ᠰᠣᠶᠣᠯ ᠪᠣᠯ ᠦᠨᠳᠦᠰᠦᠲᠡᠨ ᠪ᠊ ᠣᠷᠣᠰᠢᠨ ᠲᠣᠭᠲᠠᠨᠢᠬᠤ ᠪᠠ ᠬᠥᠭᠵᠢᠯᠲᠡ ᠶᠢᠨ ᠴᠢᠬᠤᠯᠠ ᠬᠦᠴᠦᠨ ᠮᠥᠨ᠃ ᠬᠥᠮᠥᠨ ᠲᠥᠷᠥᠯᠬᠢᠲᠡᠨ ᠤ ᠨᠡᠶᠢᠭᠡᠮ ᠤᠨ ᠲᠠᠪᠰᠢᠯᠳᠡ᠂ ᠪᠣᠯᠪᠠᠰᠤᠨ ᠪ᠊ ᠠᠬᠢᠴᠠ ᠪᠦᠷᠢ ᠳᠤ ᠪᠦᠷ ᠰᠣᠶᠣᠯ ᠤᠨ ᠲᠡᠦᠬᠡᠴᠢ ᠴᠢᠨᠠᠷ ᠲᠠᠢ ᠲᠠᠪᠰᠢᠯᠳᠠ ᠳᠠᠭᠠᠯᠳᠤᠵᠤ ᠪᠠᠶᠢᠳᠠᠭ᠃ ᠲᠤᠮᠳᠠᠳᠤ ᠶᠢᠨ ᠦᠨᠳᠦᠰᠦᠲᠡᠨ 5000 ᠭᠠᠷᠤᠢ ᠵᠢᠯ ᠤᠨ ᠪᠣᠯᠪᠠᠰᠤᠨ ᠲᠡᠦᠬᠡ ᠲᠠᠢ᠂ ᠣᠶᠢᠷ᠎ᠠ ᠦᠶ᠎ᠡ ᠠᠴᠠ ᠡᠮᠦᠨ᠎ᠡ ᠲᠤᠮᠳᠠᠳᠤ ᠤᠯᠤᠰ ᠪᠦᠷ ᠳᠡᠯᠡᠬᠡᠢ ᠶᠢᠨ ᠬᠦᠴᠦᠷᠬᠡᠭ ᠤᠯᠤᠰ ᠤᠨ ᠨᠢᠭᠡ ᠪᠠᠶᠢᠪᠠ᠃ ᠬᠡᠳᠦᠨ ᠮᠢᠩᠭᠠᠨ ᠵᠢᠯ ᠤᠨ ᠲᠡᠦᠬᠡ ᠶᠢᠨ ᠬᠤᠪᠢᠷᠠᠯᠲᠠ ᠳᠤᠮᠳᠠ ᠲᠤᠮᠳᠠᠳᠤ ᠶᠢᠨ ᠦᠨᠳᠦᠰᠦᠲᠡᠨ ᠲᠣᠭᠠᠯᠠᠰᠢ ᠦᠭᠡᠢ ᠤᠯᠠᠨ ᠪᠡᠷᠬᠡ ᠶᠢ ᠲᠤᠭᠤᠯᠵᠤ ᠢᠷᠡᠵᠡᠢ᠃ ᠡᠭᠦᠨ ᠤ ᠬᠠᠮᠤᠭ ᠤᠨ ᠴᠢᠬᠤᠯᠠ ᠨᠢᠭᠡᠨ ᠰᠢᠯᠲᠠᠭᠠᠨ ᠨᠢ ᠭᠡᠪᠡᠯ ᠦᠶ᠎ᠡ ᠦᠶ᠎ᠡ ᠶᠢᠨ ᠲᠤᠮᠳᠠᠳᠤ ᠶᠢᠨ ᠬᠥᠪᠡᠭᠦᠳ ᠥᠬᠢᠳ ᠥᠪᠡᠷᠮᠢᠴᠡ ᠣᠨᠴᠠᠯᠢᠭ ᠲᠠᠢ᠂ ᠲᠡᠯᠠᠢ ᠭᠦᠨ ᠠᠭᠤᠯᠬᠤᠨ ᠲᠠᠢ ᠲᠤᠮᠳᠠᠳᠤ ᠶᠢᠨ ᠰᠣᠶᠣᠯ ᠢ ᠡᠭᠦᠳᠦᠨ ᠬᠥᠭᠵᠢᠭᠦᠯᠵᠦ᠂ ᠲᠤᠮᠳᠠᠳᠤ ᠶᠢᠨ ᠦᠨᠳᠦᠰᠦᠲᠡᠨ ᠬᠦᠴᠢᠷ ᠪᠡᠷᠬᠡᠰᠢᠶᠡᠯ ᠢ ᠲᠤᠭᠤᠯᠵᠤ᠂ ᠦᠶ᠎ᠡ ᠤᠯᠠᠷᠢᠨ ᠬᠥᠭᠵᠢᠬᠦ ᠳᠤ ᠬᠦᠴᠦᠷᠬᠡᠭ ᠶᠡᠭᠡ ᠤᠶᠤᠨ ᠰᠠᠨᠠᠭᠠᠨ ᠤ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
— ᠶᠡᠷᠦᠩᠬᠡᠢ ᠱᠦᠵᠢ ᠰᠢ ᠶᠢᠨ ᠫᠢᠩ ᠤᠨ ᠤᠳᠬ᠎ᠠ ᠤᠷᠠᠯᠢᠭ ᠤᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ᠠᠴᠠ ︵2014 ᠣᠨ ᠤ 10 ᠰᠠᠷ᠎ᠠ ᠶᠢᠨ 15 ᠤ ᠡᠳᠦᠷ︶
ᠭᠦᠭᠡᠬᠤᠳᠠ ᠶᠢᠨ ᠢᠦᠶᠢᠴᠢᠤᠸᠠᠨ ᠲᠣᠭᠤᠷᠢᠭ ᠤᠨ ᠨᠢᠭᠡᠨ ᠠᠵᠢᠯᠯᠠᠬᠤ ᠥᠷᠥᠭᠡᠨ ᠳᠤ ᠨᠠᠷᠢᠯᠢᠭ ᠰᠠᠶᠢᠬᠠᠨ ᠵᠢᠷᠤᠭ ᠤᠳ ᠳᠡᠯᠭᠡᠭᠳᠡᠵᠦ᠂ ᠥᠩᠭᠡ ᠪᠤᠳᠤᠭ ᠢᠯᠭᠠᠷᠠᠭᠰᠠᠨ ᠠᠯᠳᠠᠨ ᠭᠦᠪᠡᠭᠡ ᠲᠠᠢ ᠹᠠᠯᠠᠨ ᠵᠢᠷᠤᠭ ᠬᠠᠷᠠᠭᠰᠠᠨ ᠪᠣᠯᠭᠠᠨ ᠤ ᠪᠠᠭ᠋ᠠᠷᠬᠠᠯ ᠢ ᠲᠠᠲᠠᠨ᠎ᠠ᠃
ᠭᠦᠭᠡᠬᠤᠳᠠ ᠶᠢᠨ ᠠᠯᠳᠠᠨ ᠭᠦᠪᠡᠭᠡ ᠲᠠᠢ ᠹᠠᠯᠠᠨ ᠵᠢᠷᠤᠭ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠼᠦᠢ ᠰᠢᠶᠠ ᠠᠯᠳᠠᠨ ᠥᠩᠭᠡᠲᠦ ᠬᠥᠩᠭᠡᠨᠴᠠᠭᠠᠨ ᠤᠲᠠᠰᠤ ᠶᠢ ᠬᠠᠶᠢᠴᠢᠯᠠᠨ᠂ ᠴᠢᠮᠬᠢᠭᠦᠷ ᠢᠶᠠᠷ ᠨᠤᠭᠤᠯᠵᠤ᠂ ᠨᠢᠭᠡ ᠨᠤᠭᠤᠯᠵᠤ ᠨᠢᠭᠡ ᠣᠷᠢᠶᠠᠬᠤ ᠪᠠᠷ ᠲᠠᠮᠵᠢᠨ ᠤᠷᠠᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠭᠤᠸ᠎ᠠ ᠰᠠᠶᠢᠬᠠᠨ ᠢ ᠭᠠᠶᠢᠬᠠᠭᠤᠯᠤᠨ᠎ᠠ᠃
ᠳᠣᠲᠣᠭᠠᠳᠤ ᠭᠠᠳᠠᠭᠠᠳᠤ ᠶᠢ ᠤᠶᠠᠯᠳᠤᠭᠤᠯᠵᠤ ᠤᠷᠠᠯᠢᠭ ᠤᠨ ᠭᠠᠶᠢᠬᠠᠮᠰᠢᠭ ᠢ ᠡᠭᠦᠳᠪᠡ
ᠠᠯᠳᠠᠨ ᠭᠦᠪᠡᠭᠡ ᠲᠠᠢ ᠹᠠᠯᠠᠨ ᠢ ᠪᠠᠰᠠ ᠵᠢᠩ ᠲᠠᠢ ᠯᠠᠨ ᠬᠡᠮᠡᠵᠦ᠂ ᠲᠤᠰ ᠮᠡᠷᠭᠡᠵᠢᠯ ᠨᠢ ᠶᠤᠸᠠᠨ ᠤᠯᠤᠰ ᠤᠨ ᠦᠶ᠎ᠡ ᠳᠤ ᠠᠷᠠᠪ ᠣᠷᠣᠨ ᠠᠴᠠ ᠲᠤᠮᠳᠠᠳᠤ ᠤᠯᠤᠰ ᠲᠤ ᠤᠯᠠᠮᠵᠢᠯᠠᠭᠳᠠᠨ ᠣᠷᠣᠵᠤ ᠢᠷᠡᠭᠡᠳ ᠠᠭᠠᠵᠢᠮ ᠢᠶᠠᠷ ᠬᠥᠭᠵᠢᠵᠡᠢ᠃ ᠲᠠᠷᠠ ᠨᠢ ᠥᠨᠢ ᠡᠷᠲᠡᠨ ᠤ ᠵᠢᠩ ᠲᠠᠢ ᠯᠠᠨ ᠤᠷᠠᠯᠠᠯ ᠠᠴᠠ ᠠᠩᠭᠢᠵᠢᠷᠠᠵᠤ᠂ ᠹᠠᠯᠠᠨ ᠤᠷᠠᠯᠢᠭ ᠢ ᠵᠢᠷᠤᠭ ᠤᠨ ᠬᠠᠪᠲᠠᠰᠤᠨᠠ ᠰᠢᠯᠵᠢᠭᠦᠯᠦᠭᠰᠡᠨ ᠤᠨᠴᠠᠭᠠᠢ ᠤᠷᠠᠯᠢᠭ ᠤᠨ ᠭᠡᠯᠪᠠᠷᠢ ᠪᠠᠶᠢᠵᠤ᠂ ᠤᠯᠠᠮᠵᠢᠯᠠᠯᠲᠤ ᠵᠢᠩ ᠲᠠᠢ ᠯᠠᠨ ᠤᠷᠠᠯᠠᠯ ᠤᠨ ᠠᠯᠳᠠᠨ ᠤᠲᠠᠰᠤ ᠪᠠᠷ ᠭᠦᠪᠡᠭᠡᠯᠡᠭᠦ᠂ ᠬᠥᠬᠡ ᠪᠤᠳᠤᠭ ᠰᠠᠭᠤᠯᠭᠠᠬᠤ ᠵᠡᠷᠭᠡ ᠮᠡᠷᠭᠡᠵᠢᠯ ᠤᠨ ᠰᠠᠭᠤᠷᠢᠨ ᠳᠡᠭᠡᠷ᠎ᠡ ᠬᠢᠲᠠᠳ ᠵᠢᠷᠤᠭ ᠪᠠ ᠲᠤᠰᠤᠨ ᠪᠤᠳᠤᠭ ᠤᠨ ᠵᠢᠷᠤᠭ ᠤᠨ ᠵᠠᠷᠢᠮ ᠮᠡᠷᠭᠡᠵᠢᠯ ᠢ ᠰᠢᠩᠭᠡᠭᠡᠵᠦ᠂ ᠭᠠᠷ ᠢᠶᠠᠷ ᠭᠦᠪᠡᠭᠡᠯᠡᠵᠤ᠂ ᠪᠠᠶᠢᠭᠠᠯᠢᠯᠢᠭ ᠰᠢᠷ ᠪᠤᠳᠤᠭ ᠢᠶᠠᠷ ᠪᠤᠳᠤᠵᠤ᠂ ᠠᠷᠪᠠᠨ ᠬᠡᠳᠦᠨ ᠶᠠᠪᠤᠴᠠ ᠶᠢ ᠳᠠᠮᠵᠢᠭᠠᠳ ᠪᠦᠲᠦᠭᠡᠭᠳᠡᠳᠡᠭ ᠠᠵᠢ᠃
ᠠᠯᠳᠠᠨ ᠭᠦᠪᠡᠭᠡ ᠲᠠᠢ ᠹᠠᠯᠠᠨ ᠵᠢᠷᠤᠭ ᠨᠢ ᠶᠤᠸᠠᠨ ᠤᠯᠤᠰ ᠤᠨ ᠰᠡᠭᠦᠯᠴᠢ ᠮᠢᠩ ᠤᠯᠤᠰ ᠤᠨ ᠡᠬᠢᠨ ᠤ ᠦᠶ᠎ᠡ ᠳᠤ ᠶᠡᠬᠡᠪᠡᠷ ᠳᠡᠯᠭᠡᠷᠡᠵᠦ᠂ ᠮᠢᠩ ᠤᠯᠤᠰ ᠤᠨ ᠦᠶ᠎ᠡ ᠳᠤ ᠬᠥᠭᠵᠢᠯᠲᠡ ᠪᠠᠨ ᠣᠯᠵᠤ᠂ ᠴᠢᠩ ᠤᠯᠤᠰ ᠤᠨ ᠲᠡᠭᠷᠢ ᠲᠡᠳᠬᠦᠭᠴᠢ ᠶᠢᠨ ᠦᠶ᠎ᠡ ᠳᠤ ᠤᠷᠭᠢᠯ ᠤᠨ ᠱᠠᠲᠤᠨ ᠳᠠᠭᠠᠨ ᠬᠦᠷᠴᠡᠢ᠃
2006 ᠣᠨ ᠳᠤ᠂ ᠠᠯᠳᠠᠨ ᠭᠦᠪᠡᠭᠡ ᠲᠠᠢ ᠹᠠᠯᠠᠨ ᠮᠡᠷᠭᠡᠵᠢᠯ ᠨᠢ ᠠᠩᠬᠠᠳᠤᠭᠠᠷ ᠪᠦᠯᠦᠭ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠴᠢᠨᠠᠷᠲᠠᠢ ᠲᠦᠷᠦᠯ ᠵᠦᠢᠯ ᠤᠨ ᠨᠡᠷᠡᠰ ᠤᠨ ᠪᠦᠷᠢᠳᠬᠡᠯ ᠳᠤ ᠵᠢᠭᠰᠠᠭᠠᠭᠳᠠᠵᠠᠢ᠃
ᠼᠦᠢ ᠰᠢᠶᠠ 2002 ᠣᠨ ᠳᠤ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠤᠷᠠᠨ ᠵᠢᠷᠤᠭ ᠤᠨ ᠰᠠᠯᠪᠤᠷᠢ ᠠᠴᠠ ᠲᠡᠭᠦᠰᠴᠦ᠂ ᠭᠦᠭᠡᠬᠤᠳᠠ ᠶᠢᠨ ᠠᠯᠳᠠᠨ ᠭᠦᠪᠡᠭᠡ ᠲᠠᠢ ᠹᠠᠯᠠᠨ ᠵᠢᠷᠤᠭ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠪᠤᠯᠬᠤ ᠠᠴᠠ ᠡᠮᠦᠨ᠎ᠡ ᠭᠦᠭᠡᠬᠤᠳᠠ ᠶᠢᠨ ᠬᠤᠳᠠ ᠶᠢᠨ ᠲᠡᠰ ᠤᠨ ᠴᠠᠭᠠᠰᠤᠨ ᠬᠠᠶᠢᠴᠢᠯᠠᠮᠠᠯ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠪᠠᠶᠢᠪᠠ᠃
ᠴᠠᠭᠠᠰᠤᠨ ᠬᠠᠶᠢᠴᠢᠯᠠᠮᠠᠯ ᠤᠨ ᠲᠠᠯ᠎ᠠ ᠪᠠᠷ ᠬᠢ ᠠᠮᠵᠢᠯᠲᠠ ᠨᠢ ᠼᠦᠢ ᠰᠢᠶᠠ ᠶᠢ ᠤᠷᠠᠯᠢᠭ ᠤᠨ ᠬᠦᠷᠢᠶ᠎ᠡ ᠬᠡᠪᠴᠢᠶ᠎ᠡ ᠪᠠᠨ ᠲᠠᠰᠤᠷᠠᠯᠳᠠ ᠦᠭᠡᠢ ᠲᠡᠯᠡᠭᠦ ᠶᠢ ᠠᠬᠢᠭᠤᠯᠵᠠᠢ᠃
2016 ᠣᠨ ᠳᠤ ᠲᠠᠷᠠ ᠪᠡᠭᠡᠵᠢᠩ ᠳᠤ ᠪᠣᠳᠠᠰ ᠤᠨ ᠪᠤᠰᠤ ᠰᠣᠶᠣᠯ ᠤᠨ ᠥᠪ ᠤᠨ ᠮᠡᠷᠭᠡᠵᠢᠯ ᠤᠨ ᠪᠣᠯᠪᠠᠰᠤᠷᠠᠯ ᠳᠤ ᠣᠷᠣᠯᠴᠠᠭᠠᠳ᠂ ᠲᠤᠮᠳᠠᠳᠤ ᠤᠯᠤᠰ ᠤᠨ ᠳᠡᠭᠡᠳᠦ ᠵᠡᠷᠭᠡ ᠶᠢᠨ ᠤᠷᠠᠯᠢᠭ ᠵᠢᠷᠤᠭ ᠤᠨ ᠶᠡᠭᠡ ᠪᠠᠭᠰᠢ ᠬᠤᠸᠠᠩ ᠰᠢᠶᠣᠣ ᠴᠢᠶᠦ᠋ᠨ ᠠᠴᠠ ᠠᠯᠳᠠᠨ ᠭᠦᠪᠡᠭᠡ ᠲᠠᠢ ᠹᠠᠯᠠᠨ ᠮᠡᠷᠭᠡᠵᠢᠯ ᠢ ᠠᠬᠤᠢ ᠲᠠᠯᠠᠪᠠᠢ ᠳᠤ ᠤᠷᠠᠯᠠᠬᠤ ᠶᠢ ᠣᠯᠵᠤ ᠬᠠᠷᠠᠵᠠᠢ᠃
︽ᠬᠤᠸᠠᠩ ᠪᠠᠭᠰᠢᠲᠠᠨ ᠪ᠊ ᠰᠢᠷ ᠰᠠᠭᠤᠯᠭᠠᠬᠤ ᠤᠷ᠎ᠠ ᠮᠡᠷᠭᠡᠵᠢᠯ ᠢ ᠬᠠᠷᠠᠭᠠᠳ ᠪᠢ ᠠᠯᠳᠠᠨ ᠭᠦᠪᠡᠭᠡ ᠲᠠᠢ ᠹᠠᠯᠠᠨ ᠵᠢᠷᠤᠭ ᠲᠤ ᠮᠠᠰᠢ ᠶᠡᠭᠡ ᠳᠤᠷ᠎ᠠ ᠰᠣᠨᠢᠷᠬᠠᠯ ᠲᠠᠢ ᠪᠣᠯᠤᠭᠰᠠᠨ︾ ᠭᠡᠵᠦ ᠼᠦᠢ ᠰᠢᠶᠠ ᠶᠠᠷᠢᠨ᠎ᠠ᠃
ᠨᠠᠷᠢᠯᠢᠭ ᠰᠠᠶᠢᠬᠠᠨ ᠰᠤᠷᠤᠯᠴᠠᠵᠤ ᠰᠢᠨ᠎ᠡ ᠶᠢ ᠡᠭᠦᠳᠪᠡ
ᠪᠡᠭᠡᠵᠢᠩ ᠳᠠᠬᠢ ᠨᠢᠭᠡ ᠭᠠᠷᠠᠭ ᠤᠨ ᠰᠤᠷᠤᠯᠴᠠᠯᠭ᠎ᠠ ᠳᠤ ᠼᠦᠢ ᠰᠢᠶᠠ ᠪᠦᠭᠦ ᠬᠦᠴᠦ ᠪᠠᠨ ᠠᠯᠳᠠᠨ ᠭᠦᠪᠡᠭᠡ ᠲᠠᠢ ᠹᠠᠯᠠᠨ ᠮᠡᠷᠭᠡᠵᠢᠯ ᠢ ᠰᠤᠷᠤᠯᠴᠠᠬᠤ ᠳᠤ ᠲᠠᠯᠪᠢᠵᠤ᠂ ᠪᠡᠭᠡᠵᠢᠩ ᠠᠴᠠ ᠬᠠᠷᠢᠵᠤ ᠢᠷᠡᠭᠰᠡᠨ ᠪ᠊ ᠲᠠᠷᠠᠭ᠎ᠠ ᠪᠠᠰᠠ ᠭᠠᠳᠠᠭᠰᠢ ᠲᠤᠰᠬᠠᠶᠢᠯᠠᠨ ᠰᠤᠷᠤᠯᠴᠠᠬᠤ ᠪᠠᠷ ᠶᠠᠪᠤᠵᠠᠢ᠃
