ ᠪᠠᠷᠠᠬᠤ ᠦᠭᠡᠢ ᠨᠡᠩ ᠴᠤ ᠨᠢᠭᠡ ᠤᠳᠠᠭᠠᠨ ᠪ᠊ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠦᠢᠯᠡᠳᠦᠯᠭᠡ ᠮᠥᠨ᠃ ᠬᠡᠦᠬᠡᠳ ᠤᠳ ᠳᠤᠮᠳᠠᠳᠤ ᠶᠢᠨ ᠦᠨᠳᠦᠰᠦᠲᠡᠨ ᠤ ᠲᠣᠮᠣ ᠭᠡᠷ ᠪᠦᠯᠢ ᠶᠢᠨ ᠬᠠᠯᠠᠭᠤᠨ ᠳᠤᠯᠠᠭᠠᠨ ᠪᠠ ᠣᠯᠠᠨ ᠡᠰᠢᠲᠦ ᠰᠣᠶᠣᠯ ᠤᠨ ᠷᠢᠳᠢ ᠰᠢᠳᠢ ᠶᠢ ᠬᠠᠮᠲᠤ ᠪᠠᠷ ᠮᠡᠳᠡᠷᠡᠵᠦ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠬᠠᠭᠤᠳᠠᠰᠤ ᠶᠢ ᠬᠠᠮᠲᠤ ᠪᠠᠷ ᠵᠢᠷᠤᠭᠯᠠᠨ᠎ᠠ︾ ᠭᠡᠵᠦ ᠲᠦᠩ ᠱᠦᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠪᠡ᠃
ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠪ᠊ ᠲᠥᠯᠥᠪᠯᠡᠭᠡ ᠶᠢ ᠪᠠᠶᠢᠩᠭᠤᠵᠢᠭᠤᠯᠤᠨ ᠵᠢᠷᠤᠮᠵᠢᠭᠤᠯᠵᠤ᠂ 1.2 ᠲᠦᠮᠡᠨ ᠲᠠᠯᠠᠪᠠᠶ ᠰᠣᠯᠢᠯᠴᠠᠭᠠᠨ ᠪ᠊ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ 1000 ᠲᠦᠮᠡ ᠭᠠᠷᠤᠢ ᠬᠥᠮᠥᠨ ᠤᠳᠠᠭ᠎ᠠ ᠣᠷᠣᠯᠴᠠᠭᠤᠯᠵᠤ᠂ ᠳᠤᠮᠳᠠᠳᠤ ᠪᠠᠨ ᠬᠠᠶᠢᠷᠠᠯᠠᠬᠤ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠷ᠎ᠡ ᠶᠢ ᠵᠠᠯᠠᠭᠤᠴᠤᠳ ᠪᠠᠭᠠᠴᠤᠳ ᠤᠨ ᠰᠡᠳᠬᠢᠯ ᠳᠤ ᠭᠦᠨ ᠦᠨᠳᠦᠰᠦᠯᠡᠭᠦᠯᠪᠡ᠃ ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤᠨ ᠪ᠊ ᠪᠠᠳᠠᠢ ᠶᠢᠨ ᠵᠢᠷᠠᠨ ᠪᠠᠯᠭᠠᠰᠤ ᠶᠢᠨ ᠪᠦᠯᠬᠦᠮᠳᠡᠯ ᠨᠡᠶᠢᠭᠡᠮ ᠲᠣᠭᠤᠷᠢᠭ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠨᠢᠭᠤᠷᠳᠠᠨ ᠰᠣᠯᠢᠯᠴᠠᠬᠤ ᠲᠠᠪᠴᠠᠩ ᠪᠠᠶᠢᠭᠤᠯᠵᠤ ᠥᠭᠬᠦ ᠶᠢᠨ ᠬᠠᠮᠲᠤ᠂ ︽ᠨᠡᠭᠦᠳᠡᠯ ᠬᠡᠷᠡᠭ ᠵᠥᠪᠯᠡᠬᠦ︾ ᠠᠷᠭ᠎ᠠ ᠶᠢ ᠬᠡᠷᠡᠭᠵᠢᠭᠦᠯᠵᠦ᠂ ᠦᠨᠳᠦᠰᠦᠨ ᠱᠠᠲᠤᠨ ᠪ᠊ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠡᠢ᠃ ︽ᠠᠭᠤᠰᠤᠯᠴᠠᠭᠤᠯᠬᠤ︾ ᠤᠳᠤᠷᠢᠳᠤᠮᠵᠢ ᠶᠢ ᠳᠣᠪᠤᠶᠢᠯᠭᠠᠵᠤ᠂ ᠬᠤᠲᠠ ᠶᠢᠨ ᠨᠡᠶᠢᠭᠡᠮ ᠲᠣᠭᠤᠷᠢᠭ ᠪᠣᠯᠣᠨ ᠮᠠᠯᠵᠢᠬᠤ ᠲᠠᠷᠢᠶᠠᠯᠠᠬᠤ ᠣᠷᠣᠨ ᠪ᠊ ᠪᠣᠳᠠᠲᠤ ᠪᠠᠶᠢᠳᠠᠯ ᠢ ᠦᠨᠳᠦᠰᠦᠯᠡᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠣᠷᠣᠰᠢᠨ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠡᠶᠢᠭᠡᠮ ᠤᠨ ᠨᠥᠬᠦᠴᠡᠯ ᠢ ᠢᠳᠡᠪᠬᠢᠲᠡᠢ ᠡᠭᠦᠳᠴᠡᠢ᠃
ᠭᠤᠣᠯᠯᠠᠭᠴᠢ ᠬᠦᠴᠦᠨ ᠤ ᠪᠣᠯᠪᠠᠰᠤᠷᠠᠯ᠂ ᠳᠡᠯᠭᠡᠨ ᠦᠵᠡᠭᠦᠯᠭᠡ᠂ ᠣᠨᠴᠠᠯᠢᠭᠲᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠵᠡᠷᠭᠡ 6 ᠵᠦᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠰᠣᠳᠣᠨ ᠵᠢᠭᠤᠯᠴᠢᠯᠠᠯ ᠤᠨ ︽ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ︾ ᠢ ᠠᠬᠢᠭᠤᠯᠬᠤ 100 ᠭᠠᠷᠤᠢ ᠲᠥᠷᠥᠯ ᠵᠦᠢᠯ ᠢ ᠨᠡᠭᠡᠭᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠷᠲᠡᠭ ᠤᠨ ᠣᠶᠢᠯᠠᠭᠠᠭᠳᠠᠬᠤᠨ ᠢ ᠢᠯᠡᠷᠡᠭᠦᠯᠦᠭᠰᠡᠨ 200 ᠭᠠᠷᠤᠢ ᠰᠣᠳᠣᠨ ᠵᠠᠮ ᠱᠤᠭᠤᠮ ᠢ ᠭᠠᠷᠭᠠᠪᠠ ᠁ ᠦᠨᠳᠦᠰᠦᠲᠡᠨ ᠨᠦᠭᠦᠳ ᠤᠨ ᠣᠯᠠᠨ ᠲᠦᠮᠡᠨ ᠵᠢᠭᠤᠯᠴᠢᠯᠠᠯ ᠤᠨ ᠶᠠᠪᠤᠴᠠ ᠳᠤ ᠳᠤᠮᠳᠠᠳᠤ ᠶᠢᠨ ᠪᠣᠯᠪᠠᠰᠤᠨ ᠢ ᠨᠠᠩ ᠰᠠᠶᠢᠲᠤᠷ ᠮᠡᠳᠡᠷᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠦᠷᠢᠯᠳᠦᠯ ᠪᠠ ᠬᠥᠭᠵᠢᠯᠲᠡ ᠶᠢᠨ ᠲᠡᠦᠬᠡ ᠶᠢ ᠨᠡᠩ ᠰᠠᠶᠢᠲᠤᠷ ᠣᠶᠢᠯᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠣᠭᠴᠠᠯᠠᠵᠠᠢ᠃
ᠡᠨᠡ ᠵᠢᠯ᠂ ᠮᠠᠨ ᠪ᠊ ᠣᠷᠣᠨ ︽ᠭᠤᠷᠪᠠᠨ ᠵᠦᠢᠯ ᠤᠨ ᠲᠥᠯᠥᠪᠯᠡᠭᠡ︾ ᠶᠢᠨ ᠨᠡᠶᠢᠲᠡᠯᠢᠭ ᠵᠢᠱᠢᠶ᠎ᠡ ᠦᠵᠡᠭᠦᠯᠭᠦ ᠲᠥᠷᠥᠯ ᠵᠦᠢᠯ ᠢ ᠪᠣᠶᠢᠵᠢᠭᠤᠯᠬᠤ ᠠᠵᠢᠯᠯᠠᠭ᠎ᠠ ᠵᠡᠷᠭᠡ ᠶᠢ ᠡᠬᠢᠯᠡᠨ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠲᠦᠯᠬᠢᠨ ᠠᠬᠢᠭᠤᠯᠪᠠ᠃
ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ ᠵᠣᠯ ᠵᠢᠷᠭᠠᠯᠲᠤ ᠠᠮᠢᠳᠤᠷᠠᠯ ᠢ ᠴᠣᠭᠴᠠᠯᠠᠪᠠ
ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠪ᠊ ᠬᠢᠯᠢ ᠬᠢᠵᠠᠭᠠᠷ ᠢᠶᠠᠨ ᠬᠥᠭᠵᠢᠭᠦᠯᠦᠨ ᠠᠷᠠᠳ ᠢ ᠪᠠᠶᠠᠵᠢᠭᠤᠯᠬᠤ ᠢᠨᠵᠧᠨᠧᠷᠢᠩ ᠤᠨ ᠪᠠᠶᠠᠨᠴᠢᠨᠳᠠᠮᠤᠨᠢ ᠰᠤᠮᠤ ᠶᠢᠨ ᠮᠢᠩᠭᠠᠨ ᠮᠦ ᠴᠠᠭᠠᠨ ᠭᠤᠶᠣᠣ ᠡᠯᠪᠡᠭ ᠬᠤᠷᠢᠶᠠᠯᠲᠠ ᠶᠢ ᠤᠭᠲᠤᠵᠤ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠪᠠᠶᠠᠷ ᠪᠠᠭ᠋ᠠᠳᠤᠯ ᠢᠶᠠᠷ ᠪᠢᠯᠬᠠᠨ᠎ᠠ᠃