︽2017 ᠣᠨ ᠳᠤ ᠪᠢ ᠬᠠᠭᠠᠰ ᠵᠢᠯ ᠠᠯᠳᠠᠨ ᠭᠦᠪᠡᠭᠡ ᠲᠠᠢ ᠹᠠᠯᠠᠨ ᠮᠡᠷᠭᠡᠵᠢᠯ ᠪᠠ ᠰᠢᠷ ᠰᠠᠭᠤᠯᠭᠠᠬᠤ ᠮᠡᠷᠭᠡᠵᠢᠯ ᠢ ᠰᠤᠷᠤᠯᠴᠠᠬᠰᠠᠨ᠂ ᠲᠠᠰᠤᠷᠠᠯᠳᠠ ᠦᠭᠡᠢ ᠰᠤᠷᠤᠯᠴᠠᠬᠤ ᠪᠠᠷ ᠳᠠᠮᠵᠢᠭᠠᠳ ᠮᠢᠨᠤ ᠮᠡᠷᠭᠡᠵᠢᠯ ᠨᠡᠯᠢᠶᠡᠳ ᠳᠡᠭᠡᠭᠰᠢᠯᠡᠭᠰᠡᠨ︾᠂ ︽ᠲᠠᠷᠠ ᠦᠶᠡᠰ ᠪᠢ ᠬᠤᠶᠠᠳᠤᠭᠠᠷ ᠬᠡᠦᠬᠡᠳ ᠢᠶᠠᠨ ᠳᠠᠪᠬᠤᠷ ᠪᠠᠶᠢᠭᠰᠠᠨ᠂ ᠭᠡᠷ ᠪᠣᠯᠣᠨ ᠠᠵᠢᠯᠯᠠᠬᠤ ᠥᠷᠥᠭᠡᠨ ᠪ᠊ ᠬᠤᠭᠤᠷᠣᠨᠳᠤ ᠨᠠᠰᠢ ᠴᠠᠰᠢ ᠶᠠᠭᠠᠷᠠᠭᠰᠠᠭᠠᠷ ᠪᠠᠶᠢᠵᠤ᠂ ᠭᠡᠳᠡᠰᠦ ᠪᠦᠳᠦᠭᠦᠷᠡᠭᠡᠳ ᠪᠦᠷ ᠮᠠᠰᠢᠨ ᠪ᠊ ᠵᠠᠯᠠᠭᠤᠷ ᠲᠤ ᠲᠤᠯᠵᠤ᠂ ᠬᠥᠩᠭᠡᠵᠢᠬᠦ ᠦᠶ᠎ᠡ ᠪᠠᠷ ᠰᠠᠶ᠋ᠢ ᠠᠵᠢᠯᠯᠠᠬᠤ ᠪᠠᠨ ᠵᠣᠭᠰᠣᠭᠰᠠᠨ︾ ᠭᠡᠵᠦ ᠼᠦᠢ ᠰᠢᠶᠠ ᠶᠠᠷᠢᠨ᠎ᠠ᠃
ᠼᠦᠢ ᠰᠢᠶᠠ ᠰᠤᠷᠤᠯᠴᠠᠬᠤ ᠳᠤᠮᠳᠠ ᠪᠠᠨ ᠵᠢᠷᠤᠭ ᠵᠢᠷᠤᠬᠤ ᠮᠡᠷᠭᠡᠵᠢᠯ ᠪᠣᠯᠣᠨ ᠹᠠᠯᠠᠨ ᠤᠷᠠᠯᠠᠯ ᠢ ᠬᠠᠶᠢᠯᠴᠠᠨ ᠤᠶᠠᠯᠳᠤᠭᠤᠯᠬᠤ ᠶᠢᠨ ᠬᠠᠮᠲᠤ ᠪᠠᠰᠠ ᠭᠦᠭᠡᠬᠤᠳᠠ ᠶᠢᠨ ᠠᠯᠳᠠᠨ ᠭᠦᠪᠡᠭᠡ ᠲᠠᠢ ᠹᠠᠯᠠᠨ ᠵᠢᠷᠤᠭ ᠦᠢᠯᠡᠳᠬᠦ ᠶᠠᠪᠤᠴᠠ ᠶᠢ ᠡᠮᠬᠢᠯᠡᠭᠰᠡᠨ ᠪᠠᠶᠢᠨ᠎ᠠ᠃
ᠼᠦᠢ ᠰᠢᠶᠠ ᠶᠢᠨ ᠬᠡᠯᠡᠬᠦ ᠪᠠᠷ᠂ ᠠᠯᠳᠠᠨ ᠭᠦᠪᠡᠭᠡ ᠲᠠᠢ ᠹᠠᠯᠠᠨ ᠵᠢᠷᠤᠭ ᠪᠣᠯ ᠡᠩ ᠲᠡᠷᠢᠭᠦᠨ ᠳᠤ ᠵᠢᠷᠤᠭ ᠤᠷᠠᠯᠠᠯ ᠪᠠᠶᠢᠵᠤ᠂ ᠵᠣᠬᠢᠶᠠᠨ ᠪᠦᠲᠦᠭᠡᠬᠦ ᠬᠡᠷᠡᠭᠴᠡᠭᠡ ᠪᠠᠨ ᠦᠨᠳᠦᠰᠦᠯᠡᠨ ᠴᠠᠭᠠᠰᠤᠨ ᠳᠡᠭᠡᠷ᠎ᠡ ᠵᠢᠷᠤᠭ ᠲᠥᠯᠥᠪᠯᠡᠭᠡ ᠪᠠᠨ ᠭᠠᠷᠭᠠᠭᠰᠠᠨ ᠪ᠊ ᠲᠠᠷᠠᠭ᠎ᠠ᠂ ᠬᠢᠲᠠᠳ ᠵᠢᠷᠤᠭ ᠤᠨ ᠠᠷᠭ᠎ᠠ ᠪᠠᠷᠢᠯ ᠢᠶᠠᠷ ᠵᠢᠷᠤᠭ ᠢᠶᠠᠨ ᠭᠦᠪᠡᠭᠡᠯᠡᠭᠦ ᠬᠡᠰᠡᠭ ᠲᠡᠭᠡᠨ ᠵᠢᠷᠤᠵᠤ᠂ ᠲᠠᠷᠠᠭ᠎ᠠ ᠨᠢ ᠭᠦᠪᠡᠭᠡᠯᠡᠵᠤ᠂ ᠣᠬᠤᠷ ᠬᠠᠶᠢᠴᠢ᠂ ᠨᠠᠭᠠᠯᠲᠠ᠂ ᠬᠠᠪᠴᠢᠭᠤᠷ ᠵᠡᠷᠭᠡ ᠪᠠᠭᠠᠵᠢ ᠶᠢ ᠠᠰᠢᠭᠯᠠᠨ᠂ ᠠᠯᠳᠠ᠂ ᠭᠠᠤᠯᠢ᠂ ᠬᠥᠩᠭᠡᠨᠴᠠᠭᠠᠨ ᠵᠡᠷᠭᠡ ᠲᠡᠮᠦᠷᠯᠢᠭ ᠨᠠᠷᠢᠨ ᠤᠲᠠᠰᠤ ᠶᠢ ᠵᠢᠷᠤᠭᠰᠠᠨ ᠭᠡᠯᠪᠠᠷᠢ ᠳᠦᠷᠰᠦ ᠪᠠᠷ ᠰᠢᠭᠢᠳᠬᠡᠨ ᠣᠷᠢᠶᠠᠭᠰᠠᠨ ᠪ᠊ ᠲᠠᠷᠠᠭ᠎ᠠ ᠪᠤᠳᠤᠭ ᠣᠷᠣᠭᠤᠯᠵᠤ᠂ 6 - 12 ᠴᠠᠭ ᠪᠣᠯᠤᠭᠰᠠᠨ ᠬᠤᠶᠢᠨ᠎ᠠ ᠬᠤᠪᠠ ᠰᠢᠭ᠋ ᠭᠢᠯᠲᠠᠭᠠᠨᠠᠵᠤ᠂ ᠰᠢᠯ ᠰᠢᠭ ᠭᠠᠳᠠᠷᠭᠤ ᠲᠠᠢ ᠪᠤᠯᠳᠠᠭ ᠪᠠᠶᠢᠨ᠎ᠠ᠃
ᠭᠤᠶᠤ ᠰᠠᠶᠢᠬᠠᠨ ᠠᠯᠳᠠᠨ ᠭᠦᠪᠡᠭᠡ ᠲᠠᠢ ᠹᠠᠯᠠᠨ ᠵᠢᠷᠤᠭ ᠢᠩᠭᠢᠵᠦ ᠪᠦᠲᠦᠭᠡᠭᠳᠡᠳᠡᠭ ᠠᠵᠢ᠃
︽ᠪᠤᠢ ᠪᠦᠬᠦᠢ ᠶᠠᠪᠤᠴᠠ ᠶᠢᠨ ᠳᠤᠮᠳᠠ ᠣᠨᠴᠠᠭᠠᠶᠢᠯᠠᠨ ᠠᠩᠬᠠᠷᠤᠭᠤᠰᠢᠲᠠᠢ ᠨᠢ ᠭᠦᠪᠡᠭᠡᠯᠡᠭᠦ ᠦᠶᠡᠰ ᠠᠯᠳᠠᠨ ᠤᠲᠠᠰᠤᠨ ᠪ᠊ ᠵᠠᠯᠭᠠᠳᠠᠰᠤᠨ ᠪ᠊ ᠬᠡᠰᠡᠭ ᠢ ᠵᠠᠪᠠᠯ ᠵᠠᠢ ᠦᠭᠡᠢ ᠰᠠᠶᠢᠬᠠᠨ ᠪᠠᠶᠢᠯᠭᠠᠬᠤ ᠬᠡᠷᠡᠭᠲᠡᠢ᠃ ᠦᠭᠡᠢ ᠪᠣᠯ ᠪᠤᠳᠤᠭ ᠰᠠᠭᠤᠯᠭᠠᠬᠤ ᠦᠶᠡᠰ ᠪᠤᠳᠤᠭ ᠨᠢ ᠠᠮᠠᠷᠬᠠᠨ ᠭᠤᠭᠤᠵᠢᠨ᠎ᠠ᠃ ᠪᠤᠳᠤᠭ ᠰᠠᠭᠤᠯᠭᠠᠭᠰᠠᠨ ᠨᠢ ᠠᠮᠵᠢᠯᠲᠠ ᠲᠠᠢ ᠪᠣᠯᠤᠭᠰᠠᠨ ᠡᠰᠡᠬᠦ ᠶᠢᠨ ᠵᠠᠩᠭᠢᠯᠠᠭ᠎ᠠ ᠨᠢ ᠠᠯᠢ ᠲᠠᠯ᠎ᠠ ᠠᠴᠠ ᠨᠢ ᠬᠠᠷᠠᠭᠰᠠᠨ ᠴᠤ ᠲᠡᠭᠰᠢ ᠭᠥᠯᠢᠭᠡᠷ ᠪᠠᠶᠢᠬᠤ ᠳᠤ ᠣᠷᠣᠰᠢᠨ᠎ᠠ︾ ᠭᠡᠵᠦ ᠼᠦᠢ ᠰᠢᠶᠠ ᠶᠠᠷᠢᠨ᠎ᠠ᠃
ᠣᠨᠴᠠᠯᠢᠭ ᠨᠢ ᠢᠯᠡ ᠲᠣᠳᠣᠷᠬᠠᠢ ᠢᠷᠡᠭᠡᠳᠦᠢ ᠭᠡᠭᠡᠨ ᠰᠠᠷᠠᠭᠤᠯ
ᠠᠯᠳᠠᠨ ᠭᠦᠪᠡᠭᠡ ᠲᠠᠢ ᠹᠠᠯᠠᠨ ᠵᠢᠷᠤᠭ ᠤᠨ ᠰᠡᠳᠦᠪᠯᠡᠬᠦᠨ ᠨᠢ ᠤᠯᠠᠨ ᠵᠦᠢᠯ ᠳᠤ ᠬᠢᠵᠠᠭᠠᠷᠯᠠᠭᠳᠠᠬᠤ ᠦᠭᠡᠢ᠂ ᠬᠠᠷᠠᠭ᠎ᠠ ᠭᠦᠷᠦᠭᠰᠡᠨ ᠭᠠᠵᠠᠷ ᠦᠵᠡᠮᠵᠢ ᠪᠣᠯᠵᠤ᠂ ᠵᠢᠷᠤᠭ ᠤᠨ ᠪᠢᠷ ᠢᠶᠠᠷ ᠢᠯᠡᠳᠬᠡᠵᠦ ᠦᠯᠦ ᠴᠢᠳᠠᠬᠤ ᠤᠨᠴᠠᠭᠠᠢ ᠪᠣᠰᠤᠭ᠎ᠠ ᠴᠣᠭᠴᠠᠲᠤ ᠤᠷᠠᠯᠢᠭ ᠤᠨ ᠦᠷ᠎ᠡ ᠪᠦᠳᠦᠮᠵᠢ ᠲᠠᠢ ᠪᠠᠶᠢᠵᠤ᠂ ᠡᠯ᠎ᠡ ᠵᠦᠢᠯ ᠤᠨ ᠵᠢᠷᠤᠭ ᠤᠨ ᠣᠨᠴᠠᠯᠢᠭ ᠢ ᠬᠠᠳᠠᠭᠠᠯᠠᠭᠰᠠᠨ ᠠᠴᠠ ᠭᠠᠳᠠᠨ᠎ᠠ ᠪᠠᠰᠠ ᠰᠢᠯ ᠪᠤᠳᠤᠭ ᠤᠨ ᠪᠠᠶᠢᠭᠠᠯᠢᠯᠢᠭ ᠰᠠᠶᠢᠬᠠᠨ ᠢ ᠬᠠᠳᠠᠭᠠᠯᠠᠵᠤ᠂ ᠪᠦᠲᠦᠴᠡ ᠨᠢ ᠬᠠᠲᠠᠭᠤ᠂ ᠥᠨᠳᠥᠷ ᠬᠠᠯᠠᠭᠤᠨ ᠠᠴᠠ ᠠᠶᠤᠬᠤ ᠦᠭᠡᠢ᠂ ᠤᠰᠤ ᠴᠢᠭᠢᠭ ᠠᠴᠠ ᠠᠶᠤᠬᠤ ᠦᠭᠡᠢ᠂ ᠥᠩᠭᠡ ᠪᠤᠳᠤᠭ ᠨᠢ ᠤᠨᠠᠬᠤ ᠦᠭᠡᠢ᠂ ᠪᠣᠬᠢᠷᠳᠤᠯ ᠦᠭᠡᠢ᠂ ᠤᠳᠠᠭᠠᠨ ᠬᠠᠳᠠᠭᠠᠯᠠᠵᠤ ᠪᠤᠯᠳᠠᠭ ᠵᠡᠷᠭᠡ ᠣᠨᠴᠠᠯᠢᠭ ᠢᠶᠠᠷ ᠢᠶᠠᠨ ᠵᠠᠬ᠎ᠠ ᠳᠡᠯᠭᠡᠭᠦᠷ ᠤᠨ ᠬᠦᠷᠢᠶᠡᠯᠡᠯ ᠢ ᠣᠯᠵᠠᠢ᠃
ᠤᠯᠠᠨ ᠵᠢᠯ ᠤᠨ ᠲᠤᠷᠰᠢ ᠼᠦᠢ ᠰᠢᠶᠠ ︽ᠨᠠᠢᠮᠠᠨ ᠰᠢᠷᠭ᠎ᠠ︾᠂ ︽ᠯᠤᠤ ᠭᠠᠷᠤᠳᠢ ᠬᠤᠣᠰᠯᠠᠭᠰᠠᠨ ᠥᠯᠵᠡᠢ ᠪᠡᠯᠭᠡ︾᠂ ︽ᠮᠢᠩᠭᠠᠨ ᠭᠠᠵᠠᠷ ᠤᠨ ᠠᠭᠤᠯᠠ ᠤᠰᠤᠨ ᠪ᠊ ᠵᠢᠷᠤᠭ︾ ᠵᠡᠷᠭᠡ ᠤᠯᠠᠨ ᠤᠯᠠᠨ ᠲᠥᠯᠥᠭᠡᠯᠡᠭᠴᠢ ᠪᠦᠲᠦᠭᠡᠯ ᠢᠶᠠᠨ ᠵᠣᠬᠢᠶᠠᠨ ᠪᠦᠲᠦᠭᠡᠭᠰᠡᠨ ᠪᠠᠶᠢᠨ᠎ᠠ᠃ ᠢᠯᠠᠩᠭᠤᠶ᠎ᠠ ᠲᠡᠭᠦᠨ ᠪ᠊ ᠵᠣᠬᠢᠶᠠᠨ ᠪᠦᠲᠦᠭᠡᠭᠰᠡᠨ ︽ᠠᠷᠪᠠᠨ ᠬᠤᠶᠠᠷ ᠵᠢᠯ︾ ᠨᠢ ᠥᠪᠥᠷ ᠮᠣᠩᠭᠤᠯ ᠤᠨ ᠣᠨᠴᠠᠯᠢᠭ ᠢ ᠠᠭᠤᠰᠬᠠᠵᠤ᠂ ᠠᠷᠪᠠᠨ ᠬᠤᠶᠠᠷ ᠵᠢᠯ ᠤᠨ ᠠᠮᠢᠳᠠᠨ ᠪᠣᠯᠭᠠᠨ ᠢ ᠠᠮᠢᠳᠤᠯᠢᠭ ᠰᠠᠶᠢᠬᠠᠨ ᠵᠣᠬᠢᠶᠠᠨ ᠪᠦᠲᠦᠭᠡᠭᠰᠡᠨ ᠢᠶᠠᠷ ᠦᠵᠡᠭᠰᠡᠨ ᠪᠣᠯᠭᠠᠨ ᠢ ᠱᠠᠭᠰᠢᠷᠠᠭᠤᠯᠵᠤ᠂ ᠾᠧᠪᠧᠢ ᠶᠢᠨ ᠨᠢᠭᠡᠨ ᠬᠡᠷᠡᠭᠯᠡᠭᠴᠢ ᠪᠠᠭ᠋ᠠᠷᠬᠠᠬᠤ ᠶᠢᠨ ᠶᠡᠬᠡᠪᠡᠷ ᠪᠠᠭ᠋ᠠᠷᠬᠠᠵᠤ᠂ ᠥᠨᠳᠥᠷ ᠦᠨ᠎ᠡ ᠪᠠᠷ ᠬᠤᠳᠠᠯᠳᠤᠨ ᠠᠪᠤᠭᠰᠠᠨ ᠪᠠᠶᠢᠨ᠎ᠠ᠃
ᠥᠪᠯᠡᠨ ᠤᠯᠠᠮᠵᠢᠯᠠᠬᠤ ᠵᠠᠮ ᠳᠤ ᠼᠦᠢ ᠰᠢᠶᠠ ᠭᠠᠭᠴᠠᠭᠠᠷ ᠪᠢᠰᠢ᠃
ᠤᠯᠠᠨ ᠵᠢᠯ ᠤᠨ ᠡᠮᠦᠨ᠎ᠡ ᠤᠯᠠᠮᠵᠢᠯᠠᠯᠲᠤ ᠴᠠᠭᠠᠰᠤᠨ ᠬᠠᠶᠢᠴᠢᠯᠠᠮᠠᠯ ᠢ ᠵᠣᠬᠢᠶᠠᠨ ᠪᠦᠲᠦᠭᠡᠵᠦ ᠪᠠᠶᠢᠭ᠎ᠠ ᠦᠶᠡᠰ᠂ ᠲᠠᠷᠠ ᠪᠦᠷ 10 ᠭᠠᠷᠤᠢ ᠱᠠᠪᠢ ᠬᠥᠮᠥᠵᠢᠭᠦᠯᠵᠦ᠂ ᠡᠭᠦᠨ ᠳᠤ ᠭᠡᠷ ᠪᠦᠯᠢ ᠶᠢᠨ ᠡᠵᠡᠭᠲᠡᠢ᠂ ᠠᠵᠢᠯ ᠠᠯᠳᠠᠭᠰᠠᠨ ᠡᠮᠡᠭᠲᠡᠢ᠂ ᠵᠡᠮᠳᠡᠭ ᠬᠥᠮᠥᠨ ᠵᠡᠷᠭᠡ ᠪᠤᠢ᠃ ᠼᠦᠢ ᠰᠢᠶᠠ ᠠᠯᠳᠠᠨ ᠭᠦᠪᠡᠭᠡ ᠲᠠᠢ ᠹᠠᠯᠠᠨ ᠵᠢᠷᠤᠭ ᠢ ᠰᠤᠷᠤᠬᠰᠠᠨ ᠪ᠊ ᠲᠠᠷᠠᠭ᠎ᠠ ᠪᠠᠰᠠ ᠡᠳᠡᠭᠡᠷ ᠱᠠᠪᠢ ᠨᠠᠷ ᠲᠠᠭᠠᠨ ᠵᠢᠭᠠᠵᠠᠢ᠃