ᠨᠢᠭᠡ ᠰᠠᠭᠤᠷᠢ ᠴᠠᠭᠠᠨ ᠭᠤᠶᠣᠣ ᠨᠢ ᠮᠠᠯᠴᠢᠳ ᠤᠨ ᠠᠮᠢᠳᠤᠷᠠᠯ ᠢ ᠠᠭᠠᠵᠢᠮ ᠢᠶᠠᠷ ᠪᠠᠶᠠᠨ ᠴᠢᠨᠡᠭᠡᠯᠢᠭ ᠪᠤᠯᠭᠠᠵᠤ᠂ ᠬᠡᠰᠡᠭ ᠬᠡᠰᠡᠭ ᠵᠠᠭ ᠤᠨ ᠤᠢ ᠨᠢ ᠰᠠᠯᠬᠢ ᠡᠯᠡᠰᠦ ᠶᠢ ᠬᠤᠷᠢᠭᠯᠠᠬᠤ᠂ ᠠᠮᠢ ᠠᠬᠤᠢ ᠶᠢ ᠬᠠᠮᠠᠭᠠᠯᠠᠬᠤ ᠰᠢᠨ᠎ᠡ ᠬᠠᠯᠬᠠᠪᠴᠢ ᠪᠣᠯᠵᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠠᠮᠢ ᠠᠬᠤᠢ ᠤᠯᠠᠮ ᠠᠴᠠ ᠤᠯᠠᠮ ᠰᠠᠶᠢᠵᠢᠷᠠᠪᠠ᠃
2024 ᠣᠨ ᠳᠤ᠂ ᠮᠠᠨ ᠪ᠊ ᠣᠷᠣᠨ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠬᠢᠯᠢ ᠬᠢᠵᠠᠭᠠᠷ ᠣᠷᠣᠨ ᠪ᠊ ︽ᠤᠰᠤ ᠴᠠᠭᠢᠯᠭᠠᠨ ᠵᠠᠮ ᠬᠠᠷᠢᠯᠴᠠᠭ᠎ᠠ ᠮᠡᠳᠡᠭᠡ ᠵᠠᠩᠭᠢ︾ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠬᠢᠯᠢ ᠳᠠᠭᠠᠤ ᠨᠢᠭᠡᠳᠦᠭᠡᠷ ᠹᠷᠣᠨᠲ ᠲᠤ 590 ᠬᠤᠳᠳᠤᠭ ᠮᠠᠯᠲᠠᠵᠤ᠂ 124 ᠤᠰᠤᠨ ᠵᠣᠭᠤᠷᠢ ᠪᠠᠶᠢᠭᠤᠯᠵᠤ᠂ 114 ᠺᠢᠯᠣᠮᠧᠲᠷ ᠬᠤᠭᠤᠯᠠᠢ ᠲᠣᠣᠷ ᠳᠡᠪᠢᠰᠴᠦ᠂ 2.8 ᠲᠦᠮᠡ ᠭᠠᠷᠤᠢ ᠬᠥᠮᠥᠨ ᠳᠤ ᠠᠰᠢᠭ ᠭᠦᠷᠲᠡᠭᠡᠪᠡ︔ 3231 ᠺᠢᠯᠣᠮᠧᠲᠷ ᠤᠨ ᠴᠠᠭᠢᠯᠭᠠᠨ ᠬᠠᠩᠭᠠᠬᠤ ᠱᠤᠭᠤᠮ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ᠂ 1.26 ᠲᠦᠮᠡᠨ ᠡᠷᠦᠭᠡ ᠮᠠᠯᠴᠢᠨ ᠲᠠᠷᠢᠶᠠᠴᠢᠨ ᠳᠤ ᠨᠠᠷᠠ ᠰᠠᠯᠬᠢᠨ ᠢ ᠬᠠᠷᠢᠯᠴᠠᠨ ᠨᠥᠬᠦᠪᠦᠷᠢᠯᠡᠬᠦ ᠲᠥᠬᠦᠭᠡᠷᠦᠮᠵᠢ ᠤᠬᠰᠠᠷᠠᠪᠠ︔ ᠡᠯ᠎ᠡ ᠲᠠᠰ ᠤᠨ ᠵᠠᠰᠠᠮᠠᠯ ᠵᠠᠮ ᠢ 492 ᠺᠢᠯᠣᠮᠧᠲᠷ ᠨᠠᠪᠲᠠᠷᠡᠭᠦᠯᠵᠦ᠂ ᠬᠢᠯᠢ ᠬᠢᠵᠠᠭᠠᠷ ᠤᠨ ᠰᠠᠭᠤᠷᠢ ᠥᠷᠲᠡᠭᠡ ᠶᠢ 198 ᠪᠠᠶᠢᠭᠤᠯᠵᠤ᠂ ᠭᠡᠷᠡᠯᠯᠢᠭ ᠳᠡᠭᠡᠰᠦ ᠶᠢ 1845 ᠺᠢᠯᠣᠮᠧᠲᠷ ᠳᠡᠪᠢᠰᠴᠦ᠂ ᠬᠢᠯᠢ ᠬᠢᠵᠠᠭᠠᠷ ᠣᠷᠣᠨ ᠪ᠊ ᠰᠠᠭᠤᠷᠢ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ︔ᠪᠦᠭᠦ ᠵᠢᠯ ᠳᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠪ᠊ ᠲᠣᠰ ᠱᠠᠲᠤᠨ ᠪ᠊ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢ ᠨᠡᠶᠢᠲᠡ 7.22 ᠳ᠋ᠦᠩᠰᠢᠭᠤᠷ ᠲᠥᠭᠦᠷᠢᠭ ᠪᠠᠭᠤᠯᠭᠠᠵᠤ᠂ ᠨᠡᠶᠢᠲᠡ 623 ᠲᠥᠷᠥᠯ ᠵᠦᠢᠯ ᠢ ᠬᠡᠷᠡᠭᠵᠢᠭᠦᠯᠵᠦ᠂ ᠰᠢᠭᠤᠳ ᠠᠰᠢᠭ ᠭᠥᠷᠳᠡᠭᠰᠡᠨ ᠣᠯᠠᠨ ᠲᠦᠮᠡᠨ 21.36 ᠲᠦᠮᠡ ᠳᠤ ᠬᠦᠷᠴᠡᠢ ᠁
ᠪᠦᠭᠦ ᠣᠷᠣᠨ ᠪ᠊ ᠭᠠᠵᠠᠷ ᠣᠷᠣᠨ ᠪ᠊ ᠦᠢᠯᠡᠳᠪᠦᠷᠢᠯᠡᠯ ᠤᠨ ᠶᠡᠷᠦᠩᠬᠡᠢ ᠥᠷᠲᠡᠭ 2.6 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠠᠮᠤ ᠪᠤᠳᠠᠭᠠᠨ ᠪ᠊ ᠤᠨᠠᠯᠲᠠ 820.1 ᠳ᠋ᠦᠩᠰᠢᠭᠤᠷ ᠵᠢᠩ ᠳᠤ ᠬᠦᠷᠴᠦ᠂ ︽ᠬᠤᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠵᠦ᠂ ᠦᠬᠡᠷ ᠬᠤᠨᠢᠨ ᠮᠢᠬ᠎ᠠ᠂ ᠦᠨᠢᠶᠡᠨ ᠰᠦ ᠶᠢᠨ ᠭᠠᠷᠤᠯᠲᠠ ᠴᠥᠮ ᠪᠦᠭᠦ ᠤᠯᠤᠰ ᠤᠨ ᠲᠡᠷᠢᠭᠦᠨ ᠳᠤ ᠣᠷᠣᠵᠤ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠦᠮᠡᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠤ᠂ ᠵᠢᠭᠤᠯᠴᠢᠯᠠᠯ ᠤᠨ ᠣᠷᠣᠯᠭ᠎ᠠ 23.4% ᠪᠠᠷ ᠨᠡᠮᠡᠭᠳᠡᠵᠦ᠂ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠮᠠᠰᠢᠨ ᠴᠣᠭᠴᠠᠯᠠᠪᠤᠷᠢ ᠶᠢ 2727 ᠲᠦᠮᠡᠨ ᠺᠢᠯᠣᠸᠠᠲ ᠪᠠᠶᠢᠭᠤᠯᠵᠤ᠂ 238 ᠲᠦᠮᠡᠨ ᠮᠦ ᠡᠯᠡᠰᠦ ᠶᠢ ᠲᠥᠭᠦᠷᠵᠢᠭᠦᠯᠦᠨ ᠵᠠᠰᠠᠪᠠ ᠁ 2024 ᠣᠨ ᠳᠤ᠂ ᠮᠠᠨ ᠤ ᠣᠷᠣᠨ ᠭᠢᠯᠠᠯᠵᠠᠮ᠎ᠠ ᠬᠢᠷᠢ ᠪᠦᠲᠤᠮᠵᠢ ᠶᠢᠨ ᠬᠠᠭᠤᠳᠠᠰᠤ ᠶᠢ ᠲᠤᠰᠢᠶᠠᠵᠤ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠲᠠᠯ᠎ᠠ ᠪᠠᠷ ᠦᠨᠡᠨ ᠪᠣᠳᠠᠲᠠᠢ ᠠᠯᠬᠤᠮ ᠢ ᠠᠯᠬᠤᠪᠠ᠃ ᠡᠨᠡ ᠵᠢᠯ᠂ ᠶᠡᠷᠦᠩᠬᠡᠢ ᠱᠦᠵᠢ ᠰᠢ ᠶᠢᠨ ᠫᠢᠩ ᠤᠨ ᠮᠠᠨ ᠪ᠊ ᠣᠷᠣᠨ ᠳᠤ ᠲᠠᠯᠪᠢᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠭᠦ ᠣᠷᠣᠨ ᠪ᠊ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠠᠬᠢᠭᠤᠯᠵᠤ ᠪᠤᠶ᠃
ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠮᠠᠨ ᠪ᠊ ᠣᠷᠣᠨ ᠦᠵᠡᠯ ᠰᠠᠨᠠᠭᠠᠨ ᠪ᠊ ᠬᠠᠮᠲᠤ ᠶᠢᠨ ᠲᠠᠨᠢᠯᠲᠠ ᠪᠠᠷ ᠠᠵᠢᠯᠯᠠᠭᠠᠨ ᠪ᠊ ᠬᠦᠴᠦᠨ ᠢ ᠨᠢᠭᠲᠠᠷᠠᠭᠤᠯᠵᠤ᠂ ᠶᠠᠪᠤᠯᠴᠠᠭ᠎ᠠ ᠰᠣᠯᠢᠯᠴᠠᠭ᠎ᠠ ᠪᠠᠷ ᠦᠨᠳᠦᠰᠦᠲᠡᠨ ᠤ ᠪᠦᠯᠬᠦᠮᠳᠡᠯ ᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠪᠠᠷ ᠵᠣᠯ ᠵᠢᠷᠭᠠᠯ ᠤᠨ ᠰᠠᠭᠤᠷᠢ ᠶᠢ ᠪᠠᠬᠢᠵᠢᠭᠦᠯᠪᠡ᠃
ᠤᠮᠠᠷᠠᠲᠤ ᠬᠢᠯᠢ ᠶᠢᠨ ᠡᠬᠡ ᠭᠠᠵᠠᠷ ᠲᠤ᠂ ᠪᠦᠯᠬᠦᠮᠳᠡᠯ ᠤᠨ ᠴᠡᠴᠡᠭᠡᠰ ᠡᠭᠦᠷᠢᠳᠡ ᠪᠠᠳᠠᠷᠠᠨ ᠳᠡᠯᠭᠡᠷᠡᠵᠦ᠂ ᠲᠡᠮᠡᠴᠡᠯ ᠤᠨ ᠳᠠᠭᠤᠤ ᠤᠯᠠᠮ ᠠᠴᠠ ᠤᠯᠠᠮ ᠬᠠᠩᠭᠢᠨᠠᠨ ᠴᠤᠤᠷᠢᠶᠠᠲᠤᠵᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠰᠦᠷᠯᠢᠭ ᠰᠠᠶᠢᠬᠠᠨ ᠦᠵᠡᠮᠵᠢ ᠶᠢᠨ ᠵᠢᠷᠤᠭ ᠠᠭᠠᠵᠢᠮ ᠢᠶᠠᠷ ᠳᠡᠯᠭᠡᠭᠳᠡᠨ᠎ᠡ᠃