ᠼᠦᠢ ᠰᠢᠶᠠ ᠲᠠᠰᠤᠷᠠᠯᠳᠠ ᠦᠭᠡᠢ ᠴᠢᠷᠮᠠᠶᠢᠯᠭ᠎ᠠ ᠪᠠᠷ ᠲᠠᠮᠵᠢᠨ ᠵᠣᠬᠢᠶᠠᠨ ᠪᠦᠲᠦᠭᠡᠬᠦ ᠰᠤᠳᠤᠯᠬᠤ᠂ ᠦᠢᠯᠡᠳᠪᠦᠷᠢᠯᠡᠵᠦ ᠡᠳ᠋ᠰᠢᠭᠦᠯᠬᠦ᠂ ᠮᠡᠷᠭᠡᠵᠢᠯ ᠤᠨ ᠪᠣᠯᠪᠠᠰᠤᠷᠠᠯ᠂ ᠠᠵᠢᠯ ᠣᠯᠭᠤᠯᠲᠠ ᠪᠠᠷ ᠳᠡᠮᠵᠢᠬᠦ᠂ ᠰᠢᠯᠢᠳᠡᠭ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ᠂ ᠬᠡᠯᠬᠢᠶᠡᠲᠦ ᠪᠣᠷᠤᠯᠠᠭᠤᠯᠭ᠎ᠠ ᠵᠢᠴᠢ ᠡᠯᠧᠺᠲᠷᠣᠨ ᠠᠷᠠᠯᠵᠢᠶᠠᠨ ᠪ᠊ ᠲᠠᠪᠴᠠᠩ ᠵᠡᠷᠭᠡ ᠰᠢᠷᠢᠰ ᠦᠢᠯᠡᠴᠢᠯᠡᠭᠡ ᠶᠢ ᠨᠢᠭᠡ ᠴᠣᠭᠴᠠᠵᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠤᠨ ᠠᠵᠤ ᠦᠢᠯᠡᠰ ᠤᠨ ᠡᠵᠡᠩᠨᠡᠯᠲᠡ ᠶᠢ ᠲᠤᠰᠬᠠᠶᠢᠵᠢᠭᠤᠯᠤᠨ ᠦᠢᠯᠡᠴᠢᠯᠡᠬᠦ ᠲᠠᠪᠴᠠᠩ ᠪᠠᠶᠢᠭᠤᠯᠵᠤ᠂ ᠨᠢᠭᠡ ᠪᠦᠯᠦᠭ ᠬᠥᠮᠥᠨ ᠢ ᠲᠠᠶᠢᠴᠢᠯᠡᠨ ᠳᠠᠭᠠᠭᠤᠯᠵᠤ᠂ ᠲᠡᠳᠡᠨᠡᠷ ᠤᠨ ᠠᠵᠢᠯ ᠣᠯᠬᠤ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃
︽ᠣᠳᠣᠬᠠᠨ ᠳᠤ ᠪᠢ ᠭᠤᠣᠯ ᠬᠦᠴᠦ ᠪᠠᠨ ᠵᠢᠷᠤᠵᠤ ᠲᠥᠰᠥᠪᠯᠡᠬᠦ ᠳᠡᠭᠡᠷ᠎ᠡ ᠲᠠᠯᠪᠢᠵᠤ᠂ ᠥᠪᠥᠷ ᠮᠣᠩᠭᠤᠯ ᠤᠨ ᠣᠨᠴᠠᠯᠢᠭ ᠲᠠᠢ ᠠᠯᠳᠠᠨ ᠭᠦᠪᠡᠭᠡ ᠲᠠᠢ ᠹᠠᠯᠠᠨ ᠵᠢᠷᠤᠭ ᠨᠡᠩ ᠶᠡᠭᠡ ᠨᠥᠯᠥᠭᠡ ᠲᠠᠢ ᠪᠣᠯᠵᠤ᠂ ᠥᠪᠥᠷ ᠮᠣᠩᠭᠤᠯ ᠢ ᠤᠬᠠᠭᠤᠯᠬᠤ ᠨᠢᠭᠡᠨ ᠬᠤᠪᠢ ᠨᠡᠷ᠎ᠡ ᠶᠢᠨ ᠬᠠᠭᠤᠳᠠᠰᠤ ᠪᠤᠯᠬᠤ ᠶᠢ ᠬᠦᠰᠡᠵᠦ ᠪᠤᠢ︾ ᠭᠡᠵᠦ ᠼᠦᠢ ᠰᠢᠶᠠ ᠬᠦᠰᠡᠯ ᠪᠤᠳᠤᠯ ᠢᠶᠠᠨ ᠳᠡᠯᠭᠡᠨ᠎ᠡ᠃